ᠮᠠᠨ ᠤ ᠰᠢᠶᠠᠨ ᠤ ᠴᠣᠣᠶᠠᠩ ᠪᠠᠯᠭᠠᠰᠤ ᠭᠤᠣᠯ ᠪᠣᠯᠬᠤ ᠮᠠᠯ ᠵᠢᠭᠦᠷᠲᠡᠨ ᠤ ᠬᠢᠨᠠᠨ ᠬᠡᠮᠵᠢᠯᠲᠡ ᠶᠢᠨ ᠪᠠᠶᠢᠴᠠᠭᠠᠯᠲᠠ ᠶᠢᠨ ᠵᠠᠭᠪᠤᠷ ᠢ ᠡᠭᠡᠯᠵᠢᠯᠡᠨ ᠰᠣᠯᠢᠬᠤ ᠠᠵᠢᠯ ᠤᠨ ᠳᠠᠶᠢᠴᠢᠯᠠᠯᠲᠠ ᠶᠢᠨ ᠪᠠᠶᠢᠷᠢᠯᠠᠭᠤᠯᠤᠯᠲᠠ ᠵᠢᠴᠢ ᠪᠠᠶᠢᠳᠠᠯ ᠢ ᠣᠶᠢᠯᠠᠭᠠᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/11
    ᠴᠣᠣᠶᠠᠩ ᠪᠠᠯᠭᠠᠰᠤᠨ ᠤ 2023 ᠣᠨ ᠤ ᠮᠠᠯ ᠵᠢᠭᠦᠷᠲᠡᠨ ᠤ ᠬᠢᠨᠠᠨ ᠬᠡᠮᠵᠢᠯᠲᠡ ᠶᠢᠨ ᠪᠠᠶᠢᠴᠠᠭᠠᠯᠲᠠ ᠶᠢᠨ ᠵᠠᠭᠪᠤᠷ ᠢ ᠡᠭᠡᠯᠵᠢᠯᠡᠨ ᠰᠣᠯᠢᠬᠤ ᠠᠵᠢᠯ ᠢ ᠲᠣᠭᠲᠠᠭᠤᠨ ᠢᠶᠠᠷ ᠥᠷᠨᠢᠭᠦᠯᠬᠦ ᠶᠢ ᠠᠬᠢᠭᠤᠯᠵᠤ᠂ ᠮᠠᠨ ᠤ ᠪᠠᠯᠭᠠᠰᠤᠨ ᠤ ᠣᠳᠣᠬᠠᠨ ᠤ ᠭᠤᠣᠯ ᠪᠣᠯᠬᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠳᠡᠬᠦ ᠶᠢᠨ ᠲᠦᠯᠦᠭᠡ᠂ 4 ᠰᠠᠷ᠎ᠠ ᠶᠢᠨ 11  ᠤ ᠡᠳᠦᠷ᠂ ᠴᠣᠣᠶᠠᠩ ᠪᠠᠯᠭᠠᠰᠤ ᠶᠢᠨ ᠬᠢᠨ ᠭᠤᠣᠯ ᠪᠣᠯᠬᠤ ᠮᠠᠯ ᠵᠢᠭᠦᠷᠲᠡᠨ ᠤ ᠬᠢᠨᠠᠨ ᠬᠡᠮᠵᠢᠯᠲᠡ ᠶᠢᠨ ᠪᠠᠶᠢᠴᠠᠭᠠᠯᠲᠠ ᠶᠢᠨ ᠵᠠᠭᠪᠤᠷ ᠢ ᠡᠭᠡᠯᠵᠢᠯᠡᠨ ᠰᠣᠯᠢᠬᠤ ᠠᠵᠢᠯ ᠤᠨ ᠳᠠᠶᠢᠴᠢᠯᠠᠯᠲᠠ ᠶᠢᠨ ᠪᠠᠶᠢᠷᠢᠯᠠᠭᠤᠯᠤᠯᠲᠠ ᠵᠢᠴᠢ ᠪᠠᠶᠢᠳᠠᠯ ᠢ ᠣᠶᠢᠯᠠᠭᠠᠬᠤ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠂ ᠬᠤᠷᠠᠯ ᠢ ᠪᠠᠯᠭᠠᠰᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠹᠧᠩ ᠪᠢᠨ ᠡᠷᠬᠢᠯᠡᠵᠦ᠂ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ᠂ ᠡᠯ᠎ᠡ ᠲᠣᠰᠬᠤᠨ ᠤ ︽ᠬᠤᠶᠠᠷ ᠵᠥᠪᠯᠡᠯ︾  ᠤᠨ ᠺᠠᠳ᠋ᠷ ᠬᠤᠷᠠᠯ ᠳᠤ ᠣᠷᠣᠯᠴᠠᠪᠠ᠃

20.png

    ᠬᠤᠷᠠᠯ ᠳᠡᠭᠡᠷ᠎ᠡ ᠦᠯᠢᠭᠡᠷ ᠬᠡᠪ ᠢ ᠡᠭᠡᠯᠵᠢᠯᠡᠨ ᠰᠣᠯᠢᠵᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ

ᠪᠦᠬᠦ ᠲᠠᠯ᠎ᠠ  ᠪᠠᠷ ᠲᠦᠯᠬᠢᠨ ᠠᠬᠢᠭᠤᠯᠬᠤ ᠲᠤᠬᠠᠢ ᠨᠠᠷᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠭᠤᠣᠯ

ᠪᠣᠯᠬᠤ ᠮᠠᠯ ᠵᠢᠭᠦᠷᠲᠡᠨ ᠤ ᠦᠯᠢᠭᠡᠷ ᠢ ᠡᠭᠡᠯᠵᠢᠯᠡᠨ ᠰᠣᠯᠢᠵᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠲᠥᠰᠥᠯ ᠢ

ᠲᠠᠶᠢᠯᠪᠤᠷᠢᠯᠠᠬᠤ ᠶᠢᠨ ᠬᠠᠮᠲᠤ ᠮᠠᠯ ᠵᠢᠭᠦᠷᠲᠡᠨ ᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢᠨ

ᠲᠤᠬᠠᠢ ᠪᠣᠯᠪᠠᠰᠤᠷᠠᠯ ᠬᠢᠵᠦ᠂ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠬᠦᠰᠦᠨᠦᠭᠲᠦ ᠶᠢᠨ ᠭᠦᠢᠴᠡᠳᠬᠡᠯ ᠲᠤᠭ᠎ᠠ

ᠪᠣᠯᠣᠨ ᠲᠠᠭᠯᠠᠨ ᠮᠡᠳᠡᠭᠦᠯᠬᠦ ᠳᠤ ᠠᠩᠬᠠᠷᠬᠤ ᠵᠦᠢᠯᠡᠰ ᠲᠤ ᠨᠠᠷᠢᠨ ᠲᠣᠳᠣᠷᠬᠠᠶᠢᠯᠠᠯᠲᠠ ᠬᠢᠵᠦ᠂ ᠬᠥᠮᠥᠨ ᠪᠣᠯᠭᠠᠨ

ᠪᠣᠯᠪᠠᠰᠤᠷᠠᠩᠭᠤᠢ ᠮᠡᠳᠡᠬᠦ ᠶᠢ ᠪᠠᠲᠤᠯᠠᠵᠤ᠂ ᠲᠤᠰ ᠡᠭᠡᠯᠵᠢ ᠶᠢᠨ ᠦᠯᠢᠭᠡᠷ ᠢ ᠡᠭᠡᠯᠵᠢᠯᠡᠨ ᠰᠣᠯᠢᠬᠤ ᠠᠵᠢᠯ ᠢ ᠴᠠᠭ

ᠲᠤᠬᠠᠢ ᠳᠤᠨᠢ ᠴᠢᠨᠠᠷ ᠶᠣᠰᠣᠭᠠᠷ ᠪᠡᠶᠡᠯᠡᠭᠦᠯᠪᠡ᠃

    ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠭᠰᠣᠴᠠ ᠪᠠᠨ

ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠣᠰᠬᠤᠨ ᠤ ᠬᠢᠨ ᠲᠤᠰ ᠤᠳᠠᠭ᠎ᠠ ᠶᠢᠨ ᠡᠭᠡᠯᠵᠢᠯᠡᠨ ᠰᠣᠯᠢᠬᠤ ᠠᠵᠢᠯ ᠤᠨ

ᠴᠢᠬᠤᠯᠠ ᠴᠢᠨᠠᠷ ᠢ ᠭᠦᠢᠴᠡᠳ ᠭᠦᠨᠵᠡᠭᠡᠢ ᠲᠠᠨᠢᠵᠤ᠂ ᠪᠦᠬᠦ ᠪᠠᠯᠭᠠᠰᠤᠨ ᠤ ᠭᠤᠣᠯ ᠪᠣᠯᠬᠤ ᠮᠠᠯ ᠵᠢᠭᠦᠷᠲᠡᠨ ᠢ ᠲᠡᠵᠢᠭᠡᠨ

ᠦᠷᠡᠵᠢᠭᠦᠯᠬᠦ ᠦᠢᠯᠡᠳᠪᠦᠷᠢᠯᠡᠯ ᠤᠨ ᠣᠳᠣᠬᠢ ᠪᠠᠶᠢᠳᠠᠯ ᠢ ᠭᠦᠢᠴᠡᠳ ᠣᠶᠢᠯᠠᠭᠠᠵᠤ᠂ ᠮᠠᠨ ᠤ ᠪᠠᠯᠭᠠᠰᠤᠨ ᠤ ᠮᠠᠯ ᠠᠵᠤ

ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠳᠤ ᠠᠰᠢᠭᠲᠠᠢ ᠪᠠᠶᠢᠬᠤ ᠪᠠᠷ ᠪᠠᠷᠠᠬᠤ ᠦᠭᠡᠢ᠂ ᠨᠡᠩ ᠴᠤ

ᠪᠦᠬᠦ ᠰᠢᠶᠠᠨ ᠤ ᠭᠤᠣᠯ ᠪᠣᠯᠬᠤ ᠮᠠᠯ ᠵᠢᠭᠦᠷᠲᠡᠨ ᠢ ᠬᠢᠨᠠᠨ ᠬᠡᠮᠵᠢᠬᠦ ᠵᠠᠭᠪᠤᠷ ᠢ ᠡᠭᠡᠯᠵᠢᠯᠡᠨ ᠰᠣᠯᠢᠬᠤ ᠳᠤ ᠰᠠᠭᠤᠷᠢ

ᠮᠠᠲ᠋ᠧᠷᠢᠶᠠᠯ ᠬᠠᠩᠭᠠᠵᠤ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠶᠢᠳᠠᠯ ᠢ ᠣᠶᠢᠯᠠᠭᠠᠬᠤ

ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠃ ᠬᠤᠶᠠᠷ ᠲᠤ ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠢᠶᠠᠨ

ᠬᠥᠮᠥᠨ ᠳᠤ ᠬᠦᠷᠲᠡᠯ᠎ᠡ ᠬᠤᠪᠢᠶᠠᠷᠢᠯᠠᠬᠤ ᠬᠡᠷᠡᠭᠲᠡᠢ᠃ ᠡᠯ᠎ᠡ ᠲᠣᠰᠬᠤᠨ ᠤ ᠬᠢᠨ ᠠᠵᠢᠯ ᠤᠨ ᠲᠤᠰᠬᠠᠢ ᠠᠩᠭᠢ ᠶᠢ

ᠵᠣᠬᠢᠶᠠᠨ ᠪᠠᠶᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠭᠦᠷᠭᠡᠯᠡᠯ ᠢ ᠴᠢᠩᠭᠠᠳᠬᠠᠵᠤ᠂ ᠡᠭᠦᠷᠭᠡ ᠶᠢ

ᠲᠣᠳᠣᠷᠬᠠᠶᠢᠯᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠥᠰᠥᠯ ᠢ ᠴᠢᠩᠭ᠎ᠠ ᠬᠡᠷᠡᠭᠵᠢᠭᠦᠯᠵᠦ᠂

ᠲᠣᠰᠬᠤᠨ ᠡᠷᠦᠬᠡ ᠳᠠᠷᠠᠭᠠᠯᠠᠨ ᠮᠠᠯ ᠵᠢᠭᠦᠷᠲᠡᠨ ᠤ ᠬᠢᠨᠠᠨ ᠬᠡᠮᠵᠢᠯᠲᠡ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ

ᠬᠢᠬᠦ ᠶᠢᠨ ᠬᠠᠮᠲᠤ ᠳᠠᠩᠰᠠᠯᠠᠨ ᠳᠡᠪᠲᠡᠷᠯᠡᠵᠦ᠂ ᠨᠢᠭᠡ ᠡᠷᠦᠬᠡ ᠨᠢᠭᠡ ᠮᠠᠯ ᠵᠢᠭᠦᠷᠲᠡᠨ ᠢ ᠣᠷᠬᠢᠭᠳᠠᠭᠤᠯᠬᠤ ᠦᠭᠡᠢ

ᠪᠠᠶᠢᠬᠤ ᠶᠢ ᠪᠠᠲᠤᠯᠠᠬᠤ ᠬᠡᠷᠡᠭᠲᠡᠢ ᠃ ᠭᠤᠷᠪᠠ ᠳᠤ᠂ ᠦᠨᠡᠨ ᠠᠴᠠ ᠵᠥᠪ ᠢ ᠡᠷᠢᠵᠦ᠂ ᠲᠤᠭ᠎ᠠ ᠪᠠᠷᠢᠮᠲᠠ ᠶᠢᠨ ᠶᠠᠰᠤ

ᠴᠢᠨᠠᠷ ᠢ ᠪᠠᠲᠤᠯᠠᠬᠤ ᠬᠡᠷᠡᠭᠲᠡᠢ᠃ ᠪᠠᠶᠢᠴᠠᠭᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠦᠨᠡᠨ ᠠᠴᠠ ᠵᠥᠪ ᠢ

ᠡᠷᠢᠵᠦ ᠦᠨᠡᠨ ᠮᠥᠨ ᠢᠶᠠᠷ ᠨᠢ ᠳᠡᠭᠡᠭᠰᠢ ᠮᠡᠳᠡᠭᠦᠯᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ

ᠪᠣᠭᠤᠮᠲᠠ ᠶᠢ ᠡᠷᠡᠰ ᠡᠵᠡᠮᠳᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠨᠠᠷᠢᠯᠢᠭ ᠣᠨᠤᠴᠢᠲᠠᠢ ᠴᠢᠨᠠᠷ ᠢ

ᠪᠠᠲᠤᠯᠠᠵᠤ᠂ ᠲᠤᠰ ᠤᠳᠠᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠴᠢᠨᠠᠷ ᠪᠠ ᠲᠤᠭ᠎ᠠ

ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ᠃

‍ᠣᠬᠢᠶᠠᠭᠴᠢ᠄ ᠴᠣᠣᠶᠠᠩ ᠪᠠᠯᠭᠠᠰᠤ

ᠣᠷᠴᠢᠭᠤᠯᠤᠭᠴᠢ᠄ ᠣᠳᠣᠨᠭᠡᠷᠡᠯ 

ᠢᠷᠡᠯᠲᠡ᠄ ᠴᠣᠣᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

 
ᠢᠷᠡᠯᠲᠡ᠄ ᠴᠣᠣᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2