︽12345︾ ᠲᠠᠪᠴᠠᠩ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠯᠠᠨ ᠲᠦᠮᠡᠨ ᠤ ᠨᠡᠪᠲᠡᠷᠡᠯᠴᠡᠭᠡ ᠶᠢᠨ ︽ᠬᠤᠯᠪᠣᠯᠳᠤᠭᠰᠠᠨ ᠬᠥᠭᠦᠷᠭᠡ︾ ᠶᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/4/11
    ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ︽ᠰᠤᠷᠲᠠᠯ ᠢ ᠰᠠᠶᠢᠵᠢᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢᠨ ᠳᠥᠷᠪᠡᠳᠦᠭᠡᠷ ᠱᠠᠲᠤᠨ ᠤ ᠬᠠᠷᠠᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽12345︾ ᠲᠠᠪᠴᠠᠩ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠦᠢᠴᠡᠳᠬᠡᠬᠦ ᠶᠠᠪᠤᠴᠠ ᠶᠢ ᠵᠢᠷᠤᠮᠵᠢᠭᠤᠯᠤᠨ᠂ ᠮᠠᠨ ᠤ ᠰᠢᠶᠠᠨ ᠤ 12345 ᠬᠠᠯᠠᠭᠤᠨ ᠤᠲᠠᠰᠤᠨ ᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠦᠯᠦᠭᠡ᠂ 4 ᠰᠠᠷ᠎ᠠ ᠶᠢᠨ 10  ᠤ ᠦᠳᠡ ᠶᠢᠨ ᠬᠤᠶᠢᠨ᠎ᠠ᠂ ᠬᠤᠸᠠᠳᠧ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠪᠣᠯᠪᠠᠰᠤᠷᠠᠯ ᠤᠨ ᠬᠤᠷᠠᠯ ᠥᠷᠨᠢᠭᠦᠯᠪᠡ᠃ ᠪᠦᠬᠦ ᠰᠢᠶᠠᠨ ᠤ 20 ᠳᠠᠭᠠᠭᠠᠨ ᠡᠷᠬᠢᠯᠡᠬᠦ ᠨᠢᠭᠡᠴᠡ ᠶᠢᠨ 24 ᠢᠯᠡᠭᠦᠦ ᠬᠥᠮᠥᠨ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃

001.jpg

    ᠪᠣᠯᠪᠠᠰᠤᠷᠠᠯ ᠤᠨ ᠬᠤᠷᠠᠯ ᠳᠡᠭᠡᠷ᠎ᠡ᠂ ᠰᠢᠶᠠᠨ ᠤ 12345 ᠬᠠᠯᠠᠭᠤᠨ ᠤᠲᠠᠰᠤᠨ ᠤ ᠠᠵᠢᠯ ᠤᠨ ᠥᠷᠲᠡᠭᠡ ᠨᠢ

ᠬᠠᠯᠠᠭᠤᠨ ᠤᠲᠠᠰᠤᠨ ᠤ ᠬᠢᠨᠠᠨ ᠰᠢᠯᠭᠠᠯᠲᠠ᠂ ᠠᠵᠢᠯ ᠤᠨ ᠬᠠᠭᠤᠳᠠᠰᠤ ᠶᠢ ᠰᠢᠢᠳᠪᠦᠷᠢᠯᠡᠬᠦ᠂ ᠮᠡᠳᠡᠯᠭᠡ ᠶᠢᠨ

ᠬᠥᠮᠥᠷᠭᠡ ᠶᠢᠨ ᠬᠡᠷᠡᠭᠯᠡᠯᠲᠡ ᠬᠠᠮᠠᠭᠠᠯᠠᠯᠲᠠ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠲᠠᠯ᠎ᠠ ᠪᠠᠷ ᠨᠠᠷᠢᠨ ᠨᠢᠮᠪᠠᠢ

ᠪᠣᠯᠪᠠᠰᠤᠷᠠᠯ ᠬᠢᠭᠰᠡᠨ ᠪᠠᠶᠢᠨ᠎ᠠ᠃ ᠡᠭᠦᠨ ᠤ ᠬᠠᠮᠲᠤ ᠭᠤᠮᠣᠳᠠᠯ ᠱᠠᠭᠠᠷᠳᠠᠯᠭ᠎ᠠ ᠳᠤ ᠬᠡᠷᠬᠢᠨ ᠣᠨᠣᠪᠴᠢᠲᠠᠶ

ᠬᠠᠷᠢᠭᠤᠯᠲᠠ ᠥᠭᠬᠦ ᠲᠤᠬᠠᠢ ᠴᠢᠬᠤᠯᠠᠴᠢᠯᠠᠭᠰᠠᠨ ᠪᠠᠶᠢᠨ᠎ᠠ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠢᠭᠰᠠᠭᠠᠨ

ᠲᠣᠭᠠᠴᠢᠬᠤ ᠪᠠᠷ ᠳᠠᠮᠵᠢᠭᠤᠯᠤᠨ ᠬᠡᠪ ᠵᠠᠭᠪᠤᠷ ᠨᠢ ᠵᠢᠷᠤᠮᠵᠢᠯ ᠲᠠᠢ᠂ ᠬᠠᠷᠠᠭᠠᠰᠤ ᠨᠢ ᠣᠨᠣᠪᠴᠢᠲᠠᠢ᠂ ᠣᠪᠣᠷ ᠨᠢ

ᠦᠨᠡᠨᠴᠢ ᠪᠠᠶᠢᠬᠤ ᠵᠡᠷᠭᠡ ᠲᠠᠯ᠎ᠠ ᠪᠠᠷ ᠵᠠᠳᠠᠯᠤᠯᠲᠠ ᠬᠢᠵᠦ᠂ 12345 ᠬᠤᠳᠠ ᠶᠢᠨ ᠠᠷᠠᠳ ᠤᠨ ᠦᠢᠯᠡᠴᠢᠯᠡᠭᠡᠨ ᠤ

ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠭᠦᠢᠴᠡᠳᠬᠡᠬᠦ ᠴᠢᠳᠠᠪᠤᠷᠢ ᠵᠢᠴᠢ ᠦᠷ᠎ᠡ ᠪᠦᠲᠦᠮᠵᠢ ᠶᠢ ᠤᠯᠠᠮ

ᠨᠢᠭᠡ ᠠᠯᠬᠤᠮ ᠳᠡᠭᠡᠭᠰᠢᠯᠡᠭᠦᠯᠵᠦ᠂ ᠤᠯᠠᠨ ᠲᠦᠮᠡᠨ ᠤ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ ᠦᠭᠡᠢ

ᠨᠠᠪᠲᠠᠷᠡᠭᠦᠯᠵᠦ᠂ ᠰᠠᠭᠤᠭᠠᠯᠢ ᠠᠷᠠᠳ ᠲᠤ ᠨᠡᠩ ᠰᠠᠶᠢᠨ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠪᠣᠳᠠᠲᠠᠢ

ᠶᠠᠪᠤᠳᠠᠯ ᠬᠢᠵᠦ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠪᠠ ᠡᠶ᠎ᠡ ᠵᠣᠬᠢᠴᠠᠩᠭᠤᠢ ᠨᠡᠶᠢᠭᠡᠮ ᠤᠨ

ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ ᠃

002.jpg

 

    ᠬᠤᠸᠠᠳᠧ ᠰᠢᠶᠠᠨ ᠤ 12345 ᠬᠠᠯᠠᠮᠰᠢᠯ ᠤᠲᠠᠰᠤ ᠶᠢ ᠰᠢᠯᠵᠢᠭᠦᠯᠦᠨ ᠭᠦᠢᠴᠡᠳᠬᠡᠬᠦ ᠠᠯᠪᠠᠨ ᠭᠡᠷ

ᠦᠷᠭᠦᠯᠵᠢᠯᠡᠨ ︽ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ︾ ᠭᠡᠬᠦ ᠣᠪᠣᠷ ᠢᠶᠠᠷ ᠤᠯᠠᠨ

ᠲᠦᠮᠡᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠬᠠᠯᠠᠮᠰᠢᠯ ᠤᠲᠠᠰᠤ ᠶᠢᠨ

ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠠᠲᠤᠳᠬᠠᠵᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ

ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠳᠤᠲᠠᠭᠤ ᠶᠢ

ᠪᠠᠶᠢᠴᠠᠭᠠᠨ ᠨᠥᠬᠦᠪᠦᠷᠢᠯᠡᠵᠦ᠂ ᠠᠵᠢᠯ ᠤᠨ ᠬᠠᠭᠤᠳᠠᠰᠤ ᠭᠦᠢᠴᠡᠳᠬᠡᠬᠦ ᠶᠠᠰᠤ ᠴᠢᠨᠠᠷ ᠪᠣᠯᠣᠨ ᠦᠷ᠎ᠡ ᠪᠦᠲᠦᠮᠵᠢ ᠶᠢ

ᠳᠡᠭᠡᠭᠰᠢᠯᠡᠭᠦᠯᠦᠨ᠎ᠡ᠃ ᠡᠯ᠎ᠡ ᠳᠠᠭᠠᠭᠠᠨ ᠭᠦᠢᠴᠡᠳᠬᠡᠬᠦ ᠨᠢᠭᠡᠴᠡ ᠶᠢ ᠰᠢᠮᠳᠠᠭᠤᠯᠵᠤ ᠪᠠᠶᠢᠭᠠᠳ ᠬᠠᠷᠢᠭᠤᠴᠠᠯᠭ᠎ᠠ ᠶᠢᠨ

ᠦᠵᠡᠯ ᠤᠬᠠᠮᠰᠠᠷ ᠢ ᠴᠢᠩᠭᠠᠷᠠᠭᠤᠯᠤᠨ᠂ ᠬᠠᠯᠠᠮᠰᠢᠯ ᠤᠲᠠᠰᠤ ᠶᠢ ᠭᠦᠢᠴᠡᠳᠬᠡᠬᠦ ᠠᠵᠢᠯ ᠢ ᠰᠠᠶᠢᠲᠤᠷ ᠠᠳᠬᠤᠬᠤ

ᠬᠡᠷᠡᠭᠲᠡᠢ᠃ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠳᠤ ᠨᠢᠭᠡᠨ ᠪᠢᠲᠡᠭᠦᠮᠵᠢᠯᠡᠭᠰᠡᠨ ᠲᠣᠭᠤᠷᠢᠯ ᠵᠠᠮ ᠢ

ᠪᠦᠷᠢᠯᠳᠦᠭᠦᠯᠵᠦ᠂ ᠭᠥᠯᠢᠶᠡᠨ ᠠᠪᠴᠤ ᠰᠢᠢᠳᠪᠦᠷᠢᠯᠡᠬᠦ ᠠᠴᠠ ᠠᠪᠤᠭᠠᠳ ᠬᠠᠷᠢᠭᠤ ᠰᠤᠷᠪᠤᠯᠵᠢᠯᠠᠬᠤ ᠬᠦᠷᠲᠡᠯ᠎ᠡ

ᠠᠰᠠᠭᠤᠳᠠᠯ ᠢ ᠰᠢᠢᠳᠪᠦᠷᠢᠯᠡᠬᠦ ᠶᠢ ᠪᠣᠳᠠᠲᠠᠢ ᠪᠠᠷ ᠨᠠᠶᠢᠳᠠᠪᠤᠷᠢᠵᠢᠭᠤᠯᠵᠤ᠂ ︽ᠬᠠᠭᠤᠴᠢᠨ ᠠᠰᠠᠭᠤᠳᠠᠯ︾ ᠤᠨ ᠲᠠᠬᠢᠨ

ᠳᠠᠪᠲᠠᠨ ᠢᠯᠡᠷᠡᠭᠰᠡᠨ ᠪᠠᠶᠢᠳᠠᠯ ᠢ ᠨᠢᠭᠲᠠ ᠠᠩᠬᠠᠷᠴᠤ᠂ ᠰᠢᠯᠲᠠᠭᠠᠨ ᠢ ᠨᠢ ᠵᠠᠳᠠᠯᠵᠤ᠂ ᠨᠢᠭᠡ ᠠᠴᠠ ᠵᠦᠢᠴᠢᠯᠡᠵᠦ

ᠨᠦᠬᠦᠭᠡ ᠶᠢ ᠮᠡᠳᠡᠵᠦ᠂ ᠴᠡᠭ ᠠᠴᠠ ᠪᠦᠬᠦ ᠲᠠᠯ᠎ᠠ ᠳᠤ ᠬᠦᠷᠲᠡᠯ᠎ᠡ ᠪᠣᠳᠠᠲᠠᠢ ᠠᠴᠠ ᠡᠭᠦᠰᠴᠦ ᠬᠠᠯᠠᠭᠤᠨ ᠤᠲᠠᠰᠤᠨ ᠤ

ᠠᠵᠢᠯ ᠢ ᠰᠢᠢᠳᠪᠦᠷᠢᠯᠡᠬᠦ ᠬᠡᠷᠡᠭᠲᠡᠢ ᠃

    ᠬᠤᠶᠢᠰᠢᠳᠠ ᠬᠤᠸᠠᠳᠧ ᠰᠢᠶᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ

ᠲᠥᠬᠦᠮ ᠦᠵᠡᠭᠦᠯᠬᠦ ᠬᠠᠯᠠᠭᠤᠨ ᠤᠲᠠᠰᠤ ᠨᠢ ︽12345︾ ᠬᠠᠯᠠᠭᠤᠨ ᠤᠲᠠᠰᠤᠨ ᠤ ᠦᠢᠯᠡᠴᠢᠯᠡᠭᠡᠨ ᠤ ᠶᠠᠰᠤ

ᠴᠢᠨᠠᠷ᠂ ᠰᠢᠢᠳᠪᠦᠷᠢᠯᠡᠵᠦ ᠳᠠᠭᠤᠰᠬᠠᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ᠣᠯᠠᠨ

ᠲᠦᠮᠡᠨ ᠤ ᠪᠤᠳᠤᠵᠤ ᠬᠦᠰᠡᠵᠦ ᠪᠠᠶᠢᠭ᠎ᠠ ᠵᠦᠢᠯ ᠢ ᠦᠨᠡᠨ ᠬᠦ ᠰᠢᠢᠳᠪᠦᠷᠢᠯᠡᠨ᠂ ︽12345︾ ᠬᠠᠯᠠᠭᠤᠨ

ᠤᠲᠠᠰᠤ ᠶᠢ ︽ᠣᠯᠠᠨ ᠲᠦᠮᠡᠨ ᠬᠠᠨᠤᠮᠵᠢᠲᠠᠶ︾ ᠨᠡᠶᠢᠭᠡᠮ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ

ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ

ᠰᠢᠯᠢᠳᠡᠭᠵᠢᠭᠦᠯᠦᠨ᠂ ᠵᠠᠰᠠᠭ ᠤᠨ ᠣᠷᠳᠣᠨ ᠪᠠ ᠠᠷᠠᠳ ᠲᠦᠮᠡᠨ ᠤ ︽ᠬᠤᠯᠪᠣᠯᠳᠤᠨ ᠬᠤᠯᠪᠣᠬᠤ ᠬᠥᠭᠦᠷᠭᠡ︾ ᠶᠢ

ᠠᠯᠢ ᠴᠢᠳᠠᠬᠤ ᠪᠠᠷ ᠰᠠᠶᠢᠲᠤᠷ ᠪᠠᠶᠢᠭᠤᠯᠬᠤ ᠪᠣᠯᠣᠨ᠎ᠠ᠃ 

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2