ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/12
    4 ᠰᠠᠷ᠎ᠠ ᠶᠢᠨ 11 ᠤ ᠡᠳᠦᠷ᠂ ᠬᠤᠸᠠᠳᠧ ᠰᠢᠶᠠᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠳ᠋ᠢᠶᠣᠣ ᠴᠦᠨ ᠬᠠᠢ ᠬᠤᠷᠠᠯ ᠡᠷᠭᠢᠯᠡᠪᠡ᠃    ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠸᠧᠨ ᠪᠥᠸᠧ ︽ᠬᠤᠸᠠᠳᠧ ᠰᠢᠶᠠᠨ ᠤ 2023 ︱ 2025 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ︽ᠬᠤᠸᠠᠳᠧ ᠰᠢᠶᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠲᠤᠬᠠᠢ ᠶᠢᠨ ᠭᠠᠵᠠᠷ ᠲᠤᠨᠢ ᠰᠢᠯᠭᠠᠨ ᠪᠠᠶᠢᠴᠠᠭᠠᠬᠤ ᠠᠵᠢᠯ ᠤᠨ ᠡᠭᠦᠷᠭᠡ ᠶᠢᠨ ᠡᠬᠡ ᠲᠠᠩᠰᠠ︾ ᠳᠤ ᠲᠠᠶᠢᠯᠤᠮᠵᠢ ᠬᠢᠬᠦ ᠶᠢᠨ ᠬᠠᠮᠲᠤ ᠬᠤᠲᠠ ᠡᠭᠦᠳᠦᠨ ᠪᠠᠶᠢᠭᠤᠯᠬᠤ ᠬᠠᠮᠢᠶ᠎ᠠ ᠪᠦᠬᠦᠢ ᠠᠵᠢᠯ ᠢ ᠲᠣᠬᠢᠷᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠶᠠᠭᠤᠨ ᠤ ᠤᠴᠢᠷ ᠠᠴᠠ ᠡᠭᠦᠳᠦᠨ ᠪᠠᠶᠢᠭᠤᠯᠬᠤ᠂ ᠬᠡᠨ ᠤ ᠲᠥᠯᠥᠭᠡ ᠡᠭᠦᠳᠦᠨ ᠪᠠᠶᠢᠭᠤᠯᠬᠤ᠂ ᠬᠡᠷᠬᠢᠨ ᠡᠭᠦᠳᠦᠨ ᠪᠠᠶᠢᠭᠤᠯᠬᠤ︾ ᠭᠤᠷᠪᠠᠨ ᠲᠠᠯ᠎ᠠ ᠶᠢᠨ ᠠᠰᠠᠭᠤᠳᠠᠯ ᠢ ᠭᠦᠢᠴᠡᠳ ᠣᠶᠢᠯᠠᠭᠠᠵᠤ᠂ ᠡᠯ᠎ᠡ ᠲᠠᠯ᠎ᠠ ᠶᠢᠨ ᠬᠦᠴᠦᠨ ᠢ ᠨᠡᠶᠢᠳᠬᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠢᠯᠭᠠᠨ ᠦᠨᠡᠯᠡᠬᠦ ᠰᠢᠰᠲ᠋ᠧᠮ ᠪᠣᠯᠣᠨ ᠪᠠᠷᠢᠮᠵᠢᠶ᠎ᠠ ᠶᠢ ᠴᠢᠩᠭ᠎ᠠ ᠬᠠᠷᠢᠴᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠳᠤᠲᠠᠭᠤᠳᠠᠯ ᠢ ᠨᠠᠷᠢᠨ ᠬᠢᠨᠠᠮᠠᠭᠠᠢ ᠡᠮᠬᠢᠯᠡᠵᠦ᠂ ᠬᠤᠳᠠ ᠶᠢ ᠡᠭᠦᠳᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠤᠬᠠᠭᠤᠯᠬᠤ ᠵᠡᠷᠭᠡ ᠰᠠᠯᠠᠭ᠎ᠠ ᠮᠥᠴᠢᠷ ᠤᠨ ᠠᠵᠢᠯᠲᠠᠨ ᠢ ᠰᠣᠩᠭᠤᠨ ᠳᠤᠭᠤᠶᠢᠯᠠᠩ ᠪᠠᠶᠢᠭᠤᠯᠵᠤ᠂ ᠠᠵᠢᠯ ᠢ ᠠᠬᠢᠭᠤᠯᠬᠤ ᠲᠤᠰᠬᠠᠢ ᠳᠤᠭᠤᠶᠢᠯᠠᠩ ᠪᠠᠶᠢᠭᠤᠯᠵᠤ᠂ ᠰᠢᠪᠠᠳᠠᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠬᠤᠳᠠ ᠶᠢ ᠴᠣᠭᠴᠠᠯᠠᠬᠤ ᠠᠵᠢᠯ ᠤᠨ ᠲᠤᠬᠠᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠬᠥᠮᠥᠨ ᠪᠦᠬᠦᠨ ᠪᠣᠯᠪᠠᠰᠤᠨ ᠢᠶᠠᠷ ᠬᠤᠳᠠ ᠶᠢ ᠴᠣᠭᠴᠠᠯᠠᠬᠤ ᠠᠵᠢᠯ ᠳᠤ ᠣᠷᠣᠯᠴᠠᠬᠤ ᠪᠠᠶᠢᠷᠢᠰᠢᠯ ᠢ ᠪᠤᠢ ᠪᠣᠯᠭᠠᠬᠤ ᠬᠡᠷᠡᠭᠲᠡᠢ᠃ ᠬᠤᠳᠠ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠵᠠᠰᠠᠬᠤ ᠪᠠ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠬᠤᠳᠠ ᠪᠠᠶᠢᠭᠤᠯᠬᠤ ᠠᠵᠢᠯ ᠢᠶᠠᠷ ᠳᠠᠮᠵᠢᠭᠤᠯᠤᠨ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ  
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2