| ᠰᠢᠨᠬᠤᠸᠠ ᠬᠤᠷᠢᠶ᠎ᠠ ᠶᠢᠨ ᠭᠤᠸᠠᠩᠵᠧᠦ ᠶᠢᠨ 4 ᠰᠠᠷ᠎ᠠ ᠶᠢᠨ 13 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ | ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠣᠶᠢᠷ᠎ᠠ ᠶᠢᠨ ᠡᠳᠦᠷ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ᠂ ᠭᠤᠸᠠᠩᠳᠦ᠋ᠩ ᠪᠣᠯ | ᠥᠭᠡᠷᠡᠴᠢᠯᠡᠯᠲᠡ ᠨᠡᠭᠡᠭᠡᠯᠲᠡ ᠶᠢᠨ ᠳᠠᠭᠠᠭᠤᠯᠤᠭᠴᠢ ᠂ ᠤᠷᠢᠳ ᠢᠶᠠᠷ ᠬᠡᠷᠡᠭᠵᠢᠭᠦᠯᠦᠭᠰᠡᠨ ᠣᠷᠣᠨ ᠂ ᠲᠤᠷᠰᠢᠯᠲᠠ ᠶᠢᠨ ᠣᠷᠣᠨ | ᠮᠥᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ | ᠪᠠᠶᠢᠷᠢ ᠰᠠᠭᠤᠷᠢ ᠪᠠᠷ ᠴᠢᠬᠤᠯᠠ ᠂ ᠦᠢᠯᠡᠳᠦᠯ ᠢᠶᠠᠷ ᠲᠣᠪᠣᠶᠢᠮ᠎ᠠ ᠶᠤᠮ ᠃ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠷᠠᠯᠲᠠ ᠶᠢ ᠡᠵᠡᠮᠳᠡᠵᠦ ᠂ ᠴᠢᠨᠠᠷ ᠰᠠᠶᠢᠲᠠᠢ ᠬᠥᠭᠵᠢᠯᠲᠡ | ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ | ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠭᠦ ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠂ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ | ᠬᠡᠷᠡᠭᠲᠡᠢ ᠭᠡᠵᠦ ᠴᠢᠬᠤᠯᠠᠴᠢᠯᠠᠪᠠ ᠃ | | | | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ ᠂ 10 ᠤ ᠦᠳᠡ ᠶᠢᠨ ᠬᠤᠶᠢᠨ᠎ᠠ ᠂ ᠰᠢ ᠶᠢᠨ ᠫᠢᠩ ᠵᠠᠨᠵᠢᠶᠠᠩ | ᠬᠤᠲᠠ ᠶᠢᠨ ᠰᠢᠦᠢ ᠸᠧᠨ ᠰᠢᠶᠠᠨ ᠤ ᠰᠢᠦᠢ ᠸᠧᠨ ᠭᠠᠷᠠᠮ ᠤᠨ ᠣᠩᠭᠤᠴᠠᠨ ᠤ ᠵᠣᠭᠰᠣᠭᠠᠯ ᠤᠨ ᠭᠠᠷᠠᠮ ᠳᠤ ᠣᠩᠭᠤᠴᠠᠨ | ᠳᠡᠭᠡᠷᠡᠬᠢ ᠠᠶᠠᠨᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | | | | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ | ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ ᠂ 11 ᠤ ᠦᠳᠡ ᠶᠢᠨ ᠬᠤᠶᠢᠨ᠎ᠠ ᠂ ᠰᠢ ᠶᠢᠨ ᠫᠢᠩ | ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ ᠲᠣᠰᠬᠤᠨ ᠤ ᠠᠷᠠᠳ ᠲᠠᠢ ᠳᠣᠲᠣᠨᠣ ᠪᠠᠷ | ᠶᠠᠷᠢᠯᠴᠠᠵᠤ ᠪᠠᠶᠢᠭ᠎ᠠ ᠨᠢ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ | 4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠭᠡᠰᠢᠭᠦᠨ ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠺᠦᠨ | ᠮᠢᠩ ᠪᠣᠯᠣᠨ ᠮᠤᠵᠢ ᠶᠢᠨ ᠳᠠᠷᠤᠭ᠎ᠠ ᠸᠠᠩ ᠸᠧᠢ ᠵᠦᠩ ᠤᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠵᠠᠨᠵᠢᠶᠠᠩ ᠂ | ᠮᠤᠤᠮᠢᠩ ᠂ ᠭᠤᠸᠠᠩᠵᠧᠦ ᠵᠡᠷᠭᠡ ᠭᠠᠵᠠᠷ ᠲᠤ ᠬᠦᠷᠴᠦ ᠂ ᠠᠵᠤ ᠠᠬᠤᠶᠢᠯᠠᠯ ᠂ ᠭᠠᠷᠠᠮ ᠂ ᠬᠥᠳᠡᠭᠡ ᠲᠣᠰᠬᠤᠨ ᠵᠡᠷᠭᠡ ᠪᠠᠷ | ᠭᠦᠨᠵᠡᠭᠡᠶᠢᠷᠡᠵᠦ ᠪᠠᠶᠢᠴᠠᠭᠠᠨ ᠰᠤᠳᠤᠯᠵᠠᠢ ᠃ | 10 ᠤ ᠦᠳᠡ ᠶᠢᠨ ᠡᠮᠦᠨ᠎ᠡ ᠂ ᠰᠢ ᠶᠢᠨ ᠫᠢᠩ ᠡᠩ ᠲᠡᠷᠢᠭᠦᠨ ᠳᠤ ᠵᠠᠨᠵᠢᠶᠠᠩ ᠬᠤᠲᠠ ᠶᠢᠨ ᠳ᠋ᠦᠩ ᠬᠠᠢ ᠳ᠋ᠣᠤ | ᠠᠷᠠᠯ ᠳᠤ ᠪᠠᠶᠢᠷᠢᠯᠠᠭ᠎ᠠ ᠤᠯᠤᠰ ᠤᠨ 863 ᠲᠥᠯᠥᠪᠯᠡᠭᠡ ᠶᠢᠨ ᠲᠥᠷᠥᠯ ᠵᠦᠢᠯ ᠤᠨ ᠲᠡᠯᠡᠶ ᠶᠢᠨ ᠤᠰᠤᠨ ᠳᠤ ᠦᠷ᠎ᠡ | ᠲᠡᠵᠢᠭᠡᠨ ᠦᠷᠡᠵᠢᠭᠦᠯᠭᠦ ᠢᠨᠵᠧᠨᠧᠷᠢᠩ ᠤᠨ ᠡᠮᠦᠨᠡᠲᠦ ᠣᠷᠣᠨ ᠤ ᠰᠠᠭᠤᠷᠢᠨ ᠳᠤ ᠰᠢᠨᠵᠢᠯᠡᠨ ᠪᠠᠶᠢᠴᠠᠭᠠᠪᠠ ᠃ ᠰᠢ ᠶᠢᠨ ᠫᠢᠩ | ᠭᠤᠸᠠᠩᠳᠦ᠋ᠩ ᠮᠤᠵᠢ ᠶᠢᠨ ᠲᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠴᠤ ᠂ ᠵᠢᠭᠠᠰᠤᠨ ᠠᠵᠤ ᠠᠬᠤᠢ ᠶᠢᠨ ᠰᠠᠶᠢᠨ ᠡᠭᠦᠯᠳᠡᠷ ᠤᠨ ᠦᠵᠡᠭᠦᠯᠭᠡ ᠶᠢ ᠪᠠᠶᠢᠴᠠᠭᠠᠨ | ᠦᠵᠡᠵᠦ ᠂ ᠲᠤᠬᠠᠢ ᠶᠢᠨ ᠲᠠᠯᠠᠪᠠᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠲᠡᠵᠢᠭᠡᠨ ᠦᠷᠡᠵᠢᠭᠦᠯᠭᠦ | ᠠᠵᠢᠯᠲᠠᠨ ᠠᠴᠠ ᠰᠣᠩᠭᠤᠨ ᠪᠣᠶᠢᠵᠢᠭᠤᠯᠬᠤ ᠮᠡᠷᠭᠡᠵᠢᠯ ᠂ ᠦᠷ᠎ᠡ ᠶᠢᠨ ᠴᠢᠬᠢ ᠶᠢᠨ ᠤᠷᠭᠤᠴᠠ ᠂ ᠵᠠᠬ᠎ᠠ ᠳᠡᠯᠭᠡᠭᠦᠷ ᠤᠨ ᠦᠨ᠎ᠡ | ᠬᠠᠩᠰᠢ ᠵᠡᠷᠭᠡ ᠶᠢ ᠯᠠᠪᠯᠠᠨ ᠠᠰᠠᠭᠤᠪᠠ ᠃ ᠰᠢ ᠶᠢᠨ ᠫᠢᠩ ᠂ ᠳᠤᠮᠳᠠᠳᠤ ᠤᠯᠤᠰ ᠪᠣᠯ 14 ᠳ᠋ᠦᠩᠰᠢᠭᠤᠷ ᠭᠠᠷᠤᠢ ᠬᠥᠮᠥᠨ | ᠠᠮᠠ ᠲᠠᠢ ᠲᠣᠮᠣ ᠤᠯᠤᠰ ᠪᠠᠶᠢᠵᠤ ᠂ ᠪᠤᠳᠠᠭ᠎ᠠ ᠢᠳᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠳᠤ ᠢᠳᠡᠭᠡᠨ ᠤ ᠲᠣᠮᠣ ᠦᠵᠡᠯᠲᠡ ᠶᠢ ᠪᠤᠢ ᠪᠤᠯᠭᠠᠵᠤ ᠂ ᠡᠬᠡ ᠬᠠᠭᠤᠷᠠᠢ ᠠᠴᠠ ᠢᠳᠡᠭᠡᠨ ᠠᠪᠬᠤ | ᠬᠡᠷᠡᠭᠲᠡᠢ ᠪᠥᠭᠡᠳ ᠲᠠᠯᠠᠢ ᠲᠠᠩᠭᠢᠰ ᠠᠴᠠ ᠴᠦ ᠢᠳᠡᠭᠡᠨ ᠠᠪᠴᠤ ᠂ ᠲᠠᠯᠠᠢ ᠲᠠᠩᠭᠢᠰ ᠢ ᠠᠰᠢᠭᠯᠠᠨ ᠲᠠᠷᠢᠵᠦ ᠲᠡᠵᠢᠭᠡᠬᠦ | ᠦᠢᠯᠡᠰ ᠢ ᠬᠥᠭᠵᠢᠭᠦᠯᠦᠨ ᠂ ᠲᠠᠯᠠᠢ ᠳᠡᠭᠡᠷᠡᠬᠢ ᠮᠠᠯᠵᠢᠯ ᠤᠨ ᠲᠠᠯᠠᠪᠠᠢ ᠂ ︽ ᠲᠠᠯᠠᠢ ᠳᠡᠭᠡᠷᠡᠬᠢ ᠠᠮᠤ ᠪᠤᠳᠠᠭᠠᠨ ᠤ ᠬᠥᠮᠥᠷᠭᠡ ︾ | ᠶᠢ ᠪᠦᠲᠦᠭᠡᠨ ᠪᠠᠶᠢᠭᠤᠯᠬᠤ ᠬᠡᠷᠡᠭᠲᠡᠢ ᠃ ᠦᠷ᠎ᠡ ᠶᠢᠨ ᠦᠢᠯᠡᠰ ᠪᠣᠯ ᠤᠳᠤ ᠦᠶ᠎ᠡ ᠶᠢᠨ ᠲᠠᠷᠢᠶᠠᠯᠠᠩ ᠂ ᠵᠢᠭᠠᠰᠤᠨ ᠠᠵᠤ | ᠠᠬᠤᠢ ᠶᠢᠨ ᠬᠥᠭᠵᠢᠯᠲᠡ ᠶᠢᠨ ᠰᠠᠭᠤᠷᠢ ᠮᠥᠨ ᠂ ᠡᠨᠡ ᠬᠦ ᠠᠵᠢᠯ ᠢ ᠨᠠᠷᠢᠯᠢᠭ ᠰᠠᠶᠢᠨ ᠬᠢᠬᠦ ᠬᠡᠷᠡᠭᠲᠡᠢ ᠃ ᠭᠦᠨ ᠳᠠᠯᠠᠢ ᠶᠢᠨ | ᠲᠡᠵᠢᠭᠡᠨ ᠦᠷᠡᠵᠢᠭᠦᠯᠭᠦ ᠲᠣᠨᠤᠭ ᠲᠥᠬᠦᠭᠡᠷᠦᠮᠵᠢ ᠪᠠ ᠣᠶᠤᠨᠲᠤ ᠵᠢᠭᠠᠰᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ | ᠳᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠮᠡᠳᠡᠭᠡ ᠵᠠᠩᠭᠢᠵᠢᠯᠲᠠ ᠂ ᠣᠶᠤᠨᠴᠢᠯᠠᠯᠲᠠ ᠂ ᠣᠳᠣᠬᠢᠴᠢᠯᠠᠯᠲᠠ ᠲᠡᠶᠢᠰᠢ | ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠠᠨᠵᠢᠶᠠᠩ ᠤᠨ ᠤᠯᠠᠭᠠᠨ ᠣᠶ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠮᠠᠨ ᠤ | ᠤᠯᠤᠰ ᠤᠨ ᠤᠯᠠᠭᠠᠨ ᠣᠶ ᠶᠢᠨ ᠲᠠᠯᠠᠪᠠᠶ ᠪᠠᠷ ᠬᠠᠮᠤᠭ ᠤᠨ ᠶᠡᠭᠡ ᠂ ᠲᠠᠷᠬᠠᠯᠲᠠ ᠪᠠᠷ ᠬᠠᠮᠤᠭ ᠤᠨ ᠲᠥᠪᠯᠡᠷᠡᠭᠰᠡᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠮᠥᠨ ᠃ ᠰᠢ ᠶᠢᠨ ᠫᠢᠩ ᠬᠠᠮᠠᠭᠠᠯᠠᠯᠲᠠ ᠶᠢᠨ ᠣᠷᠣᠨ ᠤ ᠵᠡᠭᠦᠨ ᠬᠡᠰᠡᠭ ᠲᠤ | ᠪᠠᠶᠢᠭ᠎ᠠ ᠮᠠ ᠵᠠᠩ ᠲᠣᠭᠤᠷᠢᠭ ᠤᠨ ᠬᠤ᠋ ᠭᠤᠸᠠᠩ ᠪᠠᠯᠭᠠᠰᠤ ᠶᠢᠨ ᠶᠢᠨ ᠨᠢᠦ ᠳ᠋ᠣᠣ ᠠᠷᠠᠯ ᠤᠯᠠᠭᠠᠨ ᠤᠢ ᠶᠢᠨ ᠵᠠᠯᠭᠠᠯᠳᠤᠭᠰᠠᠨ | ᠣᠷᠣᠨ ᠳᠤ ᠬᠦᠷᠴᠦ ᠂ ᠤᠯᠠᠭᠠᠨ ᠤᠢ ᠶᠢᠨ ᠤᠷᠭᠤᠴᠠ ᠪᠠ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ | ᠪᠠᠶᠢᠴᠠᠭᠠᠨ ᠦᠵᠡᠪᠡ ᠃ ᠲᠡᠷᠡ ᠂ ᠡᠨᠡ ᠬᠡᠰᠡᠭ ᠤᠯᠠᠭᠠᠨ ᠤᠢ ᠪᠣᠯ ︽ ᠤᠯᠤᠰ ᠤᠨ ᠡᠷᠳᠡᠨᠢ ︾ ᠮᠥᠨ ᠂ ᠨᠢᠳᠦᠨ ᠤ | ᠴᠡᠴᠡᠭᠡᠢ ᠪᠠᠨ ᠬᠠᠶᠢᠷᠠᠯᠠᠬᠤ ᠰᠢᠭ᠋ ᠢᠶᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠃ ᠲᠠᠯᠠᠢ ᠲᠠᠩᠭᠢᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ | ᠪᠦᠷᠢᠯᠳᠦᠭᠦᠨ ᠬᠡᠰᠡᠭ ᠮᠥᠨ ᠃ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ ᠂ ᠦᠶ᠎ᠡ ᠶᠢᠨ ᠦᠶ᠎ᠡ ᠳᠡᠭᠡᠨ | ᠦᠷᠭᠦᠯᠵᠢᠯᠡᠨ ᠴᠢᠷᠮᠠᠶᠢᠵᠤ ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠂ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠪᠦᠲᠦᠭᠡᠨ ᠪᠠᠶᠢᠭᠤᠯᠵᠤ ᠂ ᠪᠥᠮᠪᠥᠷᠴᠡᠭ ᠤᠨ ᠲᠣᠰᠬᠤᠨ ᠢ ᠰᠠᠶᠢᠲᠤᠷ ᠬᠠᠮᠠᠭᠠᠯᠠᠬᠤ ᠳᠤ ᠳᠤᠮᠳᠠᠳᠤ | ᠤᠯᠤᠰ ᠤᠨ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ | 10 ᠤ ᠦᠳᠡ ᠶᠢᠨ ᠬᠤᠶᠢᠨ᠎ᠠ ᠂ ᠰᠢ ᠶᠢᠨ ᠫᠢᠩ ᠵᠠᠨᠵᠢᠶᠠᠩ ᠬᠤᠳᠠ ᠶᠢᠨ ᠰᠢᠦᠢ ᠸᠧᠨ ᠰᠢᠶᠠᠨ ᠳᠤ ᠬᠦᠷᠴᠦ ᠂ | ᠰᠢᠦᠢ ᠸᠧᠨ ᠭᠠᠷᠠᠮ ᠳᠤ ᠰᠢᠨᠵᠢᠯᠡᠨ ᠪᠠᠶᠢᠴᠠᠭᠠᠪᠠ ᠃ ᠰᠢᠦᠢ ᠸᠧᠨ ᠭᠠᠷᠠᠮ ᠤᠨ ᠲᠦᠷᠦᠯ ᠵᠦᠢᠯ ᠪᠣᠯ ᠭᠤᠸᠠᠩᠳᠦ᠋ᠩ ᠪᠣᠯᠣᠨ | ᠬᠠᠶᠢᠨᠠᠨ ᠤ ᠢᠵᠢᠯᠢ ᠴᠢᠭᠯᠡᠯ ᠢᠶᠠᠷ ᠤᠷᠤᠭᠰᠢᠯᠠᠬᠤ ︽ ᠲᠡᠷᠢᠭᠦᠨ ᠴᠢᠬᠤᠯᠠ ᠢᠨᠵᠧᠨᠧᠷᠢᠩ ︾ ᠪᠣᠯᠣᠨ᠎ᠠ ᠃ ᠭᠠᠷᠠᠮ ᠤᠨ | ᠲᠤᠰᠬᠠᠢ ᠭᠠᠷᠠᠮ ᠳᠤ ᠂ ᠰᠢ ᠶᠢᠨ ᠫᠢᠩ ᠰᠢᠦᠢ ᠸᠧᠨ ᠭᠠᠷᠠᠮ ᠤᠨ ᠪᠦᠭᠦ ᠪᠠᠶᠢᠳᠠᠯ ᠢ ᠪᠠᠶᠢᠴᠠᠭᠠᠨ ᠦᠵᠡᠵᠦ ᠂ ᠭᠤᠸᠠᠩᠳᠦ᠋ᠩ | ᠮᠤᠵᠢ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠂ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠲᠠᠢ ᠵᠣᠯᠭᠠᠭᠤᠯᠬᠤ ᠵᠡᠷᠭᠡ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ ᠃ ᠳᠠᠷᠠᠭ᠎ᠠ ᠨᠢ ᠂ ᠰᠢ ᠶᠢᠨ ᠫᠢᠩ ᠣᠩᠭᠤᠴᠠᠨ ᠤ ᠵᠣᠭᠰᠣᠭᠠᠯ ᠤᠨ ᠭᠠᠷᠠᠮ ᠳᠤ | ᠬᠦᠷᠴᠦ ᠂ ᠣᠩᠭᠤᠴᠠ ᠵᠣᠬᠰᠣᠬᠤ ᠂ ᠠᠶᠠᠨᠴᠢᠳ ᠤᠨ ᠵᠥᠭᠡᠭᠡᠪᠦᠷᠢ ᠶᠢ ᠰᠣᠯᠢᠵᠤ ᠲᠤᠰᠬᠤ ᠵᠡᠷᠭᠡ ᠠᠵᠢᠯ ᠢ ᠪᠠᠶᠢᠴᠠᠭᠠᠨ | ᠦᠵᠡᠪᠡ ᠃ ᠣᠩᠭᠤᠴᠠᠨ ᠳᠡᠭᠡᠷᠡᠬᠢ ᠠᠶᠠᠨᠴᠢᠳ ᠶᠡᠷᠦᠩᠬᠡᠢ ᠱᠦᠵᠢ ᠶᠢ ᠬᠠᠷᠠᠭᠠᠳ ᠂ ᠶᠡᠷᠦᠩᠬᠡᠢ ᠱᠦᠵᠢ ᠶᠢᠨ ᠠᠮᠤᠷ ᠢ | ᠠᠰᠠᠭᠤᠵᠤ ᠪᠠᠶᠢᠯ᠎ᠠ ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ ᠂ ᠳᠡᠳᠡᠨ ᠤ ᠠᠯᠢᠪᠠ ᠪᠦᠭᠦᠨ | ᠥᠭᠡᠳᠡ ᠡᠰᠡᠷᠡᠭ ᠪᠠᠶᠢᠬᠤ ᠶᠢ ᠬᠦᠰᠡᠨ ᠵᠥᠩᠨᠡᠪᠡ ᠃ ᠰᠢ ᠶᠢᠨ ᠫᠢᠩ ᠂ ᠴᠢᠶᠦ᠋ᠩᠵᠸᠤ ᠲᠠᠯᠠᠢ ᠶᠢᠨ ᠬᠤᠭᠤᠯᠠᠢ ᠪᠣᠯ | ᠤᠯᠤᠰ ᠤᠨ ᠡᠮᠦᠨᠡᠲᠦ ᠲᠠᠩᠭᠢᠰ ᠢ ᠭᠠᠲᠤᠯᠬᠤ ᠪᠠᠶᠢᠯᠳᠤᠬᠤ ᠪᠣᠳᠣᠯᠭ᠎ᠠ ᠶᠢᠨ ᠵᠠᠮ ᠪᠤᠯᠬᠤ ᠪᠥᠭᠡᠳ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠪᠠᠭᠠᠯᠵᠤᠤᠷ ᠭᠤᠣᠯ ᠵᠠᠮ ᠪᠣᠯᠣᠨ᠎ᠠ ᠂ ︽ | ᠰᠢᠵᠢᠷ ᠠᠯᠳᠠᠨ ᠤᠰᠤᠨ ᠵᠠᠮ ︾ ᠪᠣᠯᠣᠨ ᠠᠶᠠᠨᠴᠢᠳ ᠤᠨ ᠵᠥᠭᠡᠭᠡᠪᠦᠷᠢ ᠶᠢᠨ ᠬᠠᠮᠤᠭ ᠤᠨ ᠰᠠᠶᠢᠨ ᠵᠠᠮ ᠪᠤᠯᠬᠤ ᠡᠨᠡ ᠬᠦ | ᠶᠡᠭᠡ ᠶᠠᠪᠤᠳᠠᠯ ᠢ ᠰᠠᠶᠢᠲᠤᠷ ᠬᠢᠵᠦ ᠂ ᠰᠢᠦᠢ ᠸᠧᠨ ᠭᠠᠷᠠᠮ ᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ ᠪᠣᠯᠣᠨ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠬᠤᠯᠪᠣᠭᠰᠠᠨ ᠣᠳᠣᠬᠢᠴᠢᠯᠠᠭᠰᠠᠨ ᠤᠰᠤ ᠬᠠᠭᠤᠷᠠᠢ ᠶᠢᠨ | ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠦᠢᠰᠦ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢᠦᠢ ᠸᠧᠨ ᠭᠠᠷᠠᠮ ᠠᠴᠠ ᠭᠠᠷᠴᠤ ᠂ ᠰᠢ ᠶᠢᠨ ᠫᠢᠩ ᠪᠧᠢ ᠪᠦ᠋ ᠸᠠᠨ ᠪᠤᠯᠤᠩ ᠢ ᠲᠣᠭᠤᠷᠢᠭᠰᠠᠨ ᠭᠤᠸᠠᠩᠳᠦ᠋ᠩ ᠤᠨ | ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠤᠨ ᠡᠮᠦᠨᠡᠰᠢ ᠤᠰᠤ ᠳᠠᠮᠵᠢᠭᠤᠯᠬᠤ ᠠᠭᠤᠯᠵᠠᠷ ᠦᠷᠲᠡᠭᠡ - | ᠰᠢᠦᠢ ᠸᠧᠨ ᠰᠢᠶᠠᠨ ᠤ ᠳ᠋ᠠ ᠱᠦᠢ ᠴᠢᠶᠣᠤ ᠤᠰᠤᠨ ᠴᠥᠭᠦᠷᠥᠮ ᠳᠤ ᠬᠦᠷᠴᠦ ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠂ | ᠬᠠᠮᠢᠶᠠᠷᠤᠯᠲᠠ ᠂ ᠠᠵᠢᠯᠯᠠᠭᠠᠨ ᠪᠠ ᠦᠷᠭᠦᠯᠵᠢᠯᠡᠬᠦ ᠢᠨᠵᠧᠨᠧᠷᠢᠩ ᠤᠨ ᠲᠥᠯᠦᠪᠵᠢᠭᠦᠯᠭᠡ ᠵᠡᠷᠭᠡ ᠪᠠᠶᠢᠳᠠᠯ ᠢ ᠣᠶᠢᠯᠠᠭᠠᠪᠠ ᠃ | ᠠᠵᠢᠯᠲᠠᠳ ᠶᠡᠷᠦᠩᠬᠡᠢ ᠱᠦᠵᠢ ᠳᠤ ᠤᠰᠤᠨ ᠤ ᠶᠠᠩᠵᠤ ᠪᠣᠯᠣᠨ ᠬᠢᠨᠠᠨ ᠭᠡᠮᠵᠢᠭᠦ ᠲᠥᠬᠦᠭᠡᠷᠦᠮᠵᠢ ᠶᠢ ᠳᠡᠯᠭᠡᠨ ᠦᠵᠡᠭᠦᠯᠵᠦ ᠂ | ᠲᠤᠬᠠᠢ ᠶᠢᠨ ᠭᠠᠵᠠᠷ ᠤᠨ ᠡᠷᠭᠢᠨ ᠲᠣᠭᠤᠷᠢᠨ ᠤ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠭᠰᠠᠨ ᠵᠡᠷᠭᠡ | ᠪᠠᠶᠢᠳᠠᠯ ᠢᠶᠠᠨ ᠬᠠᠷᠢᠭᠤ ᠮᠡᠳᠡᠭᠦᠯᠪᠡ ᠃ ᠰᠢ ᠶᠢᠨ ᠫᠢᠩ ᠂ ᠮᠠᠨ ᠤ ᠤᠯᠤᠰ ᠲᠤ ᠤᠰᠤ ᠲᠤᠲᠠᠭᠳᠠᠵᠤ ᠪᠠᠶᠢᠬᠤ ᠪᠥᠭᠡᠳ | ᠤᠰᠤᠨ ᠤ ᠡᠬᠢ ᠪᠠᠶᠠᠯᠢᠭ ᠤᠨ ᠲᠠᠷᠬᠠᠯᠲᠠ ᠮᠠᠰᠢ ᠲᠡᠩᠴᠡᠭᠦᠷᠢ ᠦᠭᠡᠢ ᠪᠠᠶᠢᠨ᠎ᠠ ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠪᠣᠳᠣᠯᠬᠢᠯᠠᠵᠤ ᠂ ᠤᠰᠤ ᠪᠠᠷ | ᠬᠤᠲᠠ ᠶᠢ ᠲᠣᠭᠲᠠᠭᠠᠵᠤ ᠂ ᠤᠰᠤ ᠪᠠᠷ ᠭᠠᠵᠠᠷ ᠢ ᠲᠣᠭᠲᠠᠭᠠᠵᠤ ᠂ ᠤᠰᠤ ᠪᠠᠷ ᠬᠥᠮᠥᠨ ᠢ ᠲᠣᠭᠲᠠᠭᠠᠵᠤ ᠂ ᠤᠰᠤ ᠪᠠᠷ | ᠭᠠᠷᠤᠯᠲᠠ ᠶᠢ ᠲᠣᠭᠲᠠᠭᠠᠵᠤ ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ ᠬᠡᠷᠡᠭᠲᠡᠢ ᠃ ᠭᠤᠸᠠᠩᠳᠦ᠋ᠩ ᠮᠤᠵᠢ ᠶᠢᠨ | ᠬᠢᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠰᠠᠶᠢᠲᠤᠷ ᠠᠳᠬᠤᠵᠤ ᠂ ᠤᠰᠤᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢ | ᠲᠦᠷᠭᠡᠳᠬᠡᠵᠦ ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠵᠤ ᠂ ᠥᠷᠭᠡᠨ ᠣᠯᠠᠨ ᠠᠷᠠᠳ ᠲᠦᠮᠡᠨ ᠳᠤ ᠡᠷᠲᠡᠬᠡᠨ ᠪᠤᠶᠠᠨ ᠦᠶᠯᠡᠳᠭᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ 11 ᠤ ᠡᠳᠦᠷ ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ | ᠲᠣᠰᠬᠤᠨ ᠳᠤ ᠰᠢᠨᠵᠢᠯᠡᠨ ᠪᠠᠶᠢᠴᠠᠭᠠᠪᠠ ᠃ ᠪᠠᠢ ᠴᠢᠶᠣᠤ ᠲᠣᠰᠬᠤᠨ ᠪᠠᠷᠤᠭ 6800 ᠮᠦ ᠪᠡᠷᠴᠢᠭᠢᠷ ᠯᠣᠣ ᠶᠢᠨ ᠨᠢᠳᠦ | ᠲᠠᠷᠢᠵᠦ ᠂ ᠪᠡᠷᠴᠢᠭᠢᠷ ᠯᠣᠣ ᠶᠢᠨ ᠨᠢᠳᠦ ᠦᠢᠯᠡᠳᠪᠦᠷᠢᠯᠡᠬᠦ ᠲᠤᠰᠬᠠᠢ ᠲᠣᠰᠬᠤᠨ ᠪᠣᠯᠣᠨ᠎ᠠ ᠃ ᠰᠢ ᠶᠢᠨ ᠫᠢᠩ ᠪᠡᠷᠴᠢᠭᠢᠷ | ᠯᠣᠣ ᠶᠢᠨ ᠨᠢᠳᠦ ᠶᠢᠨ ᠲᠠᠷᠢᠮᠠᠯ ᠤᠨ ᠬᠦᠷᠢᠶᠡᠯᠡᠩ ᠳᠤ ᠬᠦᠷᠴᠦ ᠂ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠮᠠᠯ ᠤᠨ ᠠᠵᠤ | ᠦᠢᠯᠡᠰ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ ᠪᠠᠶᠢᠭ᠎ᠠ ᠵᠡᠷᠭᠡ ᠪᠠᠶᠢᠳᠠᠯ ᠢ ᠣᠶᠢᠯᠠᠭᠠᠭᠰᠠᠨ | ᠪᠥᠭᠡᠳ ᠲᠤᠬᠠᠢ ᠶᠢᠨ ᠲᠠᠯᠠᠪᠠᠶ ᠶᠢᠨ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ ᠃ ᠲᠠᠷᠠᠭ᠎ᠠ ᠨᠢ ᠂ ᠰᠢ ᠶᠢᠨ ᠫᠢᠩ ᠪᠠᠢ | ᠴᠢᠶᠣᠤ ᠶᠢᠨ ᠯᠣᠣ ᠶᠢᠨ ᠨᠢᠳᠦ ᠪᠡᠷᠴᠢᠭᠢᠷ ᠯᠣᠣ ᠶᠢᠨ ᠨᠢᠳᠦ ᠶᠢᠨ ᠲᠤᠰᠬᠠᠢ ᠬᠤᠷᠰᠢᠶ᠎ᠠ ᠳᠤ ᠬᠦᠷᠴᠦ ᠂ ᠬᠤᠷᠰᠢᠶ᠎ᠠ ᠶᠢᠨ | ᠡᠵᠡᠩᠨᠡᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠪᠠ ᠃ ᠰᠢ ᠶᠢᠨ ᠫᠢᠩ ᠂ ᠡᠨᠡ ᠪᠣᠯ ᠪᠡᠷᠴᠢᠭᠢᠷ ᠯᠣᠣ ᠶᠢᠨ ᠨᠢᠳᠦᠨ ᠤ ᠨᠤᠲᠤᠭ ᠂ ᠪᠡᠷᠴᠢᠭᠢᠷ | ᠯᠣᠣ ᠶᠢᠨ ᠨᠢᠳᠦᠨ ᠤ ᠲᠠᠷᠢᠮᠠᠯ ᠨᠢ ᠲᠡᠦᠬᠡ ᠶᠢᠨ ᠤᠯᠠᠮᠵᠢᠯᠠᠯ ᠪᠠ ᠰᠣᠶᠣᠯ ᠤᠨ ᠠᠭᠤᠯᠤᠭᠳᠠᠬᠤᠨ ᠲᠠᠢ ᠂ ᠣᠨᠴᠠᠯᠢᠭ ᠢᠶᠠᠷ | ᠢᠯᠡ ᠲᠣᠳᠣ ᠂ ᠳᠠᠪᠠᠭᠤᠯᠢᠭ ᠢᠶᠠᠷ ᠢᠯᠡᠷᠬᠡᠢ ᠂ ᠵᠠᠬ᠎ᠠ ᠳᠡᠯᠭᠡᠭᠦᠷ ᠤᠨ ᠣᠷᠣᠨ ᠵᠠᠢ ᠪᠠᠷ ᠥᠷᠭᠡᠨ ᠠᠭᠤᠳᠠᠮ ᠪᠠᠶᠢᠵᠤ ᠂ | ᠳᠠᠷᠢᠬᠤ ᠂ ᠰᠣᠷᠭᠤᠭ ᠪᠠᠶᠢᠯᠭᠠᠬᠤ ᠂ ᠡᠳ᠋ᠰᠢᠭᠦᠯᠭᠦ ᠵᠡᠷᠭᠡ ᠮᠡᠷᠭᠡᠵᠢᠯ ᠢ ᠴᠢᠨᠠᠭᠰᠢᠳᠠ ᠳᠡᠭᠡᠭᠰᠢᠯᠡᠭᠦᠯᠵᠦ ᠂ ᠪᠡᠷᠴᠢᠭᠢᠷ ᠯᠣᠣ ᠶᠢᠨ | ᠨᠢᠳᠦᠨ ᠤ ᠣᠨᠴᠠᠯᠢᠭᠲᠤ ᠠᠵᠤ ᠦᠢᠯᠡᠰ ᠪᠠ ᠣᠨᠴᠠᠯᠢᠭᠲᠤ ᠰᠣᠶᠣᠯ ᠵᠢᠭᠤᠯᠴᠢᠯᠠᠯ ᠢ ᠨᠠᠩ ᠰᠠᠶᠢᠲᠤᠷ ᠬᠥᠭᠵᠢᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ ᠃ | ᠠᠶᠠᠷᠯᠠᠬᠤ ᠦᠶ᠎ᠡ ᠳᠤ ᠂ ᠲᠣᠰᠬᠤᠨ ᠤ ᠠᠷᠠᠳ ᠥᠨᠳᠥᠷ ᠲᠠᠭᠤᠨ ᠢᠶᠠᠷ ︽ ᠶᠡᠷᠦᠩᠬᠡᠢ ᠱᠦᠵᠢ ᠰᠠᠶᠢᠨ ᠪᠠᠶᠢᠨ᠎ᠠ ᠦᠦ ︾ | ᠂ ︽ ᠶᠡᠷᠦᠩᠬᠡᠢ ᠱᠦᠵᠢ ᠵᠦᠳᠡᠷᠡᠯ᠎ᠡ ︾ ᠭᠡᠵᠦ ᠤᠤᠬᠠᠶᠢᠯᠠᠨ ᠬᠠᠰᠬᠢᠷᠪᠠ ᠃ ᠰᠢ ᠶᠢᠨ ᠫᠢᠩ ᠂ ᠡᠨᠡ ᠪᠣᠯ ᠮᠢᠨᠤ ᠠᠩᠬ᠎ᠠ | ᠤᠳᠠᠭ᠎ᠠ ᠭᠤᠸᠠᠩᠳᠦ᠋ᠩ ᠤᠨ ᠪᠠᠷᠠᠭᠤᠨ ᠬᠡᠰᠡᠭ ᠲᠤ ᠬᠦᠷᠴᠦ ᠪᠠᠶᠢᠭ᠎ᠠ ᠶᠠᠪᠤᠳᠠᠯ ᠪᠣᠯᠣᠨ᠎ᠠ ᠂ ᠨᠤᠲᠤᠭ ᠤᠨ ᠠᠬ᠎ᠠ ᠳᠡᠭᠦᠦ ᠨᠠᠷ | ᠪᠡᠷᠴᠢᠭᠢᠷ ᠯᠣᠣ ᠶᠢᠨ ᠨᠢᠳᠦ ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠢ ᠬᠥᠭᠵᠢᠭᠦᠯᠬᠦ ᠪᠠᠷ ᠲᠠᠮᠵᠢᠨ ᠪᠠᠶᠠᠨ ᠴᠢᠨᠡᠭᠡᠯᠢᠭ | ᠠᠮᠢᠳᠤᠷᠠᠯ ᠲᠠᠢ ᠪᠣᠯᠤᠭᠰᠠᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ | ᠠᠬᠢᠭᠤᠯᠵᠤ ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠬᠡᠷᠡᠭᠲᠡᠢ ᠃ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠰᠡᠭᠦᠯᠡᠷ ᠪᠠᠶᠠᠵᠢᠬᠤ ᠶᠢ | ᠬᠠᠪᠰᠤᠷᠤᠨ ᠲᠡᠳᠭᠦᠭᠦ ᠪᠠᠨ ᠴᠢᠩᠭᠠᠳᠬᠠᠵᠤ ᠂ ᠨᠤᠲᠤᠭ ᠤᠨ ᠰᠤᠷᠲᠠᠯ ᠪᠣᠯᠪᠠᠰᠤᠨ ᠢ ᠠᠬᠢᠭᠤᠯᠵᠤ ᠂ ᠬᠥᠳᠡᠭᠡ ᠲᠣᠰᠬᠤᠨ ᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠵᠤ ᠂ | ᠤᠯᠠᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠬᠤ ᠬᠡᠷᠡᠭᠲᠡᠢ ᠭᠡᠵᠦ ᠬᠡᠯᠡᠪᠡ ᠃ | ᠰᠢ ᠶᠢᠨ ᠫᠢᠩ 12 ᠤᠨ ᠡᠳᠦᠷ ᠭᠤᠸᠠᠩᠵᠧᠦ ᠬᠤᠳᠠ ᠳᠤ ᠰᠢᠨᠵᠢᠯᠡᠨ ᠪᠠᠶᠢᠴᠠᠭᠠᠪᠠ ᠃ ᠲᠤᠰ ᠡᠳᠦᠷ ᠤᠨ | ᠦᠳᠡ ᠶᠢᠨ ᠬᠤᠶᠢᠨ᠎ᠠ ᠂ ᠲᠡᠷᠡ ᠡᠩ ᠲᠡᠷᠢᠭᠦᠨ ᠳᠤ ᠯᠧ ᠶᠢᠨ ᠳᠡᠯᠭᠡᠴᠡ ᠶᠢᠨ ᠺᠤᠮᠫᠠᠨᠢ ᠶᠢᠨ ᠭᠤᠸᠠᠩᠵᠧᠦ ᠳᠠᠬᠢ ᠦᠢᠯᠡᠳᠭᠦ | ᠰᠠᠭᠤᠷᠢᠨ ᠳᠤ ᠭᠦᠷᠪᠡ ᠃ ᠭᠤᠸᠠᠩᠳᠦ᠋ᠩ ᠮᠤᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠦᠭᠦ | ᠮᠤᠵᠢ ᠶᠢᠨ ᠣᠶᠢᠷ᠎ᠠ ᠶᠢᠨ ᠵᠢᠯ ᠤᠨ ᠲᠤᠷᠰᠢᠬᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ | ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ ᠂ ᠠᠷᠠᠯᠵᠢᠶᠠᠨ ᠤ ᠪᠡᠯᠡ | ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠶᠢᠨ | ᠠᠷᠭ᠎ᠠ ᠪᠣᠯᠣᠨ ᠦᠷ᠎ᠡ ᠪᠦᠲᠦᠮᠵᠢ ᠶᠢ ᠲᠠᠨᠢᠯᠴᠠᠭᠤᠯᠪᠠ ᠃ ᠰᠢ ᠶᠢᠨ ᠫᠢᠩ ᠦᠢᠯᠡᠳᠬᠦᠨ ᠤ ᠦᠵᠡᠭᠦᠯᠭᠡ ᠪᠣᠯᠣᠨ | ᠦᠢᠯᠡᠳᠪᠦᠷᠢᠯᠡᠵᠦ ᠤᠭᠰᠠᠷᠠᠬᠤ ᠶᠠᠪᠤᠴᠠ ᠶᠢ ᠪᠠᠶᠢᠴᠠᠭᠠᠨ ᠦᠵᠡᠵᠦ ᠂ ᠠᠵᠤ ᠠᠬᠤᠶᠢᠯᠠᠯ ᠤᠨ ᠬᠥᠭᠵᠢᠯᠲᠡ ᠶᠢᠨ ᠣᠯᠣᠭᠰᠠᠨ | ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ ᠃ ᠰᠢ ᠶᠢᠨ ᠫᠢᠩ ᠂ ᠪᠦᠭᠦ ᠪᠥᠮᠪᠥᠷᠴᠡᠭ ᠤᠨ | ᠠᠵᠤ ᠠᠬᠤᠢ ᠶᠢᠨ ᠨᠡᠮᠡᠭᠳᠡᠯ ᠬᠦᠴᠦᠨ ᠮᠡᠬᠦᠰᠳᠡᠵᠦ ᠪᠠᠶᠢᠭ᠎ᠠ ᠪᠠᠶᠢᠳᠠᠯ ᠳᠣᠣᠷ᠎ᠠ ᠂ ᠳᠤᠮᠳᠠᠳᠤ ᠤᠯᠤᠰ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ | ᠪᠠᠶᠢᠭᠤᠯᠤᠯᠲᠠ ᠶᠢ ᠴᠢᠩᠭᠠᠳᠬᠠᠪᠠᠯ ᠵᠠᠬ᠎ᠠ ᠳᠡᠯᠭᠡᠭᠦᠷ ᠤᠨ ᠳᠠᠪᠠᠭᠤᠯᠢᠭ ᠨᠡᠩ ᠢᠯᠡᠷᠬᠡᠢ ᠪᠣᠯᠣᠨ᠎ᠠ ᠃ ᠭᠠᠳᠠᠭᠠᠳᠤ ᠶᠢᠨ ᠪᠡᠯᠡ | ᠣᠷᠣᠭᠤᠯᠤᠭᠴᠢᠳ ᠠᠵᠠ ᠲᠣᠭᠢᠶᠠᠯ ᠢ ᠠᠮᠵᠢᠵᠤ ᠂ ᠳᠤᠮᠳᠠᠳᠤ ᠤᠯᠤᠰ ᠲᠤ ᠢᠷᠡᠵᠦ ᠂ ᠭᠤᠸᠠᠩᠳᠦ᠋ᠩ ᠳᠤ ᠢᠷᠡᠵᠦ ᠂ | ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠳᠤ ᠢᠷᠡᠵᠦ ᠂ ᠳᠤᠮᠳᠠᠳᠤ ᠤᠯᠤᠰ ᠤᠨ ᠵᠠᠬ᠎ᠠ | ᠳᠡᠯᠭᠡᠭᠦᠷ ᠢ ᠰᠠᠶᠢᠲᠤᠷ ᠬᠥᠭᠵᠢᠭᠦᠯᠵᠦ ᠂ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ | ᠪᠦᠲᠦᠮᠵᠢ ᠶᠢ ᠡᠭᠦᠳᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠳᠠᠷᠠᠭ᠎ᠠ ᠨᠢ ᠭᠤᠸᠠᠩᠵᠧᠦ ᠶᠢᠨ ᠮᠠᠰᠢᠨ ᠲᠡᠷᠭᠡᠨ ᠤ ᠺᠤᠮᠫᠠᠨᠢ ᠶᠢᠨ ᠠᠢ ᠠᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠪᠠ ᠃ ᠲᠡᠷᠡ ᠠᠵᠤ ᠠᠬᠤᠶᠢᠯᠠᠯ ᠤᠨ | ᠦᠵᠡᠭᠦᠯᠭᠡ ᠶᠢᠨ ᠲᠢᠩᠬᠢᠮ ᠂ ᠶᠡᠷᠦᠩᠬᠡᠢ ᠲᠣᠨᠣᠭᠯᠠᠯ ᠤᠨ ᠲᠠᠰᠤᠭ ᠂ ᠳ᠋ᠢᠶᠠᠨ ᡂᠢ ᠦᠢᠯᠡᠳᠪᠦᠷᠢᠯᠡᠬᠦ ᠲᠠᠰᠤᠭ ᠵᠡᠷᠭᠡ ᠳᠤ | ᠬᠦᠷᠴᠦ ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠭᠠᠷᠭᠠᠭᠰᠠᠨ ᠪᠠ ᠦᠢᠯᠡᠳᠭᠦ | ᠦᠢᠯᠡᠰ ᠤᠨ ᠳᠡᠭᠡᠳᠦ ᠲᠡᠰᠵᠢᠭᠦᠯᠦᠯᠳᠡ ᠂ ᠣᠶᠤᠨᠴᠢᠯᠠᠯᠲᠠ ᠂ ᠪᠣᠬᠢᠷᠳᠤᠯ ᠦᠭᠡᠶᠢᠵᠢᠯᠳᠠ ᠶᠢ ᠠᠬᠢᠭᠤᠯᠤᠭᠰᠠᠨ ᠵᠡᠷᠭᠡ | ᠪᠠᠶᠢᠳᠠᠯ ᠢ ᠣᠶᠢᠯᠠᠭᠠᠪᠠ ᠃ ᠭᠤᠸᠠᠩᠵᠧᠦ ᠶᠢᠨ ᠮᠠᠰᠢᠨ ᠲᠡᠷᠭᠡᠨ ᠤ ᠰᠤᠳᠤᠯᠭᠠᠨ ᠤ ᠬᠦᠷᠢᠶᠡᠯᠡᠩ ᠳᠤ ᠂ ᠰᠢ ᠶᠢᠨ ᠫᠢᠩ | ᠣᠶᠤᠨᠲᠤ ᠰᠦᠯᠵᠢᠶᠡᠨ ᠤ ᠲᠤᠷᠰᠢᠯᠲᠠ ᠶᠢᠨ ᠲᠠᠰᠤᠭ ᠂ ᠵᠠᠭᠪᠤᠷ ᠢ ᠵᠢᠷᠤᠵᠤ ᠲᠥᠯᠥᠪᠯᠡᠬᠦ ᠲᠤᠷᠰᠢᠯᠲᠠ ᠶᠢᠨ ᠲᠠᠰᠤᠭ | ᠵᠡᠷᠭᠡ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠂ | ᠠᠵᠤ ᠠᠬᠤᠶᠢᠯᠠᠯᠲᠠᠨ ᠂ ᠠᠵᠢᠯᠲᠠᠨ ᠠᠵᠢᠯᠴᠢᠨ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ | ᠰᠠᠨᠠᠯ ᠢᠶᠠᠨ ᠰᠣᠯᠢᠯᠴᠠᠪᠠ ᠃ ᠰᠢ ᠶᠢᠨ ᠫᠢᠩ ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠦᠷᠦ ᠶᠢᠨ | ᠪᠣᠳᠣᠯᠭ᠎ᠠ ᠤᠷᠳᠤ ᠬᠤᠭᠤᠴᠠᠭ᠎ᠠ ᠪᠠᠷ ᠬᠤᠪᠢᠷᠠᠬᠤ ᠦᠭᠡᠢ ᠂ ᠨᠡᠭᠡᠭᠡᠯᠲᠡ ᠶᠢᠨ ᠡᠭᠦᠳᠡ ᠪᠠᠨ ᠡᠭᠦᠷᠢᠳᠡ ᠥᠪᠡᠷ ᠢᠶᠠᠨ ᠬᠠᠭᠠᠬᠤ | ᠦᠭᠡᠢ ᠶᠤᠮ ᠃ ᠪᠢᠳᠡᠨ ᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠳᠤᠷᠠᠲᠠᠢ ᠠᠯᠢᠪᠠ ᠤᠯᠤᠰ ᠲᠤ ᠪᠢᠳᠡ | ᠴᠥᠮ ᠳᠤᠷᠠᠲᠠᠶ᠎ᠠ ᠲᠡᠳᠡᠨ ᠲᠠᠢ ᠠᠳᠠᠯᠢ ᠴᠢᠭᠯᠡᠯ ᠢᠶᠠᠷ ᠤᠷᠤᠭᠰᠢᠯᠠᠵᠤ ᠂ ᠳᠡᠯᠡᠬᠡᠢ ᠶᠢᠨ ᠠᠵᠤ ᠠᠬᠤᠢ ᠶᠢᠨ ᠬᠠᠮᠲᠤ ᠪᠠᠷ | ᠴᠡᠴᠡᠭᠯᠡᠨ ᠭᠦᠭᠵᠢᠭᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃ ᠰᠢ ᠶᠢᠨ ᠫᠢᠩ ᠂ ᠳᠤᠮᠳᠠᠳᠤ ᠤᠯᠤᠰ ᠪᠣᠯ ᠲᠣᠮᠣ | ᠤᠯᠤᠰ ᠮᠥᠨ ᠂ ᠪᠣᠳᠠᠲᠤ ᠴᠣᠭᠴᠠ ᠶᠢᠨ ᠠᠵᠤ ᠠᠬᠤᠢ ᠶᠢ ᠴᠢᠬᠤᠯᠠᠴᠢᠯᠠᠵᠤ ᠂ ᠥᠪᠡᠷ ᠤᠨ ᠬᠦᠴᠦ ᠪᠠᠷ ᠢᠶᠠᠨ ᠳᠡᠭᠵᠢᠷᠡᠬᠦ | ᠵᠠᠮ ᠢᠶᠠᠷ ᠵᠠᠮᠨᠠᠬᠤ ᠬᠡᠷᠡᠭᠲᠡᠢ ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠳᠤ | ᠰᠠᠭᠤᠷᠢᠯᠠᠬᠤ ᠬᠡᠷᠡᠭᠲᠡᠢ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠬᠢᠬᠦ ᠶᠢ ᠴᠦ ᠪᠠᠶᠠᠷᠯᠠᠨ ᠤᠭᠲᠤᠨ᠎ᠠ ᠃ ᠰᠤᠷᠭᠠᠨ | ᠬᠥᠮᠦᠵᠢᠯ ᠪᠠ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | 13 ᠤ ᠦᠳᠡ ᠶᠢᠨ ᠡᠮᠦᠨ᠎ᠡ ᠂ ᠰᠢ ᠶᠢᠨ ᠫᠢᠩ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠭᠤᠸᠠᠩᠳᠦ᠋ᠩ ᠤᠨ ᠡᠯ᠎ᠡ ᠵᠦᠢᠯ ᠤᠨ | ᠠᠵᠢᠯ ᠤᠨ ᠠᠮᠵᠢᠯᠲᠠ ᠪᠦᠲᠦᠮᠵᠢ ᠶᠢ ᠨᠤᠲᠠᠯᠠᠪᠠ ᠃ | ᠰᠢ ᠶᠢᠨ ᠫᠢᠩ ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠪᠦᠭᠦ ᠤᠯᠤᠰ ᠤᠨ ᠰᠢᠨ᠎ᠡ | ᠬᠥᠭᠵᠢᠯᠲᠡ ᠶᠢᠨ ᠪᠠᠶᠢᠷᠢᠰᠢᠯ ᠳᠤᠮᠳᠠ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ ᠃ ᠭᠤᠸᠠᠩᠳᠦ᠋ᠩ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠤᠸᠠᠩᠳᠦ᠋ᠩ ᠤᠨ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠡᠭᠡ ᠠᠵᠠ ᠲᠣᠭᠢᠶᠠᠯ ᠂ ᠶᠡᠭᠡ ᠶᠠᠪᠤᠳᠠᠯ ᠪᠣᠯᠭᠠᠨ ᠱᠠᠯᠠᠪᠳᠠᠨ | ᠪᠣᠳᠠᠲᠠᠶᠢᠵᠢᠭᠤᠯᠵᠤ ᠂ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠳᠤ ᠲᠠᠯᠪᠢᠵᠤ ᠂ ᠵᠦᠵᠢᠶᠠᠩ ᠮᠥᠷᠡᠨ ᠤ ᠭᠤᠷᠪᠠᠯᠵᠢᠨ | ᠬᠤᠶᠢᠭ ᠢᠶᠠᠷ ᠭᠤᠣᠯ ᠵᠢᠭᠰᠠᠭᠠᠯ ᠤᠨ ᠭᠠᠵᠠᠷ ᠪᠤᠯᠭᠠᠵᠤ ᠂ ᠪᠦᠭᠦ ᠮᠤᠵᠢ ᠶᠢᠨ ᠬᠦᠴᠦᠨ ᠢᠶᠠᠨ ᠳᠠᠶᠢᠴᠢᠯᠠᠨ ᠡᠨᠡ ᠬᠦ ᠶᠡᠭᠡ | ᠶᠠᠪᠤᠳᠠᠯ ᠢ ᠰᠠᠶᠢᠲᠤᠷ ᠬᠢᠵᠦ ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠢ ᠰᠢᠨ᠎ᠡ | ᠬᠥᠭᠵᠢᠯᠲᠡ ᠶᠢᠨ ᠪᠠᠶᠢᠷᠢᠰᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠂ ᠴᠢᠨᠠᠷ ᠰᠠᠶᠢᠲᠠᠢ ᠬᠥᠭᠵᠢᠯᠲᠡ ᠶᠢᠨ | ᠵᠢᠱᠢᠶ᠎ᠡ ᠦᠵᠡᠭᠦᠯᠭᠦ ᠭᠠᠵᠠᠷ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠠᠭᠠᠭᠤᠯᠤᠭᠴᠢ ᠭᠠᠵᠠᠷ | ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠵᠠᠩᠭᠢᠯᠠᠭ᠎ᠠ ᠪᠣᠯᠣᠨ᠎ᠠ ᠃ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠣᠷᠣᠨ ᠪᠦᠰᠡ ᠶᠢᠨ ᠰᠢᠨ᠎ᠡ ᠶᠢ ᠡᠭᠦᠳᠭᠦ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠴᠢᠨᠠᠭᠰᠢᠳᠠ | ᠳᠡᠭᠡᠭᠰᠢᠯᠡᠭᠦᠯᠵᠦ ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠯ᠎ᠠ ᠪᠠᠷ ᠨᠡᠩ ᠶᠡᠭᠡ | ᠠᠬᠢᠯᠲᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ ᠃ ᠳᠤᠮᠳᠠ ᠪᠠᠭ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠭᠦ ᠶᠢ | ᠳᠡᠮᠵᠢᠭᠦ ᠪᠠᠨ ᠴᠢᠩᠭᠠᠳᠬᠠᠵᠤ ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠣᠯᠣᠨ ᠭᠤᠣᠯᠯᠠᠭᠴᠢ | ᠥᠷᠢᠰᠦᠯᠳᠦᠬᠦ ᠬᠦᠴᠦᠨ ᠲᠠᠢ ᠨᠡᠩ ᠤᠯᠠᠨ ᠰᠢᠨ᠎ᠡ ᠶᠢ ᠡᠭᠦᠳᠭᠦ ᠭᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ | ᠬᠡᠷᠡᠭᠲᠡᠢ ᠃ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ ᠂ ᠰᠢᠨ᠎ᠡ ᠶᠢ ᠡᠭᠦᠳᠭᠦ | ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ | ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠪᠦᠭᠦ ᠪᠥᠮᠪᠥᠷᠴᠡᠭ ᠲᠤ ᠨᠥᠯᠥᠭᠡᠯᠡᠬᠦ | ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠪᠠᠶᠢᠭᠤᠯᠬᠤ | ᠬᠡᠷᠡᠭᠲᠡᠢ ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠴᠢᠳᠠᠪᠤᠷᠢᠲᠠᠨ ᠤ ᠥᠨᠳᠦᠷᠯᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠭᠦ ᠴᠢᠳᠠᠪᠤᠷᠢᠲᠠᠨ ᠢ ᠲᠥᠪᠯᠡᠷᠡᠭᠦᠯᠬᠦ ᠦᠢᠯᠡᠳᠦᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠳᠠᠲᠠᠢ ᠠᠴᠠ ᠰᠠᠯᠤᠩᠭᠢᠷᠠᠵᠤ ᠬᠡᠶᠢᠰᠪᠦᠷᠢ | ᠪᠠᠶᠢᠵᠤ ᠪᠤᠯᠬᠤ ᠦᠭᠡᠢ ᠂ ᠡᠷᠬᠡᠪᠰᠢ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠤᠯᠭᠠᠬᠰᠠᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠭᠤᠸᠠᠩᠳᠦ᠋ᠩ ᠮᠤᠵᠢ | ᠦᠢᠯᠡᠳᠭᠦ ᠦᠢᠯᠡᠰ ᠢᠶᠠᠷ ᠮᠤᠵᠢ ᠪᠠᠨ ᠪᠠᠶᠢᠭᠤᠯᠬᠤ ᠶᠢ ᠢᠮᠠᠭᠲᠠ ᠪᠠᠷᠢᠮᠲᠠᠯᠠᠵᠤ ᠂ ᠪᠣᠳᠠᠲᠤ ᠴᠣᠭᠴᠠ ᠶᠢᠨ ᠠᠵᠤ ᠠᠬᠤᠢ ᠶᠢ | ᠬᠥᠭᠵᠢᠭᠦᠯᠬᠦ ᠶᠢ ᠨᠡᠩ ᠴᠢᠬᠤᠯᠠᠴᠢᠯᠠᠵᠤ ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ | ᠲᠦᠷᠭᠡᠳᠬᠡᠵᠦ ᠂ ᠠᠵᠤ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠳᠡ ᠂ ᠠᠵᠤ ᠦᠢᠯᠡᠰ ᠤᠨ ᠬᠡᠯᠬᠢᠶ᠎ᠡ ᠶᠢᠨ | ᠣᠳᠣᠬᠢᠴᠢᠯᠠᠯᠲᠠ ᠶᠢ ᠠᠬᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠬᠥᠭᠵᠢᠭᠦᠯᠵᠦ ᠂ ᠤᠯᠠᠨ ᠤᠯᠤᠰ ᠤᠨ ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠪᠦᠭᠦ ᠠᠷᠠᠳ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠮᠥᠨ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯ | ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠭᠤᠸᠠᠩᠳᠦ᠋ᠩ ᠣᠷᠣᠨ ᠪᠦᠰᠡ ᠶᠢᠨ | ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢᠶᠠᠨ ᠬᠦᠴᠦ ᠣᠷᠣᠭᠤᠯᠤᠨ ᠰᠢᠢᠳᠪᠦᠷᠢᠯᠡᠵᠦ ᠂ ᠵᠠᠮ ᠬᠠᠷᠢᠯᠴᠠᠭ᠎ᠠ | ᠵᠡᠷᠭᠡ ᠰᠠᠭᠤᠷᠢ ᠲᠥᠬᠦᠭᠡᠷᠦᠮᠵᠢ ᠶᠢᠨ ᠣᠷᠣᠨ ᠪᠦᠰᠡ ᠠᠯᠤᠰᠯᠠᠨ ᠬᠤᠯᠪᠣᠯᠳᠤᠨ ᠨᠡᠪᠲᠡᠷᠡᠯᠴᠡᠬᠦ ᠪᠠᠨ ᠲᠦᠷᠭᠡᠳᠬᠡᠨ | ᠠᠬᠢᠭᠤᠯᠵᠤ ᠂ ᠭᠤᠸᠠᠩᠳᠦ᠋ᠩ ᠤᠨ ᠵᠡᠭᠦᠨ ᠬᠡᠰᠡᠭ ᠂ ᠭᠤᠸᠠᠩᠳᠦ᠋ᠩ ᠤᠨ ᠪᠠᠷᠠᠭᠤᠨ ᠬᠡᠰᠡᠭ ᠂ ᠭᠤᠸᠠᠩᠳᠦ᠋ᠩ ᠤᠨ ᠬᠤᠶᠢᠲᠤ | ᠬᠡᠰᠡᠭ ᠤᠨ ᠭᠠᠵᠠᠷ ᠣᠷᠣᠨ ᠤ ᠬᠢᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠵᠤ | ᠦᠢᠯᠡᠰ ᠤᠨ ᠡᠮᠬᠢ ᠵᠢᠷᠤᠮ ᠲᠠᠢ ᠰᠢᠯᠵᠢᠯᠲᠡ ᠶᠢ ᠨᠡᠩ ᠰᠠᠶᠢᠲᠤᠷ ᠲᠤᠰᠴᠤ ᠠᠪᠬᠤ ᠶᠢ ᠲᠠᠶᠢᠴᠢᠯᠠᠨ ᠠᠬᠢᠭᠤᠯᠬᠤ ᠬᠡᠷᠡᠭᠲᠡᠢ ᠃ | ᠡᠬᠡ ᠬᠠᠭᠤᠷᠠᠢ ᠪᠠ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ ᠂ ᠠᠭᠤᠯᠠ ᠳᠠᠯᠠᠢ ᠶᠢ ᠬᠠᠮᠵᠢᠯᠴᠠᠭᠤᠯᠬᠤ ᠶᠢ | ᠴᠢᠩᠭᠠᠳᠬᠠᠵᠤ ᠂ ᠭᠠᠷᠠᠮ ᠠᠵᠤ ᠦᠢᠯᠡᠰ ᠬᠤᠳᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ ᠂ | ᠳᠠᠯᠠᠢ ᠲᠠᠩᠭᠢᠰ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ ᠂ ᠳᠠᠯᠠᠢ ᠲᠠᠩᠭᠢᠰ ᠤᠨ ᠬᠦᠴᠦᠷᠬᠡᠭ ᠮᠤᠵᠢ ᠶᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ | ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠂ ᠣᠲᠣ ᠦᠶ᠎ᠡ ᠶᠢᠨ | ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠰᠢᠨ᠎ᠡ ᠭᠡᠯᠪᠡᠷᠢ ᠶᠢᠨ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ ᠃ ᠲᠠᠭᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠶᠢᠩᠭᠤᠵᠢᠭᠰᠠᠨ ᠬᠠᠪᠰᠤᠷᠤᠨ ᠲᠡᠳᠭᠦᠭᠦ ᠠᠵᠢᠯ ᠢ ᠦᠷᠭᠦᠯᠵᠢᠯᠡᠨ | ᠰᠠᠶᠢᠲᠤᠷ ᠬᠢᠵᠦ ᠂ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠴᠢᠬᠤᠯᠠ ᠶᠡᠭᠡ ᠡᠭᠦᠷᠭᠡ ᠪᠣᠯᠣᠨ᠎ᠠ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ | ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠭᠡᠰᠢᠭᠦᠨ ᠂ ᠺᠠᠳ᠋ᠷᠴᠤᠳ ᠢ | ᠬᠥᠮᠥᠵᠢᠭᠦᠯᠦᠨ ᠵᠢᠯᠤᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠂ ᠰᠤᠷᠤᠯᠴᠠᠯᠭ᠎ᠠ ᠪᠠᠷ | ᠤᠶᠤᠨ ᠤᠬᠠᠭᠠᠨ ᠢ ᠨᠡᠮᠡᠭᠳᠡᠭᠦᠯᠬᠦ ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ ᠂ ᠰᠤᠷᠤᠯᠴᠠᠯᠭ᠎ᠠ ᠪᠠᠷ ᠠᠵᠢᠯᠯᠠᠬᠤ ᠶᠢ | ᠠᠬᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ ᠃ ᠰᠤᠷᠤᠯᠴᠠᠯᠭ᠎ᠠ ᠪᠠᠷ ᠰᠦᠭ | ᠰᠦᠨᠡᠰᠦ ᠶᠢ ᠱᠤᠭᠤᠬᠤ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ ᠂ ᠰᠠᠭᠤᠭᠳᠠᠭᠤᠯᠬᠤ ᠂ ᠣᠨᠳᠣᠣᠰᠢᠭᠤᠯᠬᠤ ᠠᠵᠢᠯ ᠢ | ᠰᠠᠶᠢᠲᠤᠷ ᠬᠢᠵᠦ ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠵᠠᠰᠠᠵᠤ ᠂ ᠦᠨᠳᠦᠰᠦ ᠶᠢ | ᠪᠠᠬᠢᠵᠢᠭᠦᠯᠦᠨ ᠰᠠᠭᠤᠷᠢ ᠶᠢ ᠪᠠᠲᠤᠳᠬᠠᠵᠤ ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ ᠂ ᠤᠶᠤᠨ ᠰᠠᠨᠠᠭᠠᠨ ᠤ | ᠺᠠᠯᠼ ᠢ ᠭᠦᠢᠴᠡᠳ ᠨᠥᠬᠦᠪᠦᠷᠢᠯᠡᠵᠦ ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠬᠡᠷᠡᠭᠲᠡᠢ ᠃ ᠨᠢᠭᠡ ᠳᠤ ᠂ | ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠂ ᠨᠠᠮ ᠤᠨ ᠦᠷᠲᠡᠭ ᠤᠨ ᠬᠥᠭᠡᠭᠡᠴᠡᠯᠳᠦᠯ ᠪᠠ ᠤᠷᠤᠭᠰᠢᠯᠠᠯᠲᠠ ᠶᠢᠨ | ᠴᠢᠭᠯᠡᠯ ᠤᠨ ᠲᠤᠬᠠᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠮᠡᠳᠡᠷᠡᠮᠵᠢ ᠪᠠᠨ ᠴᠢᠩᠭᠠᠳᠬᠠᠵᠤ ᠂ ᠶᠢᠷᠲᠢᠨᠴᠦ ᠶᠢᠨ | ᠦᠵᠡᠯᠲᠡ ᠂ ᠠᠮᠢᠳᠤᠷᠠᠬᠤᠢ ᠶᠢᠨ ᠦᠵᠡᠯᠲᠡ ᠂ ᠦᠷᠲᠡᠭ ᠤᠨ ᠦᠵᠡᠯᠲᠡ ᠭᠡᠬᠦ ᠡᠨᠡ ᠬᠦ ︽ᠶᠡᠷᠦᠩᠬᠡᠢ ᠨᠡᠭᠡᠭᠡᠯᠭᠡ︾ ᠶᠢ | ᠰᠠᠶᠢᠲᠤᠷ ᠡᠵᠡᠮᠳᠡᠬᠦ ᠬᠡᠷᠡᠭᠲᠡᠢ ᠃ ᠬᠤᠶᠠᠷ ᠲᠤ ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠲᠤ ᠪᠠᠶᠢᠯᠭᠠᠵᠤ ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠶᠢᠨ ᠡᠷᠬᠡ | ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠤᠯᠤᠰ ᠲᠦᠷᠦ ᠶᠢᠨ ᠮᠠᠭᠠᠳᠯᠠᠬᠤ | ᠴᠢᠳᠠᠪᠤᠷᠢ ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ ᠂ ᠢᠮᠠᠭᠲᠠ ᠤᠯᠤᠰ ᠲᠦᠷᠦ ᠶᠢᠨ ᠵᠣᠭᠰᠣᠯᠲᠠ ᠂ ᠤᠯᠤᠰ ᠲᠦᠷᠦ ᠶᠢᠨ ᠴᠢᠭᠯᠡᠯ ᠂ | ᠤᠯᠤᠰ ᠲᠦᠷᠦ ᠶᠢᠨ ᠵᠠᠷᠴᠢᠮ ᠂ ᠤᠯᠤᠰ ᠲᠦᠷᠦ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ | ᠢᠯᠡᠷᠡᠭᠦᠯᠭᠦ ᠬᠡᠷᠡᠭᠲᠡᠢ ᠃ ᠭᠤᠷᠪᠠ ᠳᠤ ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ ᠂ ᠵᠣᠷᠢᠯᠲᠠ ᠶᠢᠨ | ᠤᠬᠠᠮᠰᠠᠷ ᠢᠶᠠᠨ ᠴᠢᠩᠭᠠᠳᠬᠠᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠂ ᠨᠠᠮ ᠤᠨ ᠣᠯᠠᠨ | ᠲᠦᠮᠡᠨᠴᠢ ᠱᠤᠭᠤᠮ ᠢ ᠦᠢᠯᠡᠳᠦᠯᠭᠡᠵᠢᠭᠦᠯᠵᠦ ᠂ ᠠᠷᠠᠳ ᠣᠯᠠᠨ ᠬᠠᠨᠤᠮᠵᠢᠲᠠᠶ ᠪᠠᠶᠢᠬᠤ ᠡᠰᠡᠬᠦ ᠪᠠᠷ ᠭᠤᠣᠯ ᠰᠡᠳᠦᠪᠲᠦ | ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠭᠦ ᠦᠨᠳᠦᠰᠦᠨ ᠪᠠᠷᠢᠮᠵᠢᠶ᠎ᠠ ᠪᠤᠯᠭᠠᠵᠤ ᠂ ᠠᠷᠠᠳ ᠣᠯᠠᠨ ᠤ ᠬᠠᠮᠤᠭ ᠠᠴᠠ | ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ | ᠰᠢᠢᠳᠪᠦᠷᠢᠯᠡᠵᠦ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠢ ᠬᠢᠵᠦ ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠶᠠᠪᠤᠳᠠᠯ ᠢ ᠰᠠᠶᠢᠲᠤᠷ ᠬᠢᠵᠦ ᠂ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ ᠣᠯᠠᠨ ᠨᠠᠩ ᠡᠷᠬᠡ | ᠲᠡᠭᠰᠢ ᠪᠠᠷ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ | ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ | ᠯᠢ ᠭᠠᠨ ᠵᠢᠶᠧ ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ ᠂ ᠭᠤᠣᠯ ᠰᠡᠳᠦᠪᠲᠦ | ᠬᠥᠮᠦᠵᠢᠯ ᠤᠨ ᠲᠥᠪ ᠤᠨ ᠳᠣᠯᠣᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ | ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ ᠃ | ᠪᠡᠯᠡᠳᠭᠡᠭᠰᠡᠨ ᠨᠢ᠄ ᠣᠳᠣᠨᠭᠡᠷᠡᠯ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ | | |