ᠮᠠᠨ ᠤ ᠰᠢᠶᠠᠨ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/18
    2023 ᠣᠨ ᠤ 4 ᠰᠠᠷ᠎ᠠ ᠶᠢᠨ 15  ᠤ ᠡᠳᠦᠷ ᠪᠣᠯ ᠮᠠᠨ ᠤ ᠤᠯᠤᠰ ᠤᠨ ᠨᠠᠢᠮᠠᠳᠠᠭᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ ᠃ 4 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ ᠰᠢᠶᠠᠨ ᠤ ᠠᠷᠠᠳ ᠤᠨ ᠲᠠᠯᠠᠪᠠᠶ ᠳᠤ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠨ ᠵᠢᠶᠦ᠋ᠨ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠵᠠᠢ ᠃

1.jpg

    ᠡᠨᠡ ᠵᠢᠯ ᠤᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢᠨ

ᠭᠤᠣᠯ ᠰᠡᠳᠦᠪ ᠪᠣᠯ ︽ᠤᠯᠤᠰ ᠤᠨ ᠠᠮᠤᠷ ᠲᠦᠪᠰᠢᠨ ᠢ ᠬᠠᠮᠠᠭᠠᠯᠠᠵᠤ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ

ᠪᠠᠶᠢᠭᠤᠯᠤᠨ᠎ᠠ︾᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ

ᠵᠠᠷᠯᠠᠯ ᠭᠠᠷᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠠᠶ ᠶᠢᠨ ᠲᠠᠶᠢᠯᠤᠮᠵᠢ ᠬᠢᠬᠦ᠂

ᠭᠡᠷ ᠤᠨ ᠭᠠᠳᠠᠨᠠᠬᠢ LED ᠲᠣᠮᠣ ᠳᠡᠯᠭᠡᠴᠡ ᠪᠠᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ

ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠬᠦ ᠵᠡᠷᠭᠡ ᠣᠯᠠᠨ ᠵᠦᠢᠯ ᠤᠨ ᠬᠡᠯᠪᠡᠷᠢ ᠪᠠᠷ

ᠳᠠᠮᠵᠢᠭᠤᠯᠤᠨ ᠣᠯᠠᠨ ᠲᠦᠮᠡᠨ ᠳᠤ ︽ᠦᠨᠳᠦᠰᠦᠨ ᠬᠠᠤᠯᠢ︾᠂ ︽ᠤᠯᠤᠰ ᠤᠨ ᠠᠮᠤᠷ ᠲᠦᠪᠰᠢᠨ ᠤ ᠬᠠᠤᠯᠢ︾᠂

︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾᠂ ︽

ᠲᠠᠩᠨᠠᠭᠤᠯ ᠢ ᠡᠰᠡᠷᠭᠦᠴᠡᠬᠦ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠳᠤ ᠲᠣᠭᠲᠠᠭᠠᠭᠰᠠᠨ ᠠᠷᠠᠳ

ᠢᠷᠭᠡᠳ ᠤᠨ ᠡᠬᠡ ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠠᠮᠠᠭᠠᠯᠠᠬᠤ

ᠦᠨᠳᠦᠰᠦᠨ ᠡᠭᠦᠷᠭᠡ ᠶᠢ ᠤᠬᠠᠭᠤᠯᠪᠠ᠃ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠤᠯᠠᠨ

ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠥᠷᠭᠡᠨ ᠤᠯᠠᠨ ᠲᠦᠮᠡᠨ ᠤ ᠤᠯᠤᠰ ᠤᠨ

ᠠᠮᠤᠷ ᠲᠦᠪᠰᠢᠨ ᠤ ᠡᠷᠡᠰ ᠪᠠᠲᠤ ᠬᠠᠮᠠᠭᠠᠯᠠᠭᠴᠢ ᠪᠣᠯᠬᠤ ᠶᠢ ᠰᠠᠨᠠᠭᠠᠴᠢᠯᠠᠪᠠ᠃

    ᠠᠵᠢᠯᠯᠠᠭ᠎ᠠ ᠶᠢᠨ ᠲᠤᠬᠠᠢ ᠶᠢᠨ ᠡᠳᠦᠷ᠂ ᠣᠯᠠᠨ ᠲᠦᠮᠡᠨ ᠤ ᠠᠰᠠᠭᠤᠨ ᠯᠠᠪᠯᠠᠯᠲᠠ ᠶᠢ 100 ᠭᠠᠷᠤᠢ ᠬᠥᠮᠥᠨ

ᠤᠳᠠᠭ᠎ᠠ ᠲᠤᠬᠠᠢ ᠶᠢᠨ ᠲᠠᠯᠠᠪᠠᠶ ᠳᠤ ᠭᠥᠯᠢᠶᠡᠨ ᠠᠪᠴᠤ᠂ ᠡᠯ᠎ᠡ ᠲᠥᠷᠥᠯ ᠤᠨ ᠮᠠᠲ᠋ᠧᠷᠢᠶᠠᠯ ᠢ 200 ᠭᠠᠷᠤᠢ ᠬᠤᠪᠢ

ᠲᠠᠷᠬᠠᠭᠠᠵᠠᠢ᠃ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ

ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠤᠯᠤᠰ ᠤᠨ ᠠᠮᠤᠷ ᠲᠦᠪᠰᠢᠨ᠂ ᠨᠡᠶᠢᠭᠡᠮ ᠤᠨ

ᠲᠣᠭᠲᠠᠭᠤᠨ ᠪᠠᠶᠢᠳᠠᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂

ᠣᠯᠠᠨ ᠲᠦᠮᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠤᠨ᠂ ᠣᠯᠠᠨ ᠲᠦᠮᠡᠨ ᠤ

ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠳᠡᠭᠡᠭᠰᠢᠯᠡᠭᠦᠯᠵᠦ᠂ ︽ᠤᠯᠤᠰ ᠤᠨ ᠠᠮᠤᠷ ᠲᠦᠪᠰᠢᠨ

᠂ ᠬᠥᠮᠥᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ

ᠪᠣᠯᠭᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2