︽ᠬᠤᠸᠠᠳᠧ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/4/19
       ᠬᠤᠸᠠᠳᠧ ᠵᠠᠰᠠᠭ ᠲᠠᠷᠬᠠᠭᠠᠭᠰᠠᠨ 〔2023〕 33 ᠳ᠋ᠤᠭᠠᠷ ᠲᠣᠭᠠᠲᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠨᠦᠭᠦᠳ ᠲᠤ᠄    ︽ᠬᠤᠸᠠᠳᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃                                 2023 ᠣᠨ ᠤ 4 ᠰᠠᠷ᠎ᠠ ᠶᠢᠨ 17    ᠬᠤᠸᠠᠳᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ    ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠪᠦᠬᠦ ᠤᠯᠤᠰ ᠤᠨ ᠬᠡᠪᠴᠢᠶᠡᠨ ᠳᠤ ᠡᠬᠢᠯᠡᠭᠦᠯᠦᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠲᠤᠰᠬᠠᠢ ᠴᠡᠭᠴᠡᠯᠡᠨ ᠵᠠᠰᠠᠬᠤ ᠵᠠᠭᠤᠨ ᠡᠳᠦᠷ ᠤᠨ ᠠᠵᠢᠯᠯᠠᠭ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠣᠷᠣᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠮᠡᠳᠡᠭᠳᠡᠯ ᠶᠣᠰᠣᠭᠠᠷ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠬᠤᠸᠠᠳᠧ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ ᠢ ᠣᠨᠴᠠᠭᠠᠶᠢᠯᠠᠨ ᠲᠣᠭᠲᠠᠭᠠᠪᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄   ᠨᠢᠭᠡ᠂ ᠶᠡᠷᠦᠩᠬᠡᠢ ᠱᠠᠭᠠᠷᠳᠠᠯᠭ᠎ᠠ    ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠡᠯ᠎ᠡ ᠲᠥᠷᠥᠯ ᠤᠨ ᠰᠠᠭᠤᠷᠢ ᠪᠡᠯᠡᠳᠬᠡᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ᠂ ᠪᠠᠷᠢᠮᠵᠢᠶ᠎ᠠ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠨᠢᠭᠡᠨᠲᠡ ᠪᠠᠶᠢᠭᠤᠯᠤᠭᠰᠠᠨ ᠪᠠᠷᠢᠯᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠵᠢᠯ ᠢ ᠳᠥᠭᠦᠮᠴᠢᠯᠡᠨ ᠮᠠᠲ᠋ᠧᠷᠢᠶᠠᠯ ᠢ ᠪᠠᠭᠠᠰᠬᠠᠬᠤ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠬᠤ᠂ ᠬᠢᠨᠠᠨ ᠬᠠᠮᠢᠶᠠᠷᠤᠯᠲᠠ ᠨᠢ ᠶᠣᠰᠣᠨ ᠲᠡᠳᠦᠢ ᠥᠩᠭᠡᠷᠡᠭᠦᠯᠬᠦ ᠵᠡᠷᠭᠡ ᠠᠰᠠᠭᠤᠳᠠᠯ ᠢ ᠡᠷᠡᠰ ᠰᠡᠷᠭᠡᠶᠢᠯᠡᠬᠦ ᠬᠡᠷᠡᠭᠲᠡᠢ᠃ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ ᠂ ᠪᠠᠷᠢᠯᠭ᠎ᠠ ᠶᠢᠨ ᠶᠠᠰᠤ ᠴᠢᠨᠠᠷ ᠨᠢ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠵᠦ ᠂ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ ᠃    ᠬᠤᠶᠠᠷ᠂ ᠴᠡᠭᠴᠡᠯᠡᠨ ᠵᠠᠰᠠᠬᠤ ᠬᠡᠪᠴᠢᠶ᠎ᠡ    ᠲᠣᠰ ᠤᠳᠠᠭᠠᠨ ᠤ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠭᠤᠣᠯᠳᠠᠯᠭ᠎ᠠ ᠪᠣᠯ 2019 ᠣᠨ ᠠᠴᠠ ᠨᠠᠰᠢ ᠨᠢᠭᠡᠨᠲᠡ ᠪᠠᠶᠢᠭᠤᠯᠵᠤ ᠳᠠᠭᠤᠰᠬᠠᠭᠰᠠᠨ ᠪᠥᠭᠡᠳ ᠰᠢᠯᠭᠠᠨ ᠠᠪᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠣᠯᠣᠨ᠎ᠠ᠃    ᠭᠤᠷᠪᠠ᠂ ᠴᠡᠭᠴᠡᠯᠡᠨ ᠵᠠᠰᠠᠬᠤ ᠠᠭᠤᠯᠭ᠎ᠠ    ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠲᠠᠷᠢᠶᠠᠨ ᠭᠠᠵᠠᠷ ᠤᠨ ᠵᠠᠮ᠂ ᠴᠠᠬᠢᠯᠭᠠᠨ ᠬᠦᠴᠦᠨ ᠤ ᠲᠥᠬᠦᠭᠡᠷᠦᠮᠵᠢ᠂ ᠭᠠᠵᠠᠷ ᠰᠢᠷᠣᠢ ᠶᠢ ᠲᠡᠭᠰᠢᠯᠡᠬᠦ ᠵᠡᠷᠭᠡ ᠢᠨᠵᠧᠨᠧᠷᠢᠩ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠂ ᠮᠠᠰᠢᠨ ᠴᠠᠬᠢᠯᠭᠠᠨ ᠬᠤᠳᠳᠤᠭ᠂ ᠬᠥᠭᠡᠷᠭᠡ ᠶᠢᠨ ᠥᠷᠲᠡᠭᠡ᠂ ᠤᠰᠤ ᠠᠷᠪᠢᠯᠠᠬᠤ ᠪᠡᠯᠡᠳᠬᠡᠮᠵᠢ ᠵᠡᠷᠭᠡ ᠰᠠᠭᠤᠷᠢ ᠪᠡᠯᠡᠳᠬᠡᠮᠵᠢ ᠶᠢ ᠬᠡᠪ ᠤᠨ ᠪᠠᠶᠢᠳᠠᠯ ᠢᠶᠠᠷ ᠬᠡᠷᠡᠭᠯᠡᠬᠦ ᠶᠢᠨ ᠠᠷᠭ᠎ᠠ ᠦᠭᠡᠢ᠂ ᠤᠰᠤᠯᠠᠬᠤ ᠤᠰᠤ ᠵᠠᠯᠠᠬᠤ ᠰᠤᠪᠠᠭ᠂ ᠰᠤᠪᠠᠭ᠂ ᠬᠤᠭᠤᠯᠠᠢ ᠨᠢ  ᠭᠤᠭᠤᠵᠢᠬᠤ᠂ ᠪᠥᠭᠯᠡᠷᠡᠬᠦ᠂ ᠲᠠᠷᠢᠶᠠᠯᠠᠩ ᠤᠨ ᠭᠤᠯᠳᠤᠩ᠂ ᠲᠠᠷᠢᠶᠠᠯᠠᠩ ᠤᠨ ᠬᠥᠭᠦᠷᠭᠡ ᠵᠡᠷᠭᠡ ᠪᠠᠷᠢᠯᠭ᠎ᠠ ᠶᠢᠨ ᠡᠪᠳᠡᠷᠡᠵᠦ ᠰᠦᠢᠳᠦᠭᠰᠡᠨ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃    1. ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠨᠢ ᠭᠤᠣᠯᠳᠠᠭᠤ ᠲᠠᠷᠢᠶᠠᠯᠠᠩ ᠳᠤ ᠬᠡᠷᠡᠭᠯᠡᠬᠦ ᠮᠠᠰᠢᠨ ᠴᠠᠬᠢᠯᠭᠠᠨ ᠤ ᠬᠤᠳᠳᠤᠭ᠂ ᠤᠰᠤᠯᠠᠬᠤ ᠤᠰᠤ ᠵᠠᠯᠠᠬᠤ ᠭᠤᠸ᠂ ᠬᠤᠭᠤᠯᠠᠢ᠂ ᠬᠥᠭᠦᠷᠭᠡ ᠶᠢᠨ ᠭᠤᠯᠳᠤᠩ᠂ ᠤᠰᠤᠨ ᠬᠠᠭᠠᠯᠲᠠ᠂ ᠬᠤᠳᠳᠤᠭ ᠤᠨ ᠭᠡᠷ᠂ ᠤᠰᠤ ᠠᠷᠪᠢᠯᠠᠵᠤ ᠤᠰᠤᠯᠠᠬᠤ ᠵᠡᠷᠭᠡ ᠪᠡᠯᠡᠳᠬᠡᠮᠵᠢ ᠲᠥᠬᠦᠭᠡᠷᠦᠮᠵᠢ ᠳᠤ ᠴᠢᠭᠯᠡᠭᠦᠯᠵᠦ᠂ ᠬᠠᠮᠢᠶ᠎ᠠ ᠪᠦᠬᠦᠢ ᠪᠠᠷᠢᠯᠭ᠎ᠠ ᠶᠢᠨ ᠪᠠᠷᠢᠯᠭ᠎ᠠ ᠶᠢᠨ ᠮᠠᠲ᠋ᠧᠷᠢᠶᠠᠯ᠂ ᠪᠦᠲᠦᠭᠡᠨ ᠪᠠᠶᠢᠭᠤᠯᠬᠤ᠂ ᠰᠡᠯᠪᠢᠭ ᠲᠣᠨᠤᠭ ᠬᠢᠷᠢ ᠲᠡᠩᠴᠡᠬᠦ ᠦᠭᠡᠢ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃    2. ᠲᠠᠷᠢᠶᠠᠨ ᠭᠠᠵᠠᠷ ᠤᠨ ᠵᠠᠮ ᠨᠢ ᠭᠤᠣᠯᠳᠠᠭᠤ ᠪᠠᠷᠢᠯᠭ᠎ᠠ ᠶᠢᠨ ᠶᠠᠰᠤ ᠴᠢᠨᠠᠷ ᠬᠢᠷᠢ ᠲᠡᠩᠴᠡᠬᠦ ᠦᠭᠡᠢ ᠠᠰᠠᠭᠤᠳᠠᠯ ᠳᠤ ᠴᠢᠭᠯᠡᠭᠦᠯᠦᠨ᠂ ᠲᠠᠷᠢᠶᠠᠨ ᠭᠠᠵᠠᠷ ᠤᠨ ᠵᠠᠮ ᠤᠨ ᠣᠷᠳᠣ ᠪᠠ ᠥᠷᠭᠡᠨ ᠨᠢ ᠵᠢᠷᠤᠵᠤ ᠲᠥᠯᠥᠪᠯᠡᠭᠰᠡᠨ ᠱᠠᠭᠠᠷᠳᠠᠯᠭ᠎ᠠ ᠪᠠ ᠳ᠋ᠦᠩᠨᠡᠨ ᠪᠤᠳᠤᠵᠤ ᠬᠢᠨᠠᠨ ᠬᠠᠷᠭᠤᠭᠤᠯᠤᠭᠰᠠᠨ ᠲᠤᠭ᠎ᠠ ᠬᠡᠮᠵᠢᠶ᠎ᠡ ᠲᠠᠢ ᠨᠢᠭᠡᠳᠦᠯᠲᠡᠢ ᠪᠠᠶᠢᠬᠤ ᠡᠰᠡᠬᠦ ᠂ ᠵᠠᠮ ᠤᠨ ᠵᠤᠵᠠᠭᠠᠨ ᠨᠢ ᠪᠠᠷᠢᠮᠵᠢᠶ᠎ᠠ ᠳᠤ ᠬᠦᠷᠬᠦ ᠦᠭᠡᠢ᠂ ᠲᠡᠭᠰᠢ ᠪᠤᠰᠤ ᠪᠠᠶᠢᠬᠤ᠂ ᠬᠠᠶᠢᠷ ᠴᠢᠯᠠᠭᠤᠨ ᠵᠠᠮ ᠤᠨ ᠠᠵᠢᠯ ᠢ ᠳᠥᠭᠦᠮᠴᠢᠯᠡᠨ ᠮᠠᠲ᠋ᠧᠷᠢᠶᠠᠯ ᠢ ᠬᠠᠰᠤᠭᠰᠠᠨ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃    3. ᠲᠠᠷᠢᠶᠠᠨ ᠭᠠᠵᠠᠷ ᠤᠨ ᠴᠠᠬᠢᠯᠭᠠᠨ ᠬᠦᠴᠦᠨ ᠤ ᠪᠡᠯᠡᠳᠬᠡᠮᠵᠢ ᠨᠢ ᠳᠤᠲᠠᠭᠳᠠᠵᠤ ᠪᠠᠶᠢᠬᠤ ᠡᠰᠡᠬᠦ᠂ ᠵᠢᠴᠢ ᠡᠪᠳᠡᠷᠡᠵᠦ ᠰᠦᠢᠳᠦᠭᠰᠡᠨ ᠤ ᠳᠠᠷᠠᠭ᠎ᠠ ᠴᠠᠭ ᠲᠤᠬᠠᠢ ᠳᠤᠨᠢ ᠰᠡᠯᠪᠢᠨ ᠵᠠᠰᠠᠭᠰᠠᠨ ᠡᠰᠡᠬᠦ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃    4. ᠭᠠᠵᠠᠷ ᠰᠢᠷᠣᠢ ᠶᠢ ᠲᠡᠭᠰᠢᠯᠡᠬᠦ ᠳᠤ ᠭᠤᠣᠯᠳᠠᠭᠤ ᠪᠠᠷᠢᠯᠭ᠎ᠠ ᠶᠢᠨ ᠠᠵᠢᠯ ᠢ ᠵᠢᠷᠤᠮᠵᠢᠭᠤᠯᠤᠭᠰᠠᠨ ᠦᠭᠡᠢ ᠠᠰᠠᠭᠤᠳᠠᠯ ᠳᠤ ᠴᠢᠭᠯᠡᠭᠦᠯᠦᠨ᠂ ᠲᠠᠷᠢᠶᠠᠨ ᠭᠠᠵᠠᠷ ᠢ ᠲᠡᠭᠰᠢᠯᠡᠭᠰᠡᠨ ᠨᠢ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠪᠠ ᠳ᠋ᠦᠩᠨᠡᠨ ᠪᠤᠳᠤᠵᠤ ᠬᠢᠨᠠᠨ ᠬᠠᠷᠭᠤᠭᠤᠯᠤᠭᠰᠠᠨ ᠲᠤᠭ᠎ᠠ ᠬᠡᠮᠵᠢᠶ᠎ᠡ ᠲᠠᠢ ᠨᠢᠭᠡᠳᠦᠯᠲᠡᠢ ᠪᠠᠶᠢᠬᠤ ᠡᠰᠡᠬᠦ᠂ ᠲᠠᠷᠢᠶᠠᠯᠠᠬᠤ ᠳᠠᠪᠬᠤᠷᠭ᠎ᠠ ᠶᠢ ᠰᠠᠯᠭᠠᠵᠤ ᠳᠠᠬᠢᠨ ᠠᠰᠢᠭᠯᠠᠬᠤ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠭᠰᠡᠨ ᠦᠭᠡᠢ᠂ ᠬᠥᠷᠥᠰᠥ ᠰᠢᠷᠣᠢ ᠶᠢᠨ ᠲᠠᠷᠢᠶᠠᠯᠠᠬᠤ ᠳᠠᠪᠬᠤᠷᠭ᠎ᠠ ᠶᠢ ᠡᠪᠳᠡᠵᠦ ᠬᠡᠪ ᠤᠨ ᠲᠠᠷᠢᠶᠠᠯᠠᠭ᠎ᠠ ᠶᠢ ᠨᠥᠯᠥᠭᠡᠯᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃    5. ᠲᠥᠷᠥᠯ ᠵᠦᠢᠯ ᠤᠨ ᠬᠢᠨᠠᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠢᠨᠠᠨ ᠬᠠᠮᠢᠶᠠᠷᠤᠯᠲᠠ ᠭᠦᠢᠴᠡᠳ ᠪᠤᠰᠤ᠂ ᠬᠢᠨᠠᠨ ᠬᠠᠮᠢᠶᠠᠷᠬᠤ ᠨᠢᠭᠡᠴᠡ ᠪᠣᠯᠣᠨ ᠬᠠᠷᠢᠭᠤᠴᠠᠯᠭ᠎ᠠ ᠲᠠᠢ ᠬᠥᠮᠥᠰ ᠢ ᠬᠠᠵᠠᠭᠤ ᠶᠢᠨ ᠥᠷᠲᠡᠭᠡ᠂ ᠲᠣᠭᠤᠷᠢᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠪᠦᠬᠦ ᠶᠠᠪᠤᠴᠠ ᠳᠤ ᠬᠢᠨᠠᠨ ᠬᠠᠮᠢᠶᠠᠷᠴᠤ ᠪᠠᠶᠢᠬᠤ ᠡᠰᠡᠬᠦ᠂ ᠪᠠᠷᠢᠯᠭ᠎ᠠ ᠶᠢᠨ ᠮᠠᠲ᠋ᠧᠷᠢᠶᠠᠯ ᠢ ᠲᠠᠯᠠᠪᠠᠶ ᠳᠤ ᠣᠷᠣᠭᠤᠯᠬᠤ ᠪᠠ ᠪᠠᠶᠢᠴᠠᠭᠠᠨ ᠰᠢᠯᠭᠠᠬᠤ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠪᠠ ᠵᠠᠩᠭᠢᠯᠠᠭ᠎ᠠ ᠶᠢᠨ ᠬᠡᠰᠡᠭ ᠲᠤ ᠪᠠᠷᠢᠯᠭ᠎ᠠ ᠪᠠᠷᠢᠬᠤ᠂ ᠳᠠᠯᠳᠠ ᠪᠠᠷᠢᠯᠭ᠎ᠠ ᠪᠠᠷᠢᠬᠤ ᠪᠠ ᠰᠢᠯᠭᠠᠨ ᠠᠪᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠤ ᠶᠠᠰᠤ ᠴᠢᠨᠠᠷ ᠢ ᠬᠢᠨᠠᠨ ᠡᠵᠡᠮᠳᠡᠬᠦ ᠶᠢ ᠨᠠᠶᠢᠳᠠᠪᠤᠷᠢᠵᠢᠭᠤᠯᠤᠭᠰᠠᠨ ᠡᠰᠡᠬᠦ᠂ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢᠨ ᠡᠳᠦᠷ ᠤᠨ ᠲᠡᠮᠳᠡᠭᠯᠡᠯ᠂ ᠪᠠᠶᠢᠴᠠᠭᠠᠯᠲᠠ ᠶᠢᠨ ᠲᠡᠮᠳᠡᠭᠯᠡᠯ ᠵᠡᠷᠭᠡ ᠮᠠᠲ᠋ᠧᠷᠢᠶᠠᠯ ᠤᠨ ᠦᠨᠡᠨ ᠪᠣᠳᠠᠲᠠᠢ ᠪᠤᠰᠤ ᠪᠦᠷᠢᠨ ᠪᠤᠰᠤ ᠪᠠᠶᠢᠬᠤ ᠡᠰᠡᠬᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠵᠣᠭᠰᠤᠭᠠᠬᠤ ᠦᠭᠡᠢ᠂ ᠴᠠᠭ ᠲᠤᠬᠠᠢ ᠳᠤᠨᠢ ᠮᠡᠳᠡᠭᠦᠯᠬᠦ ᠦᠭᠡᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ᠃    ᠳᠥᠷᠪᠡ᠂ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢ ᠣᠶᠢᠯᠠᠭᠠᠨ ᠪᠠᠶᠢᠴᠠᠭᠠᠬᠤ    ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠨᠢ 4 ᠰᠠᠷ᠎ᠠ ᠶᠢᠨ 1 ᠤ ᠡᠳᠦᠷ ᠠᠴᠠ ᠡᠬᠢᠯᠡᠵᠦ᠂ 4 ᠰᠠᠷ᠎ᠠ ᠶᠢᠨ ᠰᠡᠭᠦᠯᠴᠢ ᠪᠠᠷ ᠳᠠᠭᠤᠰᠤᠨ᠎ᠠ᠃    1. ᠠᠵᠢᠯᠯᠠᠭ᠎ᠠ ᠶᠢᠨ ᠲᠥᠰᠥᠯ ᠲᠣᠭᠲᠠᠭᠠᠨ᠎ᠠ᠃ ᠴᠡᠭᠴᠡᠯᠡᠨ ᠵᠠᠰᠠᠬᠤ ᠠᠭᠤᠯᠭ᠎ᠠ ᠪᠠ ᠪᠣᠳᠠᠲᠠᠢ ᠱᠠᠭᠠᠷᠳᠠᠯᠭ᠎ᠠ ᠶᠣᠰᠣᠭᠠᠷ᠂ ᠬᠤᠸᠠᠳᠧ ᠰᠢᠶᠠᠨ ᠤ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠥᠯ ᠢ ᠲᠣᠭᠲᠠᠭᠠᠨ᠎ᠠ᠃    2. ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠰᠢᠶᠠᠨ ᠤ ᠠᠷᠠᠳ ᠤᠨ ᠵᠠᠰᠠᠭ ᠤᠨ ᠣᠷᠳᠣᠨ ︽ᠬᠤᠸᠠᠳᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ︾ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠲᠤᠰᠬᠠᠢ ᠠᠵᠢᠯᠲᠠᠨ ᠢ ᠵᠣᠬᠢᠶᠠᠨ ᠪᠠᠶᠢᠭᠤᠯᠵᠤ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠬᠠᠷᠢᠭᠤᠴᠠᠭᠤᠯᠤᠨ᠎ᠠ᠃    3. ᠲᠤᠰᠬᠠᠢ ᠠᠵᠢᠯᠯᠠᠭ᠎ᠠ ᠥᠷᠨᠢᠭᠦᠯᠦᠨ᠎ᠡ᠃ ᠲᠤᠰᠬᠠᠢ ᠠᠵᠢᠯᠯᠠᠭ᠎ᠠ ᠶᠢᠨ ᠴᠡᠭᠴᠡᠯᠡᠨ ᠵᠠᠰᠠᠬᠤ ᠠᠭᠤᠯᠭ᠎ᠠ ᠶᠢ ᠦᠨᠳᠦᠰᠦᠯᠡᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠤᠷᠭᠠᠨ ᠤ ᠲᠣᠭᠲᠠᠭᠠᠭᠰᠠᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠴᠡᠭᠴᠡᠯᠡᠬᠦ ᠮᠡᠷᠭᠡᠵᠢᠯ ᠤᠨ ᠭᠠᠷ ᠳᠡᠪᠲᠡᠷ ︵2.0 ᠤᠨ ᠬᠡᠪᠯᠡᠯ︶︾ ᠢ ᠦᠨᠳᠦᠰᠦᠯᠡᠪᠡᠯ᠂ 2019 ᠣᠨ ᠠᠴᠠ ᠨᠠᠰᠢ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠦᠬᠦ ᠲᠠᠯ᠎ᠠ  ᠪᠠᠷ ᠥᠪᠡᠷ ᠤᠨ ᠪᠠᠶᠢᠴᠠᠭᠠᠯᠲᠠ ᠬᠢᠵᠦ᠂ ᠢᠯᠠᠩᠭᠤᠶ᠎ᠠ ᠦᠷᠭᠦᠯᠵᠢ ᠬᠡᠷᠡᠭᠯᠡᠳᠡᠭ ᠱᠦᠢᠨᠢ ᠶᠢᠨ ᠬᠤᠭᠤᠯᠠᠢ ᠲᠤᠨᠤᠭ᠂ ᠪᠣᠯᠣᠳ ᠮᠠᠲ᠋ᠧᠷᠢᠶᠠᠯ ᠵᠡᠷᠭᠡ ᠮᠠᠲ᠋ᠧᠷᠢᠶᠠᠯ ᠵᠢᠴᠢ ᠲᠠᠯᠳᠠ ᠪᠠᠷᠢᠯᠭ᠎ᠠ ᠳᠤ ᠥᠪᠡᠷ ᠤᠨ ᠪᠠᠶᠢᠴᠠᠭᠠᠯᠲᠠ ᠬᠢᠵᠦ ᠂ ᠵᠢᠭᠰᠠᠭᠠᠨ ᠪᠠᠶᠢᠴᠠᠭᠠᠬᠤ ᠶᠠᠪᠤᠴᠠ ᠳᠤ ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠲᠤᠰᠬᠠᠢ ᠪᠠᠶᠢᠴᠠᠭᠠᠨ ᠰᠢᠯᠭᠠᠬᠤ ᠲᠥᠬᠦᠭᠡᠷᠦᠮᠵᠢ ᠲᠣᠬᠢᠷᠠᠭᠤᠯᠤᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠠᠭᠤᠯᠭ᠎ᠠ ᠶᠢᠨ ᠶᠣᠰᠣᠭᠠᠷ ᠵᠦᠢᠯ ᠳᠠᠷᠠᠭᠠᠯᠠᠨ ᠵᠢᠭᠰᠠᠭᠠᠨ ᠪᠠᠶᠢᠴᠠᠭᠠᠵᠤ ᠂ ᠴᠢᠬᠤᠯᠠ ᠲᠠᠢ ᠦᠶ᠎ᠡ ᠳᠤ ᠂ ᠴᠢᠭ᠋ ᠪᠠᠶᠢᠷᠢ ᠶᠢᠨ ᠲᠠᠯ᠎ᠠ ᠪᠠᠷ ᠡᠪᠳᠡᠯᠡᠭᠡ ᠶᠢᠨ ᠴᠢᠨᠠᠷᠲᠠᠢ ᠪᠠᠶᠢᠴᠠᠭᠠᠨ ᠬᠡᠮᠵᠢᠯᠲᠡ ᠬᠢᠵᠦ ᠪᠣᠯᠣᠨ᠎ᠠ ︔ ᠡᠭᠦᠨ ᠤ ᠬᠠᠮᠲᠤ᠂ ᠲᠥᠷᠥᠯ ᠵᠦᠢᠯ ᠤᠨ ᠲᠣᠭᠤᠷᠢᠭ ᠤᠨ ᠣᠯᠠᠨ ᠲᠦᠮᠡᠨ ᠤ ᠰᠠᠨᠠᠯ ᠰᠠᠨᠠᠭᠤᠯᠭ᠎ᠠ ᠪᠠ ᠪᠠᠶᠢᠳᠠᠯ ᠤᠨ ᠬᠠᠷᠢᠭᠤ ᠲᠤᠰᠬᠠᠯ ᠢ ᠭᠦᠢᠴᠡᠳ ᠰᠣᠨᠣᠰᠴᠤ᠂ ᠨᠢᠭᠡᠨᠲᠡ ᠡᠵᠡᠮᠰᠢᠭᠰᠡᠨ ᠠᠰᠠᠭᠤᠳᠠᠯ ᠤᠨ ᠰᠦᠪᠡᠭᠴᠢ ᠶᠢ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠣᠯᠵᠤ ᠮᠡᠳᠡᠭᠰᠡᠨ ᠠᠰᠠᠭᠤᠳᠠᠯ ᠢ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ ᠥᠭᠡᠷᠡᠴᠢᠯᠡᠬᠦ ᠬᠡᠷᠡᠭᠲᠡᠢ᠃    4. ᠠᠵᠢᠯ ᠤᠨ ᠲᠣᠬᠢᠷᠠᠭᠤᠯᠤᠯᠲᠠ ᠶᠢ ᠮᠡᠳᠡᠭᠦᠯᠦᠨ ᠬᠦᠷᠭᠡᠨ᠎ᠡ᠃ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠲᠣᠪᠴᠢᠶ᠎ᠠ ᠶᠢᠨ ᠲᠣᠬᠢᠷᠠᠭᠤᠯᠬᠤ ᠱᠠᠭᠠᠷᠳᠠᠯᠭ᠎ᠠ ᠶᠣᠰᠣᠭᠠᠷ᠂ ᠭᠠᠷᠠᠭ ᠪᠦᠷᠢ ᠶᠢᠨ ᠬᠤᠶᠠᠷ ᠤᠨ ᠦᠳᠡ ᠶᠢᠨ ᠡᠮᠦᠨ᠎ᠡ ᠴᠡᠭᠴᠡᠯᠡᠨ ᠵᠠᠰᠠᠬᠤ ᠠᠵᠢᠯᠯᠠᠭ᠎ᠠ ᠶᠢᠨ ᠠᠬᠢᠴᠠ ᠶᠢ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃    5. ᠴᠡᠭᠴᠡᠯᠡᠨ ᠰᠠᠶᠢᠵᠢᠷᠠᠭᠤᠯᠵᠤ ᠳ᠋ᠤᠭᠠᠷᠯᠠᠯ ᠢ ᠬᠦᠴᠦᠨ ᠦᠭᠡᠢ ᠪᠣᠯᠭᠠᠬᠤ ᠶᠢ ᠪᠡᠶᠡᠯᠡᠭᠦᠯᠦᠨ᠎ᠡ᠃ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ ᠪᠣᠯᠬᠤ ᠶᠢ ᠨᠢ ᠲᠤᠬᠠᠢ ᠶᠢᠨ ᠭᠠᠵᠠᠷ ᠲᠤᠨᠢ ᠬᠥᠮᠥᠨ ᠲᠣᠬᠢᠷᠠᠭᠤᠯᠤᠨ ᠴᠡᠭᠴᠡᠯᠡᠨ ᠰᠠᠶᠢᠵᠢᠷᠠᠭᠤᠯᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ ᠪᠣᠯᠬᠤ ᠦᠭᠡᠢ ᠶᠢ ᠨᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠰᠠᠨᠠᠯ ᠭᠠᠷᠭᠠᠵᠤ᠂ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ 5 ᠰᠠᠷ᠎ᠠ ᠶᠢᠨ ᠰᠡᠭᠦᠯᠴᠢ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠶᠢᠨ ᠬᠠᠮᠲᠤ ᠮᠡᠳᠡᠭᠦᠯᠦᠨ ᠳ᠋ᠤᠭᠠᠷ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃    6. ᠠᠵᠢᠯ ᠤᠨ ᠳ᠋ᠦᠩᠨᠡᠯᠲᠡ ᠪᠠᠨ ᠳᠡᠭᠡᠭᠰᠢ ᠮᠡᠳᠡᠭᠦᠯᠦᠨ᠎ᠡ᠃ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠪᠥᠬᠦ ᠲᠠᠯ᠎ᠠ ᠪᠠᠷ ᠳ᠋ᠦᠩᠨᠡᠵᠦ᠂ ᠠᠰᠠᠭᠤᠳᠠᠯ ᠨᠢ ᠬᠦᠨᠳᠦ ᠨᠣᠴᠢᠲᠠᠢ᠂ ᠰᠢᠨᠵᠢ ᠴᠢᠨᠠᠷ ᠢᠶᠠᠷ ᠮᠠᠭᠤ ᠲᠥᠷᠥᠯ ᠵᠦᠢᠯ ᠢ ᠪᠠᠶᠢᠳᠠᠯ ᠢ ᠨᠢ ᠦᠵᠡᠵᠦ ᠪᠠᠶᠢᠭᠠᠳ ᠢᠯᠡ ᠪᠠᠷ ᠨᠡᠪᠲᠡᠷᠡᠭᠦᠯᠦᠨ᠎ᠡ᠃    ᠲᠠᠪᠤ ᠂ ᠠᠵᠢᠯ ᠤᠨ ᠱᠠᠭᠠᠷᠳᠠᠯᠭ᠎ᠠ    ᠨᠢᠭᠡ ᠳᠤ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠤᠬᠠᠮᠰᠠᠷ ᠢ ᠪᠤᠢ ᠪᠣᠯᠭᠠᠵᠤ ᠂ ᠬᠠᠷᠢᠭᠤᠴᠠᠯᠭ᠎ᠠ ᠶᠢ ᠡᠭᠦᠷᠭᠡᠯᠡᠵᠦ ᠂ ᠶᠠᠰᠤ ᠴᠢᠨᠠᠷ ᠢ ᠠᠳᠬᠤᠬᠤ ᠬᠡᠷᠡᠭᠲᠡᠢ᠃ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠠᠴᠠ ᠭᠠᠷᠳᠠᠵᠤ᠂ ᠪᠦᠲᠦᠭᠡᠨ ᠪᠠᠶᠢᠭᠤᠯᠤᠯᠲᠠ ᠶᠢᠨ ᠳᠤᠮᠳᠠ ᠶᠠᠰᠤ ᠴᠢᠨᠠᠷ ᠢ ᠴᠢᠩᠭ᠎ᠠ ᠬᠠᠮᠢᠶᠠᠷᠤᠨ ᠡᠵᠡᠮᠳᠡᠵᠦ᠂ ᠵᠢᠷᠤᠭ ᠲᠥᠯᠥᠪᠯᠡᠭᠡ ᠶᠢᠨ ᠪᠣᠭᠤᠮᠲᠠ᠂ ᠮᠠᠲ᠋ᠧᠷᠢᠶᠠᠯ ᠤᠨ ᠪᠣᠭᠤᠮᠲᠠ᠂ ᠪᠠᠷᠢᠯᠭ᠎ᠠ ᠶᠢᠨ ᠪᠣᠭᠤᠮᠲᠠ᠂ ᠬᠢᠨᠠᠨ ᠬᠠᠮᠢᠶᠠᠷᠬᠤ ᠪᠣᠭᠤᠮᠲᠠ᠂ ᠰᠢᠯᠭᠠᠨ ᠠᠪᠬᠤ ᠪᠣᠭᠤᠮᠲᠠ ᠶᠢ ᠴᠢᠩᠭ᠎ᠠ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠨᠡᠨ ᠬᠦ ᠴᠢᠨᠠᠷ ᠰᠠᠶᠢᠲᠠᠢ ᠰᠠᠶᠢᠨ ᠰᠠᠨᠠᠭᠠᠨ ᠤ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃    ᠬᠤᠶᠠᠷ ᠲᠤ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ ᠃ ᠰᠢᠶᠠᠨ ᠤ ᠠᠷᠠᠳ ᠤᠨ ᠵᠠᠰᠠᠭ ᠤᠨ ᠣᠷᠳᠣᠨ ︽ᠬᠤᠸᠠᠳᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ︾ ᠢ ᠪᠠᠶᠢᠭᠤᠯᠵᠤ᠂ ᠲᠤᠰᠬᠠᠢ ᠠᠵᠢᠯᠲᠠᠨ ᠢ ᠵᠣᠬᠢᠶᠠᠨ ᠪᠠᠶᠢᠭᠤᠯᠤᠨ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠬᠠᠷᠢᠭᠤᠴᠠᠭᠤᠯᠵᠤ᠂ ᠵᠢᠭᠰᠠᠭᠠᠨ ᠪᠠᠶᠢᠴᠠᠭᠠᠬᠤ ᠶᠠᠪᠤᠴᠠ ᠳᠤ ᠲᠥᠷᠥᠯ ᠵᠦᠢᠯ ᠤᠨ ᠲᠣᠭᠤᠷᠢᠭ ᠤᠨ ᠣᠯᠠᠨ ᠲᠦᠮᠡᠨ ᠤ ᠰᠠᠨᠠᠯ ᠰᠠᠨᠠᠭᠤᠯᠭ᠎ᠠ ᠪᠠ ᠪᠠᠶᠢᠳᠠᠯ ᠤᠨ ᠬᠠᠷᠢᠭᠤ ᠲᠤᠰᠬᠠᠯ ᠢ ᠭᠦᠢᠴᠡᠳ ᠰᠣᠨᠣᠰᠴᠤ᠂ ᠨᠢᠭᠡᠨᠲᠡ ᠡᠵᠡᠮᠰᠢᠭᠰᠡᠨ ᠠᠰᠠᠭᠤᠳᠠᠯ ᠤᠨ ᠰᠦᠪᠡᠭᠴᠢ ᠶᠢ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠣᠷᠣᠰᠢᠵᠤ ᠪᠠᠶᠢᠭ᠎ᠠ ᠬᠦᠴᠢᠷᠳᠡᠯᠲᠡᠢ ᠠᠰᠠᠭᠤᠳᠠᠯ ᠢ ᠴᠠᠭ ᠲᠤᠬᠠᠢ ᠳᠤᠨᠢ ᠤᠳᠤᠷᠢᠳᠬᠤ ᠳᠤᠭᠤᠶᠢᠯᠠᠩ ᠳᠤ ᠬᠠᠷᠢᠭᠤ ᠮᠡᠳᠡᠭᠦᠯᠵᠦ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠡᠷᠬᠡᠪᠰᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃    ᠭᠤᠷᠪᠠ ᠳᠤ ᠂ ᠠᠬᠢᠴᠠ ᠶᠢᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠨ᠎ᠡ ᠃ 3 ᠰᠠᠷ᠎ᠠ ᠶᠢᠨ 28 ᠤ ᠡᠳᠦᠷ ᠠᠴᠠ ᠡᠬᠢᠯᠡᠨ᠂ ᠭᠠᠷᠠᠭ ᠪᠦᠷᠢ ᠶᠢᠨ ᠬᠤᠶᠠᠷ ᠲᠤ ᠠᠵᠢᠯ ᠤᠨ ᠠᠬᠢᠴᠠ ᠶᠢᠨ ᠲᠣᠬᠢᠷᠠᠭᠤᠯᠤᠯᠲᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠵᠦ᠂ ᠲᠣᠬᠢᠷᠠᠭᠤᠯᠤᠯᠲᠠ ᠶᠢᠨ ᠬᠦᠰᠦᠨᠦᠭᠲᠦ ᠶᠢᠨ ᠠᠭᠤᠯᠭ᠎ᠠ ᠶᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠬᠢᠨᠠᠭᠤᠯᠬᠤ ᠶᠢᠨ ᠬᠠᠮᠲᠤ ᠠᠯᠪᠠᠨ ᠲᠠᠮᠠᠭ᠎ᠠ ᠳᠠᠷᠤᠵᠤ ᠳᠡᠭᠡᠭᠰᠢ ᠮᠡᠳᠡᠭᠦᠯᠬᠦ ᠬᠡᠷᠡᠭᠲᠡᠢ᠃ ᠡᠭᠦᠨ ᠤ ᠵᠡᠷᠭᠡ ᠳᠤ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠬᠤᠯᠠᠴᠢᠯᠠᠬᠤ ᠬᠡᠷᠡᠭᠲᠡᠢ᠃ 4 ᠰᠠᠷ᠎ᠠ ᠶᠢᠨ 30 ᠤ ᠡᠳᠦᠷ ᠠᠴᠠ ᠡᠮᠦᠨ᠎ᠡ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠥᠪᠡᠰᠦᠪᠡᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃ 5 ᠰᠠᠷ᠎ᠠ ᠶᠢᠨ 30 ᠤ ᠡᠳᠦᠷ ᠠᠴᠠ ᠡᠮᠦᠨ᠎ᠡ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠳ᠋ᠦᠩᠨᠡᠯᠲᠡ ᠶᠢᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃    ᠳᠠᠭᠠᠯᠳᠤᠭᠤᠯᠤᠯ᠄ ᠬᠤᠸᠠᠳᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ     ᠬᠤᠸᠠᠳᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩᠳᠤᠭᠤᠶᠢᠯᠠᠩ ᠤᠨ ᠳᠠᠷᠤᠭ᠎ᠠ᠄ ᠰᠢᠶᠣᠣ ᠵᠧᠨ ᠢᠦᠢ  ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠᠳᠡᠳ᠋ ᠳᠤᠭᠤᠶᠢᠯᠠᠩ ᠤᠨ ᠳᠠᠷᠤᠭ᠎ᠠ᠄ ᠯᠢ ᠰᠢᠶᠣᠣ ᠹᠧᠩ  ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠᠭᠡᠰᠢᠭᠦᠨ ᠄ ᠬᠤᠤ ᠸᠧᠢ  ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠᠯᠢ ᠴᠢ  ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢᠬᠠᠨ ᠰᠢᠤᠸᠠᠢ ᠹᠧᠩ  ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠨᠴᠢᠳ᠋ᠤᠸᠠᠨ ᠪᠦᠦ ᠵᠦᠩ  ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠨᠴᠢᠬᠤ᠋ ᠫᠧᠩ ᠴᠧᠩ  ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠡᠳ᠋ ᠳᠠᠭᠠᠭᠠᠮᠠᠯᠯᠢ ᠳ᠋ᠦᠩ  ᠴᠠᠩᠱᠦ᠋ᠨ ᠪᠠᠯᠭᠠᠰᠤᠨ ᠤ ᠳᠠᠷᠤᠭ᠎ᠠᠼᠤᠤ ᠵᠢᠶᠦ᠋ᠨ  ᠴᠣᠣᠶᠠᠩ ᠪᠠᠯᠭᠠᠰᠤᠨ ᠤ ᠳᠠᠷᠤᠭ᠎ᠠᠵᠠᠩ ᠭᠥᠸᠧ ᠰᠢᠨ  ᠳᠣᠯᠣᠳᠤᠭᠠᠷ ᠪᠠᠯᠭᠠᠰᠤᠨ ᠤ ᠳᠠᠷᠤᠭ᠎ᠠᠶᠠᠩ ᠴᠢᠩ ᠹᠧᠩ  ᠪᠠᠶᠠᠨᠲᠠᠯ᠎ᠠ ᠰᠢᠶᠠᠩ ᠤᠨ ᠳᠠᠷᠤᠭ᠎ᠠᠬᠤᠸᠠᠩ ᠰᠢᠶᠣᠣ ᠪᠥᠸᠧ  ᠭᠦᠨᠤᠯᠠᠭᠠᠨᠬᠤᠳᠳᠤᠭ ᠰᠢᠶᠠᠩ ᠤᠨ ᠳᠠᠷᠤᠭ᠎ᠠᠢᠦᠢ ᠫᠢᠩ ᠳᠡᠪᠡᠭᠡᠲᠦ ᠰᠢᠶᠠᠩ ᠤᠨ ᠳᠠᠷᠤᠭ᠎ᠠᠬᠤᠸᠠᠳᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠪᠠᠶᠢᠷᠢᠯᠠᠭᠤᠯᠵᠤ᠂ ᠭᠤᠣᠯᠳᠠᠭᠤ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯᠯᠠᠭ᠎ᠠ ᠶᠢᠨ ᠲᠥᠰᠥᠯ ᠢ ᠲᠣᠭᠲᠠᠭᠠᠬᠤ᠂ ᠠᠰᠠᠭᠤᠳᠠᠯ ᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠵᠢᠭᠰᠠᠭᠠᠨ ᠪᠠᠶᠢᠴᠠᠭᠠᠬᠤ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ     
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2