ᠮᠠᠨ ᠤ ᠰᠢᠶᠠᠨ ᠤ ᠴᠠᠩᠱᠦ᠋ᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠦᠨᠳᠦᠰᠦᠨ ᠱᠠᠲᠤᠨ ᠳᠤ ᠭᠦᠨᠵᠡᠭᠡᠶᠢᠷᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/4/20
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ ᠂ ᠣᠶᠢᠷ᠎ᠠ ᠳᠤ᠂ ᠴᠠᠩᠱᠦ᠋ᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠴᠢᠶᠠᠩ ᠳᠣᠯᠤᠭᠠᠨᠬᠤᠳᠳᠤᠭ ᠲᠣᠰᠬᠤᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃

30.jpg

    ᠬᠤᠷᠠᠯ ᠳᠡᠭᠡᠷ᠎ᠡ᠂ ᠯᠢ ᠵᠢᠢ ᠴᠢᠶᠠᠩ ︽ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂

ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ︾  ᠪᠠᠷ ᠭᠤᠣᠯ ᠰᠡᠳᠦᠪ ᠪᠣᠯᠭᠠᠵᠤ᠂ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠠ ᠠᠭᠤᠯᠤᠭᠳᠠᠬᠤᠨ ᠠᠴᠠ ᠤᠷᠤᠭᠰᠢᠯᠠᠯᠲᠠ ᠶᠢᠨ

ᠵᠠᠮ ᠳᠡᠭᠡᠷ᠎ᠡ ᠡᠷᠬᠡᠪᠰᠢ ᠪᠠᠲᠤ ᠡᠵᠡᠮᠰᠢᠬᠦ ᠬᠡᠷᠡᠭᠲᠡᠢ ᠴᠢᠬᠤᠯᠠ ᠶᠡᠭᠡ ᠵᠠᠷᠴᠢᠮ ᠢ ᠭᠦᠨᠵᠡᠭᠡᠢ ᠣᠶᠢᠯᠠᠭᠠᠵᠤ᠂ ᠦᠵᠡᠯ

ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠠᠵᠢᠯ ᠤᠨ

ᠠᠷᠭ᠎ᠠ ᠬᠡᠮᠵᠢᠶ᠎ᠡ ᠲᠠᠢ ᠦᠨᠡᠨᠬᠦ ᠨᠢᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠪᠦᠬᠦ ᠲᠠᠯ᠎ᠠ

 ᠪᠠᠷ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠤ ᠦᠢᠯᠡᠰ ᠪᠠ ᠦᠵᠡᠰᠬᠦᠯᠡᠩᠲᠦ ᠰᠠᠶᠢᠬᠠᠨ

ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂

ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠦᠨᠵᠡᠭᠡᠢ ᠲᠠᠶᠢᠯᠤᠮᠵᠢ ᠬᠢᠵᠦ᠂

ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ

ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠠᠴᠠ ᠤᠶᠤᠨ ᠤᠬᠠᠭᠠᠨ ᠬᠦᠴᠦᠨ ᠴᠢᠳᠠᠯ ᠣᠯᠵᠤ᠂

ᠴᠢᠨᠠᠷ ᠰᠠᠶᠢᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠦᠶ᠎ᠡ ᠶᠢᠨ ᠦᠨ᠎ᠡ ᠦᠷᠳᠡᠭ ᠢ

ᠣᠨᠣᠪᠴᠢᠲᠠᠢ ᠣᠶᠢᠯᠠᠭᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠢ ᠰᠠᠶᠢᠲᠤᠷ

ᠬᠢᠬᠦ ᠬᠠᠷᠢᠭᠤᠴᠠᠯᠭᠠᠲᠤ ᠰᠡᠳᠬᠢᠯᠭᠡ ᠂ ᠡᠭᠦᠷᠭᠡᠲᠦ ᠰᠡᠳᠬᠢᠯᠭᠡ᠂ ᠢᠷᠠᠭᠤ ᠠᠯᠳᠠᠷ ᠤᠨ ᠰᠡᠳᠬᠢᠯᠭᠡ ᠶᠢ ᠦᠨᠡᠨᠬᠦ

ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠵᠶ᠋ᠠᠨ‌‍ᠴᠠᠩᠱᠦ᠋ᠨ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃

    ᠬᠤᠷᠠᠯ ᠤᠨ ᠲᠠᠷᠠᠭ᠎ᠠ᠂ ᠯᠢ ᠵᠢᠢ ᠴᠢᠶᠠᠩ ᠳᠣᠯᠤᠭᠠᠨᠬᠤᠳᠳᠤᠭ ᠲᠣᠰᠬᠤᠨ ᠤ ᠪᠣᠳᠠᠲᠤ ᠪᠠᠶᠢᠳᠠᠯ ᠲᠠᠢ

ᠤᠶᠠᠯᠳᠤᠭᠤᠯᠵᠤ᠂ ᠠᠵᠤ ᠦᠢᠯᠡᠰ ᠤᠨ ᠲᠦᠷᠦᠯ ᠵᠦᠢᠯ᠂ ᠠᠯᠠᠰᠢᠨ ᠬᠤᠨᠢ ᠲᠡᠵᠢᠭᠡᠨ ᠦᠷᠡᠵᠢᠭᠦᠯᠬᠦ᠂ ᠬᠠᠭᠤᠷᠠᠢ

ᠲᠠᠷᠢᠮᠠᠯ ᠢ ᠣᠷᠭᠠᠨᠢᠭ ᠢᠶᠠᠷ ᠲᠠᠷᠢᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠲᠠᠯ᠎ᠠ ᠶᠢᠨ ᠲᠣᠭᠤᠷᠢᠨ ᠳᠤ ᠨᠠᠮ ᠤᠨ

ᠭᠡᠰᠢᠭᠦᠨ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠤᠯᠠᠨ ᠢ ᠦᠷᠭᠦᠯᠵᠢᠯᠡᠨ ᠴᠢᠷᠮᠠᠶᠢᠨ ᠲᠡᠮᠡᠴᠡᠵᠦ᠂

ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠪᠠᠯ ᠲᠠᠷᠢᠶᠠᠴᠢᠳ ᠤᠨ ᠬᠠᠷᠮᠠᠨ ᠤ

ᠴᠦᠩᠬᠦ ᠤᠯᠠᠮ ᠠᠴᠠ ᠤᠯᠠᠮ ᠴᠢᠩᠭᠠᠷᠠᠬᠤ ᠪᠣᠯᠣᠨ᠎ᠠ ᠭᠡᠵᠦ ᠵᠣᠷᠢᠭᠵᠢᠭᠤᠯᠪᠠ ᠃ ᠴᠠᠩᠱᠦ᠋ᠨ ᠪᠠᠯᠭᠠᠰᠤᠨ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ ᠴᠤ ᠤᠯᠠᠨ ᠲᠠᠢ ᠬᠠᠮᠲᠤ ᠣᠷᠣᠰᠢᠨ ᠰᠠᠭᠤᠬᠤ ᠳᠤ ᠲᠣᠬᠢᠷᠠᠮᠵᠢᠲᠠᠢ ᠪᠠ

ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠠᠶᠢᠨ ᠰᠠᠶᠢᠬᠠᠨ ᠠᠮᠢᠳᠤᠷᠠᠯ ᠢ ᠪᠦᠲᠦᠭᠡᠨ ᠪᠠᠶᠢᠭᠤᠯᠬᠤ ᠶᠢᠨ

ᠲᠥᠯᠥᠭᠡ ᠴᠢᠷᠮᠠᠶᠢᠨ ᠲᠡᠮᠡᠴᠡᠬᠦ ᠪᠣᠯᠣᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2