ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠤᠯᠠᠭᠠᠨᠴᠠᠪ ᠤᠨ ᠪᠠᠶᠢᠭᠠᠯᠢᠭ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/20
   ︽ ᠤᠯᠠᠭᠠᠨᠴᠠᠪ ᠤᠨ ᠪᠠᠶᠢᠭᠠᠯᠢᠭ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠂ ᠠᠵᠤ ᠠᠬᠤᠶᠢᠯᠠᠯ ᠤᠨ ︽ᠤᠯᠠᠭᠠᠨᠴᠠᠪ ᠤᠨ ᠪᠠᠶᠢᠭᠠᠯᠢᠭ ᠦᠨᠦᠷ ᠠᠮᠲᠠ︾ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠭᠤᠶᠤᠴᠢᠯᠠᠬᠤ ᠳᠤ ᠢᠳᠡᠪᠬᠢᠲᠡᠢ ᠪᠠᠷ ᠬᠠᠮᠵᠢᠯᠴᠠᠬᠤ ᠶᠢᠨ ᠲᠦᠯᠦᠭᠡ᠂ 2023 ᠣᠨ ᠤ 4 ᠰᠠᠷ᠎ᠠ ᠶᠢᠨ 7 ᠤ ᠡᠳᠦᠷ᠂ ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ ᠤᠯᠠᠭᠠᠨᠴᠠᠪ ᠤᠨ ᠪᠠᠶᠢᠭᠠᠯᠢᠭ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃

1.png

   ᠬᠤᠷᠠᠯ ᠠᠴᠠ ︽ ᠤᠯᠠᠭᠠᠨᠴᠠᠪ ᠤᠨ ᠪᠠᠶᠢᠭᠠᠯᠢᠭ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ

ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠬᠤ ᠨᠠᠷᠢᠨ ᠳᠦᠷᠢᠮ ᠵᠢᠴᠢ ︽ ᠤᠯᠠᠭᠠᠨᠴᠠᠪ ᠤᠨ 

ᠪᠠᠶᠢᠭᠠᠯᠢᠭ ᠦᠨᠦᠷ ᠠᠮᠲᠠ︾ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠤᠬᠠᠭᠤᠯᠤᠨ ᠠᠬᠢᠭᠤᠯᠬᠤ

ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢ ᠨᠠᠷᠢᠨ ᠲᠠᠶᠢᠯᠪᠤᠷᠢᠯᠠᠪᠠ᠃

   ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠂ ᠨᠠᠷᠠᠲᠤ ᠲᠡᠮᠳᠡᠭᠲᠦ ᠪᠠᠷ ᠬᠥᠲᠥᠯᠥᠨ ᠳᠠᠭᠠᠭᠤᠯᠬᠤ ᠶᠢ

ᠴᠢᠬᠤᠯᠠᠴᠢᠯᠠᠵᠤ᠂ ︽ ᠤᠯᠠᠭᠠᠨᠴᠠᠪ ᠤᠨ ᠪᠠᠶᠢᠭᠠᠯᠢᠭ ᠦᠨᠦᠷ ᠠᠮᠲᠠ︾ ᠶᠢᠨ ᠨᠠᠷᠠᠲᠤ ᠲᠡᠮᠳᠡᠭᠲᠦ ᠶᠢᠨ

ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ᠂ ᠪᠥᠬᠦ ᠠᠮᠢ ᠨᠠᠰᠤᠨ ᠤ

ᠦᠶᠡᠯᠡᠯ ᠤᠨ ᠬᠤᠭᠤᠴᠠᠭᠠᠨ ᠤ ᠶᠠᠰᠤ ᠴᠢᠨᠠᠷ ᠤᠨ ᠰᠠᠭᠤᠷᠢ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠯᠠᠪᠳᠠᠭᠤᠨ

ᠪᠠᠲᠤᠲᠠᠢ ᠰᠠᠶᠢᠲᠤᠷ ᠬᠢᠵᠦ᠂ ᠠᠵᠤ ᠠᠬᠤᠶᠢᠯᠠᠯ ᠤᠨ ᠶᠠᠰᠤ ᠴᠢᠨᠠᠷ ᠦᠷ᠎ᠡ ᠠᠰᠢᠭ ᠪᠠ ᠭᠤᠣᠯᠯᠠᠬᠤ ᠥᠷᠢᠰᠦᠯᠳᠦᠬᠦ

ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ᠂ ︽ ᠤᠯᠠᠭᠠᠨᠴᠠᠪ ᠤᠨ ᠪᠠᠶᠢᠭᠠᠯᠢᠭ

ᠦᠨᠦᠷ ᠠᠮᠲᠠ︾ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠬᠥᠲᠥᠯᠥᠨ

ᠵᠢᠯᠤᠭᠤᠳᠬᠤ ᠪᠠ ᠵᠣᠬᠢᠴᠠᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠴᠢᠨᠠᠷ

ᠰᠠᠶᠢᠲᠠᠢ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ︽ᠤᠯᠠᠭᠠᠨᠴᠠᠪ ᠤᠨ 

ᠪᠠᠶᠢᠭᠠᠯᠢᠭ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ

ᠲᠡᠮᠳᠡᠭᠲᠦ ᠳᠤ ᠣᠷᠣᠭᠤᠯᠵᠤ᠂ ᠠᠵᠤ ᠠᠬᠤᠶᠢᠯᠠᠯ ᠤᠨ ᠫᠠᠶᠢᠰᠠ ᠡᠭᠦᠳᠬᠦ ᠠᠵᠢᠯ ᠤᠨ ᠲᠣᠬᠢᠷᠠᠭᠤᠯᠤᠯᠲᠠ ᠶᠢ

ᠴᠢᠩᠭᠠᠳᠬᠠᠬᠤ ᠬᠡᠷᠡᠭᠲᠡᠢ᠃

   ᠡᠭᠦᠨ ᠤ ᠬᠠᠮᠲᠤ ᠴᠢᠬᠤᠯᠠᠴᠢᠯᠠᠭᠰᠠᠨ ᠨᠢ᠂ ᠨᠢᠭᠡ ᠳᠤ ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢ

ᠥᠷᠭᠡᠨ ᠢᠶᠠᠷ ᠥᠷᠨᠢᠭᠦᠯᠵᠦ᠂ ︽ ᠤᠯᠠᠭᠠᠨᠴᠠᠪ ᠤᠨ ᠪᠠᠶᠢᠭᠠᠯᠢᠭ ᠦᠨᠦᠷ ᠠᠮᠲᠠ︾ ᠶᠢᠨ ᠣᠷᠣᠨ ᠪᠦᠰᠡ ᠶᠢᠨ

ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠲᠣᠭᠤᠷᠢᠨ ᠳᠤ᠂ ᠸᠢᠴᠠᠲ ᠤᠨ ᠨᠡᠶᠢᠲᠡ ᠶᠢᠨ ᠳ᠋ᠤᠭᠠᠷ

᠂ ᠲᠣᠮᠣ ᠬᠡᠯᠪᠡᠷᠢ ᠶᠢᠨ ᠬᠤᠳᠠᠯᠳᠤᠭᠠᠨ ᠤ ᠴᠢᠯᠦᠭᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ

ᠵᠡᠷᠭᠡ ᠡᠯ᠎ᠡ ᠲᠥᠷᠥᠯ ᠤᠨ ᠵᠠᠷ ᠮᠡᠳᠡᠭᠡᠨ ᠤ ᠡᠬᠢ ᠪᠠᠶᠠᠯᠢᠭ ᠢ ᠭᠦᠢᠴᠡᠳ ᠠᠰᠢᠭᠯᠠᠨ ᠤᠬᠠᠭᠤᠯᠭ᠎ᠠ ᠥᠷᠨᠢᠭᠦᠯᠬᠦ

ᠬᠡᠷᠡᠭᠲᠡᠢ᠃ ᠬᠤᠶᠠᠷ ᠲᠤ᠂ ᠮᠠᠨ ᠤ ᠰᠢᠶᠠᠨ ᠤ ᠠᠵᠤ ᠠᠬᠤᠶᠢᠯᠠᠯ ᠤᠨ ︽ ᠤᠯᠠᠭᠠᠨᠴᠠᠪ ᠤᠨ ᠪᠠᠶᠢᠭᠠᠯᠢᠭ ᠦᠨᠦᠷ

ᠠᠮᠲᠠ ︾ ᠶᠢᠨ ᠨᠠᠷᠠᠲᠤ ᠲᠥᠷᠥᠯ ᠲᠡᠮᠳᠡᠭᠲᠦ ᠶᠢᠨ ᠡᠷᠬᠡ ᠣᠯᠭᠤᠯᠲᠠ ᠶᠢ ᠭᠤᠶᠤᠴᠢᠯᠠᠬᠤ ᠶᠢ ᠢᠳᠡᠪᠬᠢᠲᠡᠢ ᠪᠠᠷ

ᠳᠡᠮᠵᠢᠵᠦ᠂ ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠮᠡᠳᠡᠷᠡᠮᠵᠢ ᠶᠢ

ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠭᠠᠨᠴᠠᠪ ᠤᠨ ᠣᠨᠴᠠᠯᠢᠭᠲᠤ ᠣᠷᠣᠨ ᠪᠦᠰᠡ ᠶᠢᠨ ᠨᠠᠷᠠᠲᠤ ᠲᠥᠷᠥᠯ

ᠲᠡᠮᠳᠡᠭᠲᠦ ᠶᠢᠨ ᠥᠷᠲᠡᠭ ᠪᠠ ᠨᠥᠯᠥᠭᠡᠯᠡᠬᠦ ᠬᠦᠴᠦᠨ ᠢ ᠳᠣᠪᠤᠶᠢᠯᠭᠠᠬᠤ ᠬᠡᠷᠡᠭᠲᠡᠢ᠃

2.png

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2