ᠮᠠᠨ ᠤ ᠰᠢᠶᠠᠨ ᠤ ᠴᠣᠣᠶᠠᠩ ᠪᠠᠯᠭᠠᠰᠤ ︽ᠪᠢ ᠭᠡᠷ ᠣᠷᠤᠨ ᠢᠶᠠᠨ ᠬᠠᠶᠢᠷᠠᠯᠠᠬᠤ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/4/23
   ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠠᠬᠢᠭᠤᠯᠵᠤ᠂ ︽ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠂ ︽ᠬᠥᠮᠥᠨ ᠪᠦᠬᠦᠨ ᠬᠠᠷᠢᠭᠤᠴᠠᠯᠭ᠎ᠠ ᠲᠠᠢ᠂ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠥᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ ᠂ ᠬᠥᠳᠡᠭᠡ ᠲᠣᠰᠬᠤᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠤᠨ ᠲᠦᠪᠰᠢᠨ ᠢ ᠳᠡᠭᠡᠭᠰᠢᠯᠡᠭᠦᠯᠵᠦ᠂ ᠡᠨᠡ ᠵᠢᠯ ᠴᠣᠣᠶᠠᠩ ᠪᠠᠯᠭᠠᠰᠤ ᠪᠦᠬᠦ ᠪᠠᠯᠭᠠᠰᠤᠨ ᠤ ᠬᠡᠪᠴᠢᠶᠡᠨ ᠳᠤ ︽ ᠪᠢ ᠭᠡᠷ ᠣᠷᠤᠨ ᠢᠶᠠᠨ ᠬᠠᠶᠢᠷᠠᠯᠠᠬᠤ︾ᠠᠵᠢᠯᠯᠠᠭ᠎ᠠ ᠦᠷᠨᠢᠭᠦᠯᠪᠡ᠃   ᠣᠶᠢᠷ᠎ᠠ ᠶᠢᠨ ᠡᠳᠦᠷ ᠤᠳ ᠲᠤ᠂ ᠪᠥᠬᠦ ᠪᠠᠯᠭᠠᠰᠤᠨ ᠤ ᠡᠯ᠎ᠡ ᠲᠣᠰᠬᠤᠨ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠤᠬᠠᠭᠤᠯᠤᠨ ᠳᠠᠶᠢᠴᠢᠯᠠᠵᠤ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠠᠵᠢᠯ ᠬᠢᠯᠭᠡᠵᠦ᠂ ᠠᠶᠢᠯ ᠲᠣᠰᠬᠤᠨ ᠤ ᠥᠨᠴᠥᠭ ᠪᠤᠯᠤᠩ ᠪᠦᠷᠢ ᠶᠢ ᠬᠠᠶᠢᠷᠠᠯᠠᠨ ᠬᠠᠮᠠᠭᠠᠯᠠᠵᠤ᠂ ︽ᠠᠶᠢᠯ ᠲᠣᠰᠬᠤᠨ ᠪᠣᠯ ᠮᠢᠨᠤ ᠭᠡᠷ ᠮᠥᠨ᠂ ᠣᠯᠠᠨ ᠤ ᠬᠠᠶᠢᠷᠠᠯᠠᠨ ᠬᠠᠮᠠᠭᠠᠯᠠᠬᠤ ᠳᠤ ᠲᠦᠰᠢᠭᠯᠡᠨ᠎ᠡ︾ ᠭᠡᠬᠦ ᠦᠵᠡᠯ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃ ᠮᠢᠨ ᠯᠧ ᠲᠣᠰᠬᠤᠨ᠂ ᠪᠠᠭᠠᠲᠤᠷ ᠤᠨ ᠣᠪᠤᠭ᠎ᠠ ᠲᠣᠰᠬᠤᠨ᠂ ᠰᠢᠨ ᠱᠧ ᠲᠣᠰᠬᠤᠨ ᠠᠴᠠ ᠥᠷᠭᠡᠨ ᠤᠯᠠᠨ ᠨᠠᠮ ᠤᠨ ᠭᠡᠰᠢᠭᠦᠨ ᠪᠣᠯᠣᠨ ᠪᠦᠬᠦ ᠲᠣᠰᠬᠤᠨ ᠤ ᠠᠷᠠᠳ ᠲᠤ ︽ᠪᠢ ᠭᠡᠷ ᠣᠷᠤᠨ ᠢᠶᠠᠨ ᠬᠠᠶᠢᠷᠠᠯᠠᠨ᠎ᠠ᠂ ᠨᠡᠩ ᠴᠤ ᠲᠣᠰᠬᠤᠨ ᠢᠶᠠᠨ ᠬᠠᠶᠢᠷᠠᠯᠠᠨ᠎ᠠ︾ ᠭᠡᠬᠦ ᠰᠠᠨᠠᠭᠠᠴᠢᠯᠠᠭ᠎ᠠ ᠶᠢᠨ ᠵᠠᠬᠢᠳᠠᠯ ᠢ ᠲᠠᠷᠬᠠᠭᠠᠵᠠᠢ ︔ ᠨᠠᠨ ᠯᠢᠨ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠵᠡᠭᠡᠯᠢ ᠭᠤᠳᠤᠮᠵᠢ ᠪᠠᠷ ᠠᠶᠢᠯ ᠡᠷᠦᠬᠡ ᠪᠠᠷ ᠬᠦᠷᠴᠦ ᠤᠬᠠᠭᠤᠯᠭ᠎ᠠ ᠬᠢᠵᠦ᠂ ᠺᠠᠳ᠋ᠷ ᠤᠯᠠᠨ ᠲᠦᠮᠡᠨ ᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠣᠯᠣᠨ ᠪᠦᠲᠦᠭᠡᠯᠴᠢ ᠴᠢᠨᠠᠷ ᠢ ᠥᠷᠭᠡᠨ ᠢᠶᠠᠷ ᠲᠠᠶᠢᠴᠢᠯᠠᠵᠠᠢ᠃

10.png

11.png

  

   ᠡᠯ᠎ᠡ ᠲᠣᠰᠬᠤᠨ ᠤ ᠬᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ

ᠢᠳᠡᠪᠬᠢᠲᠡᠢ ᠥᠷᠨᠢᠭᠦᠯᠵᠦ᠂ ᠲᠣᠰᠬᠤᠨ ᠤ ᠠᠷᠠᠳ ᠤᠨ ᠵᠥᠪᠯᠡᠯ ᠪᠣᠯᠣᠨ ᠪᠦᠬᠦ ᠲᠣᠰᠬᠤᠨ ᠢ ᠡᠷᠬᠡ ᠮᠡᠳᠡᠵᠦ᠂

ᠲᠣᠰᠬᠤᠨ ᠤ ᠠᠷᠠᠳ ᠤᠨ ᠵᠥᠪᠯᠡᠯ ᠤᠨ ᠡᠷᠡᠭᠦᠯ ᠬᠠᠮᠠᠭᠠᠯᠠᠯ ᠤᠨ ᠦᠨᠴᠦᠭ ᠪᠤᠯᠤᠩ ᠭᠠᠵᠠᠷ ᠢ ᠢᠳᠡᠪᠬᠢᠲᠡᠢ

ᠬᠥᠳᠡᠯᠦᠯᠴᠡᠨ ᠴᠡᠪᠡᠷᠯᠡᠵᠦ᠂ ᠬᠥᠮᠥᠨ ᠢ ᠵᠣᠬᠢᠶᠠᠨ ᠪᠠᠶᠢᠭᠤᠯᠤᠨ ᠭᠤᠣᠯᠳᠠᠯᠭ᠎ᠠ ᠲᠠᠢ ᠪᠠᠷ ᠵᠠᠰᠠᠮᠠᠯ ᠵᠠᠮ ᠳᠠᠭᠠᠤ ᠶᠢᠨ

ᠲᠣᠭᠤᠷᠢᠨ ᠳᠤ ᠴᠢᠯᠠᠭᠤ ᠤᠨᠠᠬᠤ᠂ ᠬᠤᠭ ᠨᠣᠪᠰᠢ ᠶᠢᠨ ᠣᠪᠣᠭ᠎ᠠ᠂ ᠰᠦᠯᠢᠶᠥᠦ ᠪᠦᠷᠬᠦᠪᠴᠢ᠂ ᠬᠤᠷᠠᠭᠰᠠᠨ ᠴᠠᠰᠤ

ᠵᠡᠷᠭᠡ ᠶᠢ ᠪᠥᠬᠦ ᠲᠠᠯ᠎ᠠ ᠪᠠᠷ ᠴᠡᠪᠡᠷᠯᠡᠵᠦ᠂ ᠲᠣᠰᠬᠤᠨ ᠤ ᠳᠣᠲᠣᠷᠠᠬᠢ ᠵᠢᠵᠢᠭ ᠭᠤᠳᠤᠮᠵᠢ᠂ ᠲᠠᠷᠢᠶᠠᠴᠢᠨ ᠡᠷᠦᠬᠡ ᠶᠢᠨ

ᠭᠡᠷ ᠪᠠᠶᠢᠰᠢᠩ ᠤᠨ ᠠᠷᠤ ᠲᠠᠯ᠎ᠠ᠂ ᠰᠣᠶᠣᠯ ᠤᠨ ᠠᠭᠤᠳᠠᠮ ᠲᠠᠯᠠᠪᠠᠶ ᠵᠡᠷᠭᠡ ᠭᠠᠵᠠᠷ ᠣᠷᠣᠨ ᠢ ᠪᠠᠭᠲᠠᠭᠠᠭᠰᠠᠨ ︽

ᠲᠣᠣᠷ ᠲᠠᠲᠠᠬᠤ ᠮᠠᠶ᠋ᠢᠭ︾ ᠤᠨ ᠴᠡᠪᠡᠷᠯᠡᠯᠲᠡ ᠬᠢᠵᠦ᠂ ᠬᠥᠳᠡᠭᠡ ᠲᠣᠰᠬᠤᠨ ᠤ ᠡᠪᠡᠰᠦ ᠲᠦᠯᠡᠭᠡ ᠶᠢᠨ ᠬᠤᠭ ᠨᠣᠪᠰᠢ

᠂ ᠮᠠᠯ ᠤᠨ ᠪᠠᠭᠠᠰᠤ ᠰᠢᠭᠡᠰᠦ ᠶᠢ ᠵᠡᠷᠭᠡᠪᠡᠷ ᠨᠡᠭᠦᠯᠭᠡᠵᠦ᠂ ᠪᠥᠬᠦ ᠪᠠᠯᠭᠠᠰᠤᠨ ᠤ ᠣᠷᠴᠢᠨ ᠲᠣᠭᠤᠷᠢᠨ ᠤ ᠡᠷᠡᠭᠦᠯ

ᠬᠠᠮᠠᠭᠠᠯᠠᠯ ᠢ ᠢᠯᠡᠳᠲᠡ ᠰᠠᠶᠢᠵᠢᠷᠠᠭᠤᠯᠪᠠ᠃

   ᠳᠠᠷᠠᠭᠠᠴᠢ ᠶᠢᠨ ᠠᠯᠬᠤᠮ ᠳᠤ᠂ ᠴᠣᠣᠶᠠᠩ ᠪᠠᠯᠭᠠᠰᠤ ︽ᠪᠢ ᠭᠡᠷ ᠣᠷᠤᠨ ᠢᠶᠠᠨ ᠬᠠᠶᠢᠷᠠᠯᠠᠬᠤ︾ᠠᠵᠢᠯᠯᠠᠭ᠎ᠠ ᠶᠢ

ᠦᠷᠭᠦᠯᠵᠢᠯᠡᠨ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠤᠳᠤᠷᠢᠳᠬᠤ ᠪᠠ ᠠᠬᠢᠭᠤᠯᠬᠤ ᠪᠠᠨ ᠴᠢᠨᠠᠭᠰᠢᠳᠠ

ᠴᠢᠩᠭᠠᠳᠬᠠᠬᠤ ᠪᠣᠯᠣᠨ᠎ᠠ᠃ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂

ᠬᠥᠮᠥᠨ ᠪᠦᠬᠦᠨ ᠬᠠᠷᠢᠭᠤᠴᠠᠯᠭ᠎ᠠ ᠲᠠᠢ᠂ ᠬᠥᠮᠥᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠪᠤᠢ

ᠪᠣᠯᠭᠠᠵᠤ᠂ ᠲᠣᠰᠬᠤᠨ ᠡᠷᠦᠬᠡ ᠬᠠᠮᠲᠤ ᠪᠠᠷ ︽ᠪᠢ ᠭᠡᠷ ᠣᠷᠤᠨ ᠢᠶᠠᠨ ᠬᠠᠶᠢᠷᠠᠯᠠᠬᠤ︾ ᠤᠬᠠᠭᠤᠯᠤᠭᠴᠢ᠂

ᠦᠢᠯᠡᠳᠦᠯᠭᠡᠵᠢᠭᠦᠯᠦᠭᠴᠢ᠂ ᠵᠢᠱᠢᠶ᠎ᠡ ᠦᠵᠡᠭᠦᠯᠦᠭᠴᠢ ᠪᠠ ᠰᠠᠨᠠᠯ ᠳᠤᠷᠠᠳᠤᠭᠴᠢ ᠪᠣᠯᠬᠤ ᠶᠢ ᠪᠠᠶᠢᠭᠤᠯᠬᠤ ᠬᠡᠷᠡᠭᠲᠡᠢ ᠃

ᠵᠣᠬᠢᠶᠠᠭᠴᠢ᠄ ᠴᠣᠣᠶᠠᠩ ᠪᠠᠯᠭᠠᠰᠤ

ᠣᠷᠴᠢᠭᠤᠯᠤᠭᠴᠢ ᠄ 

ᠢᠷᠡᠯᠲᠡ᠄ ᠴᠣᠣᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ

 

 
ᠢᠷᠡᠯᠲᠡ᠄ ᠴᠣᠣᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2