| | | | ᠨᠢᠭᠡ᠂ ᠰᠤᠷᠪᠤᠯᠵᠢᠯᠠᠭᠴᠢ᠄ ᠲᠠ ᠮᠠᠨ ᠤ ᠰᠢᠶᠠᠨ ᠤ ᠣᠳᠣᠬᠠᠨ ᠤ ᠰᠢᠨ᠎ᠡ ᠡᠨᠧᠷᠭᠢ ᠶᠢᠨ ᠬᠥᠭᠵᠢᠯᠲᠡ ᠶᠢᠨ | ᠪᠠᠶᠢᠳᠠᠯ ᠢ ᠶᠠᠷᠢᠭᠠᠳ ᠥᠭᠭᠦᠭᠡᠷᠡᠢ | ᠭᠦᠸᠧ ᠭᠤᠸᠠᠩ ᠪᠢᠩ ᠡᠷᠬᠢᠯᠡᠭᠴᠢ᠄ ᠣᠶᠢᠷ᠎ᠠ ᠶᠢᠨ ᠵᠢᠯ ᠳᠤ᠂ ᠮᠠᠨ ᠤ ᠰᠢᠶᠠᠨ ᠤ ᠰᠢᠨ᠎ᠡ ᠡᠨᠧᠷᠭᠢ ᠶᠢᠨ | ᠬᠥᠭᠵᠢᠯᠲᠡ ᠨᠢ ᠭᠤᠣᠯᠳᠠᠭᠤ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠪᠠᠷ ᠭᠤᠣᠯᠯᠠᠵᠤ᠂ ᠣᠳᠣᠬᠠᠨ ᠳᠤ ᠪᠥᠬᠦ | ᠰᠢᠶᠠᠨ ᠤ ᠰᠠᠯᠬᠢᠨ ᠬᠦᠴᠦᠨ ᠤ ᠴᠠᠬᠢᠯᠭᠠᠨ ᠢ ᠨᠡᠶᠢᠲᠡ 83 ᠲᠦᠮᠡᠨ ᠺᠢᠯᠣᠸᠠᠲ ᠤᠨ ᠲᠣᠣᠷ ᠲᠤ ᠨᠡᠶᠢᠯᠡᠭᠦᠯᠦᠨ | ᠮᠠᠰᠢᠨ ᠴᠣᠭᠴᠠᠯᠠᠭᠰᠠᠨ ᠪᠠᠶᠢᠨ᠎ᠠ᠃ | ᠨᠢᠭᠡ ᠳᠤ ᠂ ᠲᠥᠪᠯᠡᠷᠡᠩᠭᠦᠢ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ 5 ᠪᠠᠶᠢᠭᠤᠯᠵᠤ᠂ | ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 75 ᠲᠦᠮᠡᠨ ᠺᠢᠯᠣᠸᠠᠲ ᠪᠠᠶᠢᠵᠤ᠂ ᠥᠪᠥᠷ ᠮᠣᠩᠭᠤᠯ ᠤᠨ | ᠰᠠᠨ ᠱᠧᠩ ᠰᠠᠯᠬᠢᠨ ᠬᠦᠴᠦᠨ ᠤ ᠴᠠᠬᠢᠯᠭᠠᠨ ᠤ ᠬᠢᠵᠠᠭᠠᠷᠲᠤ ᠺᠣᠮᠫᠠᠨᠢ ︵ᠬᠤᠸᠠ ᠳ᠋ᠢᠶᠠᠨ︶ ᠶᠢᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠨᠢ ᠲᠤᠰ ᠲᠤᠰ 5 ᠲᠦᠮᠡᠨ ᠺᠢᠯᠣᠸᠠᠲ ᠲᠤ ᠬᠦᠷᠴᠦ᠂ ᠭᠦᠸᠧ ᠱᠦᠢ | ᠪᠦᠯᠦᠭᠯᠡᠯ ᠤᠨ ᠬᠤᠸᠠᠳᠧ ᠶᠢᠨ ᠰᠠᠯᠬᠢᠨ ᠬᠦᠴᠦᠨ ᠤ ᠴᠠᠬᠢᠯᠭᠠᠨ ᠤ ᠬᠢᠵᠠᠭᠠᠷᠲᠤ ᠺᠣᠮᠫᠠᠨᠢ ︵ᠰᠠᠨ ᠰᠢᠶᠠ︶ ᠶᠢᠨ ᠮᠠᠰᠢᠨ | ᠴᠣᠭᠴᠠᠯᠠᠪᠤᠷᠢ ᠶᠢᠨ ᠳᠦᠷᠢᠮ 40 ᠲᠦᠮᠡᠨ ᠺᠢᠯᠣᠸᠠᠲ᠂ ᠵᠦᠩ ᠬᠠᠢ ᠴᠢᠯᠠᠭᠤᠨ ᠲᠤᠰᠤᠨ ᠤ ᠰᠢᠨ᠎ᠡ ᠡᠨᠧᠷᠭᠢ ᠶᠢᠨ | ᠶᠢ ᠨᠧᠩ ᠤᠨ ᠬᠤᠸᠠᠳᠧ ᠶᠢᠨ ᠰᠠᠯᠬᠢᠨ ᠬᠦᠴᠦᠨ ᠤ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠮᠠᠰᠢᠨ | ᠴᠣᠭᠴᠠᠯᠠᠪᠤᠷᠢ ᠶᠢᠨ ᠬᠡᠪᠴᠢᠶ᠎ᠡ 5 ᠲᠦᠮᠡᠨ ᠺᠢᠯᠣᠸᠠᠲ ᠂ ᠬᠤᠸᠠᠳᠧ ᠰᠢᠶᠠᠨ ᠤ ᠾᠦᠢ ᠳ᠋ᠧ ᠰᠠᠯᠬᠢᠨ ᠬᠦᠴᠦᠨ ᠤ | ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 15 ᠲᠦᠮᠡᠨ ᠺᠢᠯᠣᠸᠠᠲ | ᠪᠣᠯᠣᠨ ᠬᠤᠸᠠᠳᠧ ᠰᠢᠶᠠᠨ ᠤ ᠳ᠋ᠠ ᠳ᠋ᠢ ᠲᠠᠢ ᠬᠤᠩ ᠰᠠᠯᠬᠢᠨ ᠡᠨᠧᠷᠭᠢ ᠶᠢᠨ ᠠᠰᠢᠭᠯᠠᠯᠲᠠ ᠶᠢᠨ ᠬᠢᠵᠠᠭᠠᠷᠲᠤ | ᠺᠣᠮᠫᠠᠨᠢ︵ᠬᠤᠸᠠ ᠨᠧᠩ︶ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 10 ᠲᠦᠮᠡᠨ ᠺᠢᠯᠣᠸᠠᠲ ᠲᠤ ᠬᠦᠷᠴᠡᠢ᠃ | ᠬᠤᠶᠠᠷ ᠲᠤ ᠂ ᠲᠠᠷᠠᠬᠠᠢ ᠪᠤᠲᠠᠷᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ 3 | ᠪᠠᠶᠢᠭᠤᠯᠵᠤ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 8 ᠲᠦᠮᠡᠨ ᠺᠢᠯᠣᠸᠠᠲ ᠲᠤ ᠬᠦᠷᠴᠦ᠂ ᠲᠣᠰ | ᠲᠣᠰ ᠰᠢᠦᠢ ᠲᠦᠩ ᠴᠣᠣᠶᠠᠩ ᠪᠠᠯᠭᠠᠰᠤᠨ ᠤ 1 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠦᠢᠯ᠂ ᠵᠥᠩ ᠬᠠᠢ ᠲᠣᠰᠣᠨ ᠤ ᠴᠣᠣᠶᠠᠩ ᠪᠠᠯᠭᠠᠰᠤᠨ ᠤ 4 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠬᠢᠯᠭᠠᠨ ᠤ ᠲᠥᠷᠥᠯ ᠵᠦᠢᠯ ᠪᠠ ᠶᠢᠨ ᠵᠢᠶᠧ ᠴᠠᠩᠱᠦ᠋ᠨ ᠪᠠᠯᠭᠠᠰᠤᠨ ᠤ 3 ᠲᠦᠮᠡᠨ ᠺᠢᠯᠣᠸᠠᠲ ᠤᠨ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠪᠣᠯᠣᠨ᠎ᠠ᠃ | ᠭᠤᠷᠪᠠ ᠳᠤ ᠂ ᠤᠳᠤ ᠶᠠᠭ ᠰᠢᠨ᠎ᠡ ᠡᠨᠧᠷᠭᠢ ᠶᠢᠨ ᠲᠦᠷᠦᠯ ᠵᠦᠢᠯ ᠢ 2 ᠪᠠᠶᠢᠭᠤᠯᠵᠤ᠂ ᠶᠡᠷᠦᠩᠬᠡᠢ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 150 ᠲᠦᠮᠡᠨ ᠺᠢᠯᠣᠸᠠᠲ ᠲᠤ ᠬᠦᠷᠴᠦ᠂ ᠲᠤᠰ ᠲᠤᠰ ᠭᠤᠷᠪᠠᠨ | ᠬᠠᠪᠴᠢᠯ ᠤᠨ ᠬᠤᠸᠠᠳᠧ ᠰᠢᠶᠠᠨ ᠤ ᠡᠬᠢ ᠶᠢᠨ ᠲᠣᠣᠷ ᠤᠨ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠤᠭᠰᠠᠨ | ᠪᠣᠬᠢᠷᠲᠤᠯ ᠦᠭᠡᠢ ᠴᠠᠬᠢᠯᠭᠠᠨ ᠬᠠᠩᠭᠠᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠢᠱᠢᠶ᠎ᠡ | ᠦᠵᠡᠭᠦᠯᠬᠦ ᠲᠦᠷᠦᠯ ᠵᠦᠢᠯ ᠪᠣᠯᠣᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠤᠸᠠᠳᠧ ᠰᠢᠶᠠᠨ ᠤ | 100 ᠲᠦᠮᠡᠨ ᠺᠢᠯᠣᠸᠠᠲ ᠤᠨ ᠭᠡᠷᠡᠯ ᠰᠠᠯᠬᠢᠨ ᠤ ᠨᠥᠭᠡᠴᠡᠯᠡᠨ ᠴᠠᠬᠢᠯᠭᠠᠨ ᠭᠠᠷᠭᠠᠬᠤ ᠲᠦᠷᠦᠯ ᠵᠦᠢᠯ ᠪᠣᠯᠣᠨ᠎ᠠ ᠃ | ᠭᠤᠷᠪᠠᠨ ᠬᠠᠪᠴᠢᠯ ᠤᠨ ᠬᠤᠸᠠᠳᠧ ᠰᠢᠶᠠᠨ ᠤ ᠡᠬᠢ ᠰᠤᠷᠪᠤᠯᠵᠢ ᠶᠢᠨ ᠰᠦᠯᠵᠢᠶᠡᠨ ᠤ ᠴᠡᠨᠡᠭ ᠨᠥᠭᠡᠴᠡᠯᠡᠬᠦ ᠶᠢ ᠨᠢᠭᠡ | ᠴᠣᠭᠴᠠᠵᠢᠭᠤᠯᠤᠭᠰᠠᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠᠭᠲᠠᠭᠠᠮᠵᠢ | ᠨᠢ 50 ᠲᠦᠮᠡᠨ ᠺᠢᠯᠣᠸᠠᠲ ᠲᠤ ᠬᠦᠷᠴᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 36.57 | ᠳ᠋ᠦᠩᠰᠢᠭᠤᠷ ᠲᠥᠭᠦᠷᠢᠭ ᠲᠤ ᠬᠦᠷᠴᠦ᠂ 108 ᠲᠠᠩ ᠮᠠᠰᠢᠨ ᠤ ᠪᠠᠭᠲᠠᠭᠠᠮᠵᠢ ᠨᠢ 4.5 MW ᠪᠠ 2 ᠲᠠᠩ | ᠮᠠᠰᠢᠨ ᠤ ᠪᠠᠭᠲᠠᠭᠠᠮᠵᠢ ᠨᠢ 5MW ᠪᠣᠯᠬᠤ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ | ᠤᠭᠰᠠᠷᠠᠵᠤ᠂ 220KV ᠶᠢᠨ ᠬᠦᠴᠦᠳᠡᠯ ᠳᠡᠭᠡᠭᠰᠢᠯᠡᠭᠦᠯᠬᠦ ᠥᠷᠲᠡᠭᠡ ︵220KV ᠶᠢᠨ ᠬᠦᠴᠦᠳᠡᠯ | ᠳᠡᠭᠡᠭᠰᠢᠯᠡᠭᠦᠯᠬᠦ ᠥᠷᠲᠡᠭᠡ᠂ 15 ᠲᠦᠮᠡᠨ ᠺᠢᠯᠣᠸᠠᠲ/ 2 ᠴᠠᠭ ᠤᠨ ᠡᠨᠧᠷᠭᠢ ᠬᠠᠳᠠᠭᠠᠯᠠᠬᠤ ᠶᠢ ᠪᠠᠭᠲᠠᠭᠠᠨ᠎ᠠ︶ ᠶᠢ | ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠣᠶ᠃ ᠥᠪᠥᠷ ᠮᠣᠩᠭᠤᠯ ᠤᠨ ᠡᠨᠧᠷᠭᠢ ᠶᠢᠨ | ᠪᠦᠯᠦᠭᠯᠡᠯ ᠤᠨᠬᠤᠸᠠᠳᠧ ᠰᠢᠶᠠᠨ ᠤ 100 ᠲᠦᠮᠡᠨ ᠺᠢᠯᠣᠸᠠᠲ ᠤᠨ ᠰᠠᠯᠬᠢᠨ ᠭᠡᠷᠡᠯ ᠬᠠᠳᠠᠭᠠᠯᠠᠵᠤ ᠴᠠᠬᠢᠯᠭᠠᠨ | ᠭᠠᠷᠭᠠᠬᠤ ᠲᠥᠷᠥᠯ ᠵᠦᠢᠯ ᠤᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠮᠠᠰᠢᠨ ᠴᠣᠭᠴᠠᠯᠠᠪᠤᠷᠢ ᠶᠢᠨ | ᠪᠠᠭᠲᠠᠭᠠᠮᠵᠢ ᠶᠢ 100 ᠲᠦᠮᠡᠨ ᠺᠢᠯᠣᠸᠠᠲ ᠪᠠᠶᠢᠯᠭᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠶᠢ | 51 ᠳ᠋ᠦᠩᠰᠢᠭᠤᠷ ᠲᠥᠭᠦᠷᠢᠭ ᠲᠤ ᠬᠦᠷᠭᠡᠵᠦ᠂ ᠰᠠᠯᠬᠢᠨ ᠬᠦᠴᠦᠨ ᠤ ᠴᠠᠬᠢᠯᠭᠠᠨ ᠤ 80 ᠲᠦᠮᠡᠨ ᠺᠢᠯᠣᠸᠠᠲ ᠪᠣᠯᠣᠨ | ᠭᠡᠷᠡᠯ ᠸᠣᠯᠲ ᠤᠨ 20 ᠲᠦᠮᠡᠨ ᠺᠢᠯᠣᠸᠠᠲ ᠤᠨ ᠲᠥᠬᠦᠭᠡᠷᠦᠮᠵᠢ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢ | ᠪᠦᠲᠦᠭᠡᠨ ᠪᠠᠶᠢᠭᠤᠯᠬᠤ ᠶᠢᠨ ᠬᠠᠮᠲᠤ 15% ᠶᠢᠨ ᠡᠨᠧᠷᠭᠢ ᠶᠢᠨ ᠬᠠᠳᠠᠭᠠᠯᠠᠮᠵᠢ ᠶᠢ ᠲᠣᠬᠢᠷᠠᠭᠤᠯᠬᠤ ᠪᠠᠷ | ᠲᠥᠯᠥᠪᠯᠡᠵᠦ ᠪᠤᠢ᠃ | ᠬᠤᠶᠠᠷ᠂ ᠰᠤᠷᠪᠤᠯᠵᠢᠯᠠᠭᠴᠢ ᠄ ᠲᠠ ᠮᠠᠨ ᠤ ᠰᠢᠶᠠᠨ ᠤ ᠴᠢᠬᠤᠯᠠ ᠶᠡᠭᠡ ᠵᠦᠢᠯᠡᠰ ᠢ ᠥᠷᠨᠢᠭᠦᠯᠵᠦ ᠪᠠᠶᠢᠭ᠎ᠠ | ᠪᠠᠶᠢᠳᠠᠯ ᠤᠨ ᠲᠤᠬᠠᠢ ᠶᠠᠷᠢᠭᠠᠳ ᠥᠭᠭᠦᠭᠡᠷᠡᠢ | ᠭᠦᠸᠧ ᠭᠤᠸᠠᠩ ᠪᠢᠩ ᠡᠷᠬᠢᠯᠡᠭᠴᠢ᠄ ᠡᠨᠡ ᠵᠢᠯ ᠮᠠᠨ ᠤ ᠰᠢᠶᠠᠨ ᠤ ᠵᠠ᠊ᠰᠠᠭ ᠤᠨ ᠣᠷᠳᠣᠨ ᠤ ᠪᠡᠯᠡ | ᠣᠷᠤᠭᠤᠯᠤᠯᠲᠠ 5000 ᠲᠦᠮᠡ ᠠᠴᠠ ᠳᠡᠭᠡᠭᠰᠢ᠂ ᠠᠵᠤ ᠠᠬᠤᠶᠢᠯᠠᠯ ᠤᠨ ᠪᠡᠯᠡ ᠣᠷᠤᠭᠤᠯᠤᠯᠲᠠ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 12᠂ ᠲᠥᠷᠥᠯ ᠵᠦᠢᠯ ᠤᠨ ᠶᠡᠷᠦᠩᠬᠡᠢ ᠪᠡᠯᠡ | ᠣᠷᠤᠭᠤᠯᠤᠯᠲᠠ 114.32 ᠳ᠋ᠦᠩᠰᠢᠭᠤᠷ ᠲᠥᠭᠦᠷᠢᠭ᠂ ᠡᠭᠦᠨ ᠳᠤ ᠵᠠᠰᠠᠭ ᠤᠨ ᠣᠷᠳᠣᠨ ᠤ ᠪᠡᠯᠡ | ᠣᠷᠤᠭᠤᠯᠤᠯᠲᠠ ᠶᠢᠨ ᠲᠥᠷᠥᠯ ᠵᠦᠢᠯ 3᠂ ᠶᠡᠷᠦᠩᠬᠡᠢ ᠪᠡᠯᠡ ᠣᠷᠤᠭᠤᠯᠤᠯᠲᠠ 2.3 ᠳ᠋ᠦᠩᠰᠢᠭᠤᠷ ᠲᠥᠭᠦᠷᠢᠭ︔ | ᠠᠵᠤ ᠠᠬᠤᠶᠢᠯᠠᠯ ᠤᠨ ᠪᠡᠯᠡ ᠣᠷᠤᠭᠤᠯᠤᠯᠲᠠ ᠶᠢᠨ ᠲᠥᠷᠥᠯ ᠵᠦᠢᠯ 9 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ | ᠨᠢ 112.02 ᠳ᠋ᠦᠩᠰᠢᠭᠤᠷ ᠲᠥᠭᠦᠷᠢᠭ ᠪᠣᠯᠣᠨ᠎ᠠ᠃ ᠡᠨᠡ ᠵᠢᠯ ᠮᠠᠨ ᠤ ᠰᠢᠶᠠᠨ 20.9 ᠳ᠋ᠦᠩᠰᠢᠭᠤᠷ | ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠭᠤᠷᠪᠠ᠂ ᠰᠤᠷᠪᠤᠯᠵᠢᠯᠠᠭᠴᠢ ᠄ ᠲᠠ ᠮᠠᠨ ᠤ ᠰᠢᠶᠠᠨ ᠤ ᠳᠡᠭᠡᠳᠦ ᠱᠠᠲᠤᠨ ᠤ ᠪᠡᠯᠡ ᠮᠥᠩᠭᠦ ᠶᠢ ᠲᠡᠮᠡᠴᠡᠨ ᠣᠯᠵᠤ | ᠪᠠᠶᠢᠭ᠎ᠠ ᠪᠠᠶᠢᠳᠠᠯ ᠤᠨ ᠲᠤᠬᠠᠢ ᠶᠠᠷᠢᠭᠠᠳ ᠥᠭᠭᠦᠭᠡᠷᠡᠢ | ᠭᠦᠸᠧ ᠭᠤᠸᠠᠩ ᠪᠢᠩ ᠡᠷᠬᠢᠯᠡᠭᠴᠢ᠄ ᠡᠨᠡ ᠵᠢᠯ ᠮᠠᠨ ᠤ ᠰᠢᠶᠠᠨ ᠡᠯ᠎ᠡ ᠲᠥᠷᠥᠯ ᠤᠨ 26 ᠲᠥᠷᠥᠯ ᠵᠦᠢᠯ ᠢ | ᠴᠢᠷᠮᠠᠶᠢᠨ ᠣᠯᠵᠤ᠂ ᠳᠡᠭᠡᠳᠦ ᠱᠠᠲᠤᠨ ᠤ 24.5209 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠴᠢᠷᠮᠠᠶᠢᠨ | ᠣᠯᠬᠤ ᠪᠠᠷ ᠲᠥᠯᠥᠪᠯᠡᠵᠦ ᠪᠠᠶᠢᠨ᠎ᠠ᠃ ᠡᠭᠦᠨ ᠤ ᠳᠣᠲᠣᠷ᠎ᠠ᠂ ᠲᠥᠪ ᠤᠨ ᠲᠥᠰᠥᠪ ᠤᠨ ᠳᠣᠲᠣᠷᠠᠬᠢ 6 ᠵᠦᠢᠯ ᠤᠨ | ᠵᠦᠢᠯᠡᠰ ᠢ ᠴᠢᠷᠮᠠᠶᠢᠨ ᠣᠯᠵᠤ ᠂ 8.15 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠢᠷᠮᠠᠶᠢᠨ ᠣᠯᠬᠤ ᠪᠠᠷ | ᠲᠥᠯᠥᠪᠯᠡᠵᠦ ᠪᠠᠶᠢᠨ᠎ᠠ︔ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ 7 ᠲᠥᠷᠥᠯ ᠵᠦᠢᠯ ᠢ | ᠴᠢᠷᠮᠠᠶᠢᠨ ᠣᠯᠵᠤ᠂ 1.9565 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠢᠷᠮᠠᠶᠢᠨ ᠣᠯᠬᠤ ᠪᠠᠷ ᠪᠣᠶ︔ | ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ 3 ᠪᠠᠶᠢᠵᠤ᠂ 6989 ᠲᠦᠮᠡᠨ ᠲᠥᠭᠦᠷᠢᠭ ᠤᠨ ᠪᠡᠯᠡ | ᠮᠥᠩᠭᠦ ᠣᠯᠬᠤ ᠪᠠᠷ ᠲᠥᠯᠥᠪᠯᠡᠵᠦ ᠪᠣᠶ︔10 ᠵᠦᠢᠯ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ | ᠵᠦᠢᠯᠡᠰ ᠢ ᠴᠢᠷᠮᠠᠶᠢᠨ ᠣᠯᠵᠤ᠂ 13.7155 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠴᠢᠷᠮᠠᠶᠢᠨ | ᠣᠯᠬᠤ ᠪᠠᠷ ᠲᠥᠯᠥᠪᠯᠡᠵᠦ ᠪᠠᠶᠢᠨ᠎ᠠ᠃ | ᠳᠥᠷᠪᠡ᠂ ᠰᠤᠷᠪᠤᠯᠵᠢᠯᠠᠭᠴᠢ᠄ ᠲᠠ ᠮᠠᠨ ᠤ ᠰᠢᠶᠠᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ | ᠥᠷᠨᠢᠭᠦᠯᠦᠭᠰᠡᠨ ᠪᠠᠶᠢᠳᠠᠯ ᠢ ᠶᠠᠷᠢᠭᠠᠳ ᠥᠭᠭᠦᠭᠡᠷᠡᠢ | ᠭᠦᠸᠧ ᠭᠤᠸᠠᠩ ᠪᠢᠩ ᠡᠷᠬᠢᠯᠡᠭᠴᠢ ᠄ ᠥᠪᠡᠷᠲᠡᠭᠡᠨ ᠵᠠᠰᠠᠬᠤ ᠣᠷᠣᠨ ᠤ ︽ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠢ ᠨᠢᠭᠡᠳᠦᠯᠲᠡᠢ ᠲᠥᠯᠥᠪᠯᠡᠨ ᠪᠦᠲᠦᠭᠡᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠲᠦᠷᠭᠡᠳᠬᠡᠨ | ᠠᠬᠢᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠴᠡᠷᠢᠭ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ ᠠᠴᠠ ᠥᠪᠥᠷ ᠮᠣᠩᠭᠤᠯ ᠤᠨ ᠠᠷᠠᠳ ᠤᠨ ᠠᠭᠠᠷ ᠤᠨ | ᠲᠡᠭᠡᠭᠡᠪᠦᠷᠢ ᠶᠢ ᠵᠣᠯᠭᠠᠭᠤᠯᠬᠤ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠠᠮᠲᠤᠷᠠᠭᠰᠠᠨ ᠱᠲ᠋ᠠᠪ ᠤᠨ | ᠬᠡᠯᠲᠡᠰ᠂ ᠠᠭᠠᠷ ᠤᠨ ᠴᠡᠷᠢᠭ ᠵᠢᠴᠢ ᠪᠠᠶᠢᠯᠳᠤᠭᠠᠨ ᠤ ᠨᠢᠭᠡᠨᠲᠡ ᠳᠡᠭᠡᠭᠰᠢ ᠮᠡᠳᠡᠭᠦᠯᠵᠦ ᠬᠢᠨᠠᠨ ᠵᠥᠪᠰᠢᠶᠡᠷᠡᠭᠦᠯᠬᠦ | ᠭᠤᠶᠤᠴᠢᠯᠠᠯ ᠭᠠᠷᠭᠠᠭᠰᠠᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠦᠷᠦᠯ ᠵᠦᠢᠯ ᠨᠢ ᠡᠨᠡ | ᠵᠢᠯ ᠤᠨ ᠳᠡᠭᠡᠷ᠎ᠡ ᠬᠠᠭᠠᠰ ᠵᠢᠯ ᠳᠤ ᠴᠡᠷᠢᠭ ᠤᠨ ᠲᠠᠯ᠎ᠠ ᠶᠢᠨ ᠴᠣᠬᠤᠯᠠᠪᠤᠷᠢ ᠶᠢ ᠣᠯᠬᠤ ᠶᠢᠨ ᠬᠠᠮᠲᠤ ᠴᠡᠷᠢᠭ ᠠᠩᠭᠢ | ᠪᠠ ᠣᠷᠣᠨ ᠨᠤᠲᠤᠭ ᠤᠨ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠢ ᠪᠠᠲᠤᠯᠠᠵᠤ᠂ ᠮᠠᠨ ᠤ ᠰᠢᠶᠠᠨ | ᠴᠡᠷᠢᠭ ᠤᠨ ᠲᠠᠯ᠎ᠠ ᠶᠢᠨ ᠴᠣᠬᠤᠯᠠᠪᠤᠷᠢ ᠶᠢᠨ ᠲᠦᠷᠦᠯ ᠵᠦᠢᠯ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠥᠪᠥᠷ | ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠯᠦᠭᠯᠡᠯ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ | ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠡᠨᠡ ᠵᠢᠯ ᠠᠴᠠ ᠡᠬᠢᠯᠡᠨ ᠪᠦᠲᠦᠭᠡᠨ | ᠪᠠᠶᠢᠭᠤᠯᠬᠤ ᠶᠢ ᠪᠠᠲᠤᠯᠠᠨ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | |