ᠮᠠᠨ ᠤ ᠰᠢᠶᠠᠨ ᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠱᠧᠨᠵᠧᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/4/6
    4 ᠰᠠᠷ᠎ᠠ ᠶᠢᠨ 3  ᠤ ᠡᠳᠦᠷ᠂ ᠬᠤᠸᠠᠳᠧ ᠰᠢᠶᠠᠨ ᠱᠧᠨᠵᠧᠨ ᠬᠤᠳᠠ ᠶᠢᠨ ᠶᠠᠨ ᠲᠢᠶᠠᠨ ᠲᠣᠭᠤᠷᠢᠭ ᠲᠤ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ︾ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠪᠡ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠧᠦ ᠵᠢᠢ ᠱᠧᠩ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠵᠧᠦ ᠵᠢᠢ ᠱᠧᠩ ᠵᠢᠭᠠᠵᠤ ᠭᠠᠷᠭᠠᠭᠰᠠᠨ ᠨᠢ ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠃ ᠪᠦᠬᠦ ᠤᠯᠤᠰ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ ᠪᠠᠶᠢᠭ᠎ᠠ ᠦᠶ᠎ᠡ ᠳᠤ᠂ ᠮᠠᠨ ᠤ ᠰᠢᠶᠠᠨ ᠱᠧᠨᠵᠧᠨ ᠬᠤᠲᠠ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠡᠷᠬᠢᠯᠡᠵᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠪᠦᠬᠦ ᠲᠠᠯ᠎ᠠ ᠪᠠᠷ ᠠᠬᠢᠭᠤᠯᠬᠤ ᠶᠢᠨ ᠭᠤᠣᠯ ᠵᠣᠷᠢᠯᠭ᠎ᠠ ᠪᠣᠯ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠰᠢᠶᠠᠨ ᠤ ᠡᠯ᠎ᠡ ᠱᠠᠲᠤᠨ ᠤ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠳᠤᠮᠳᠠ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢᠨ ᠲᠥᠯᠥᠭᠡ ᠶᠤᠮ᠃    ᠵᠧᠦ ᠵᠢᠢ ᠱᠧᠩ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠶᠤᠮ᠂ ᠰᠤᠷᠤᠯᠴᠠᠨ ᠲᠤᠤᠱᠯᠠᠭᠤᠯᠬᠤ ᠳᠤ ᠡᠷᠬᠡᠪᠰᠢ ᠭᠤᠣᠯ ᠰᠡᠳᠦᠪ ᠭᠤᠣᠯ ᠰᠢᠵᠢᠮ ᠢ ᠠᠳᠬᠤᠵᠤ᠂ ᠰᠤᠷᠤᠯᠴᠠᠯᠭ᠎ᠠ ᠶᠢᠨ ᠬᠠᠨᠳᠤᠯᠭᠠᠲᠤ ᠴᠢᠨᠠᠷ ᠪᠣᠯᠣᠨ ᠦᠷ᠎ᠡ ᠪᠦᠲᠦᠮᠵᠢᠲᠦ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠣᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠭᠤᠤ ᠶᠡᠭᠡ ᠦᠵᠡᠯ ᠰᠠᠨᠠᠭᠠᠨ ᠤ ᠦᠨᠡᠨ ᠶᠣᠰᠣᠨ ᠤ ᠬᠦᠴᠦᠨ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠢ ᠬᠤᠸᠠᠳᠧ ᠰᠢᠶᠠᠨ ᠳᠤ ᠴᠡᠴᠡᠭᠯᠡᠭᠦᠯᠦᠨ ᠵᠢᠮᠢᠰᠯᠡᠭᠦᠯᠬᠦ ᠬᠡᠷᠡᠭᠲᠡᠢ ᠭᠡᠪᠡ᠃    ᠵᠧᠦ ᠵᠢᠢ ᠱᠧᠩ ᠱᠠᠭᠠᠷᠳᠠᠭᠰᠠᠨ ᠨᠢ᠂ ᠪᠣᠯᠪᠠᠰᠤᠷᠠᠯ ᠳᠤ ᠣᠷᠣᠯᠴᠠᠭᠰᠠᠨ ᠺᠠᠳ᠋ᠷᠴᠤᠳ ᠡᠷᠬᠢᠮ ᠨᠠᠨᠳᠢᠨ ᠠᠵᠠ ᠲᠣᠬᠢᠶᠠᠯ ᠢ ᠨᠠᠨᠳᠢᠩᠨᠠᠵᠤ᠂ ᠵᠣᠬᠢᠶᠠᠨ ᠪᠠᠶᠢᠭᠤᠯᠤᠯᠲᠠ᠂ ᠠᠵᠢᠯ ᠦᠢᠯᠡᠰ᠂ ᠬᠤᠪᠢ ᠬᠥᠮᠥᠨ ᠳᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢ ᠠᠪᠴᠤ᠂ ᠡᠯ᠎ᠡ ᠵᠦᠢᠯ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠨᠢᠭᠡ ᠰᠡᠳᠬᠢᠯ ᠢᠶᠠᠷ ᠰᠤᠷᠤᠯᠴᠠᠵᠤ᠂ ᠰᠡᠳᠬᠢᠯ ᠲᠠᠯᠪᠢᠨ ᠰᠡᠳᠬᠢᠵᠦ᠂ ᠳᠠᠷᠤᠤ ᠬᠢᠴᠢᠶᠡᠩᠭᠦᠢ ᠪᠠᠷ ᠰᠣᠯᠢᠯᠴᠠᠵᠤ᠂ ᠰᠤᠷᠤᠯᠴᠠᠬᠤ ᠳᠤ ᠰᠡᠳᠬᠢᠴᠡ ᠲᠠᠢ᠂ ᠰᠤᠷᠤᠯᠴᠠᠬᠤ ᠳᠤ ᠣᠯᠣᠯᠲᠠ ᠲᠠᠢ᠂ ᠰᠤᠷᠤᠯᠴᠠᠬᠤ ᠳᠤ ᠬᠡᠷᠡᠭᠴᠡᠭᠡ ᠲᠠᠢ ᠪᠠᠶᠢᠬᠤ ᠶᠢ ᠪᠡᠶᠡᠯᠡᠭᠦᠯᠵᠦ᠂ ᠬᠤᠶᠢᠰᠢᠳᠠ ᠶᠢᠨ ᠠᠵᠢᠯ ᠳᠤᠮᠳᠠ ᠪᠠᠨ ᠲᠠᠰᠤᠷᠠᠯᠲᠠ ᠦᠭᠡᠢ ᠦᠵᠡᠯ ᠰᠠᠨᠠᠭ᠎ᠠ ᠪᠠᠨ ᠴᠢᠯᠦᠭᠡᠯᠡᠵᠦ᠂ ᠦᠵᠡᠯᠲᠡ ᠪᠠᠨ ᠬᠤᠪᠢᠷᠠᠭᠤᠯᠬᠤ ᠶᠢ ᠪᠠᠲᠤᠯᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠃    ᠪᠦᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠠᠵᠢᠯᠲᠠᠳ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ       
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2