ᠨᠢᠭᠡ᠂ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠠᠬᠤᠢ ᠪᠠᠶᠢᠳᠠᠯ | 2023 ᠣᠨ ᠤ 4 ᠰᠠᠷ᠎ᠠ ᠶᠢᠨ 14 ᠤ ᠡᠳᠦᠷ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠰᠢ | ᠰᠢᠶᠣᠣ ᠵᠣᠣ ᠪᠠᠯᠭᠠᠰᠤᠨ ᠤ ᠵᠠᠰᠠᠭ ᠤᠨ ᠣᠷᠳᠣᠨ ᠤ ᠲᠣᠭᠲᠠᠭᠠᠯ ᠠᠴᠠ ᠵᠥᠷᠢᠴᠡᠨ ᠠᠵᠤ ᠦᠢᠯᠡᠳᠪᠦᠷᠢ ᠶᠢᠨ | ᠲᠥᠷᠥᠯ ᠵᠦᠢᠯ ᠳᠤ ᠪᠡᠯᠡᠳᠭᠡᠮᠵᠢᠳᠤ ᠲᠠᠷᠢᠶᠠᠯᠠᠩ ᠤᠨ ᠳᠠᠩᠰᠠᠯᠠᠯᠲᠠ ᠶᠢᠨ ᠵᠠᠷᠯᠠᠯ ᠢ ᠭᠦᠢᠴᠡᠳᠬᠡᠭᠰᠡᠨ ᠬᠡᠷᠡᠭ ᠤᠨ | ᠵᠢᠱᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ | ᠵᠦᠢᠴᠢᠯᠡᠵᠦ ᠨᠥᠬᠦᠭᠡ ᠶᠢ ᠰᠠᠶᠢᠲᠤᠷ ᠬᠢᠵᠦ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠢᠨᠠᠨ | ᠵᠥᠪᠰᠢᠶᠡᠷᠡᠬᠦ᠂ ᠬᠡᠷᠡᠭᠯᠡᠬᠦ᠂ ᠬᠠᠮᠢᠶᠠᠷᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠨᠴᠠᠭᠠᠶᠢᠯᠠᠨ ᠮᠠᠨ ᠤ | ᠰᠢᠶᠠᠨ ᠳᠤ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠲᠣᠭᠲᠠᠭᠠᠯ ᠠᠴᠠ ᠵᠥᠷᠢᠴᠡᠨ ᠬᠢᠨᠠᠨ ᠵᠥᠪᠰᠢᠶᠡᠷᠡᠵᠦ | ᠬᠡᠷᠡᠭᠯᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠪᠡ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | 1. ︽ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠠᠰᠠᠭᠤᠳᠠᠯ ᠤᠨ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠮᠡᠳᠡᠭᠳᠡᠯ ︾ ︵ᠪᠠᠶᠢᠭᠠᠯᠢ ᠶᠢᠨ ᠡᠬᠢ ᠪᠠᠶᠠᠯᠢᠭ ᠬᠠᠤᠯᠢ ᠲᠣᠭᠲᠠᠭᠠᠯ〔2019〕4 ᠳ᠋ᠦ᠋ᠭᠡᠷ ᠲᠣᠭᠠᠲᠤ︶ | 2. ︽ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠶᠢᠨ ᠡᠬᠢ | ᠪᠠᠶᠠᠯᠢᠭ ᠥᠰᠥᠭ ﹇2020﹈ 577 ᠳ᠋ᠤᠭᠠᠷ ᠲᠣᠭᠠᠲᠤ︶ | 3. ︽ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠳᠡᠭᠡᠷᠡᠬᠢ ᠵᠢᠷᠤᠭ ᠢ ᠬᠥᠮᠥᠷᠭᠡ ᠳᠤ ᠣᠷᠣᠭᠤᠯᠬᠤ ᠠᠵᠢᠯ ᠢ | ᠤᠯᠠᠮ ᠨᠢᠭᠡ ᠠᠯᠬᠤᠮ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠶᠢᠨ ᠡᠬᠢ ᠪᠠᠶᠠᠯᠢᠭ | ᠦᠰᠦᠭ〔2021〕170 ᠳ᠋ᠤᠭᠠᠷ ᠲᠣᠭᠠᠲᠤ︶᠂ | 4. ︽ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ | ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ ﹇2022﹈ 70 ᠳ᠋ᠤᠭᠠᠷ ᠲᠣᠭᠠᠲᠤ︶ | 5. ︽ᠲᠦᠷ ᠴᠠᠭ ᠬᠡᠷᠡᠭᠯᠡᠬᠦ ᠭᠠᠵᠠᠷ ᠪᠠ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠢ ᠶᠢ ᠲᠣᠭᠲᠠᠭᠠᠯ | ᠠᠴᠠ ᠵᠥᠷᠢᠴᠡᠨ ᠬᠢᠨᠠᠨ ᠵᠥᠪᠰᠢᠶᠡᠷᠡᠵᠦ ᠬᠡᠷᠡᠭᠯᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ ﹇2023﹈ | 218 ᠳ᠋ᠤᠭᠠᠷ ᠲᠣᠭᠠᠲᠤ︶ | 6. ︽ᠤᠯᠠᠭᠠᠨᠴᠠᠪ ᠬᠤᠲᠠ ᠶᠢᠨ ᠲᠣᠭᠲᠠᠭᠠᠯ ᠠᠴᠠ ᠵᠥᠷᠢᠴᠡᠨ ᠲᠦᠷ ᠬᠡᠷᠡᠭᠯᠡᠬᠦ ᠭᠠᠵᠠᠷ ᠪᠠ ᠪᠡᠯᠡᠳᠭᠡᠮᠵᠢᠳᠤ | ᠲᠠᠷᠢᠶᠠᠯᠠᠩ ᠳᠤ ᠬᠡᠷᠡᠭᠯᠡᠬᠦ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠥᠯ︾ ︵ᠤᠯᠠᠭᠠᠨᠴᠠᠪ ᠪᠠᠶᠢᠭᠠᠯᠢ ᠶᠢᠨ ᠡᠬᠢ ᠪᠠᠶᠠᠯᠢᠭ ᠥᠰᠥᠭ ﹇ | 2023﹈ 68 ᠳ᠋ᠤᠭᠠᠷ ᠲᠣᠭᠠᠲᠤ︶ | ᠭᠤᠷᠪᠠ ᠂ ︽ᠠᠵᠢᠯ ᠤᠨ ᠲᠥᠰᠥᠯ︾ ᠤᠨ ᠭᠤᠣᠯ ᠠᠭᠤᠯᠭ᠎ᠠ | ︽ᠠᠵᠢᠯ ᠤᠨ ᠲᠥᠰᠥᠯ︾ ᠳᠤ 4 ᠲᠠᠯ᠎ᠠ ᠶᠢᠨ ᠠᠭᠤᠯᠭ᠎ᠠ ᠶᠢ ᠪᠣᠳᠠᠲᠠᠢ ᠳᠣᠪᠤᠶᠢᠯᠭᠠᠵᠠᠶ᠄ | ᠨᠢᠭᠡ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠵᠡᠷᠭᠡ ᠡᠯ᠎ᠡ ᠱᠠᠲᠤᠨ ᠤ ᠬᠢᠨᠠᠨ ᠵᠥᠪᠰᠢᠶᠡᠷᠡᠬᠦ ᠭᠤᠣᠯ | ᠴᠣᠭᠴᠠ ᠳᠤ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠳᠠᠩᠰᠠᠯᠠᠯᠲᠠ ᠶᠢ ᠲᠣᠭᠲᠠᠭᠠᠯ ᠠᠴᠠ | ᠵᠥᠷᠢᠴᠡᠨ ᠭᠦᠢᠴᠡᠳᠬᠡᠭᠰᠡᠨ ᠡᠰᠡᠬᠦ ᠶᠢ ᠵᠢᠭᠰᠠᠭᠠᠨ ᠪᠠᠶᠢᠴᠠᠭᠠᠨ᠎ᠠ︔ | ᠬᠤᠶᠠᠷ ᠂ ᠥᠩᠭᠡᠷᠡᠭᠰᠡᠨ ᠵᠢᠯ ᠤᠳ ᠤᠨ ᠲᠠᠷᠢᠶᠠᠯᠠᠩ ᠳᠤ ᠬᠡᠷᠡᠭᠯᠡᠬᠦ ᠲᠥᠬᠦᠭᠡᠷᠦᠮᠵᠢ ᠶᠢᠨ ᠭᠠᠵᠠᠷ ᠢ ᠲᠣᠭᠲᠠᠭᠠᠯ | ᠶᠣᠰᠣᠭᠠᠷ ᠬᠥᠮᠥᠷᠭᠡ ᠳᠤ ᠣᠷᠣᠭᠤᠯᠤᠭᠰᠠᠨ ᠡᠰᠡᠬᠦ ︔ | ᠭᠤᠷᠪᠠ ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠨᠢ | ᠵᠢᠷᠤᠮᠵᠢᠭᠰᠠᠨ ᠡᠰᠡᠬᠦ ᠂ ᠭᠠᠵᠠᠷ ᠬᠡᠷᠡᠭᠯᠡᠬᠦ ᠪᠡᠶᠡᠴᠢ ᠴᠣᠭᠴᠠ ᠨᠢ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ | ᠲᠣᠭᠲᠠᠭᠠᠯ ᠶᠣᠰᠣᠭᠠᠷ ᠬᠡᠷᠡᠭᠯᠡᠭᠰᠡᠨ ᠡᠰᠡᠬᠦ ᠂ ᠪᠤᠰᠤᠳ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠪᠠ | ᠲᠠᠷᠢᠶᠠᠯᠠᠩ ᠤᠨ ᠪᠤᠰᠤ ᠡᠵᠡᠩᠨᠡᠯᠲᠡ ᠳᠤ ᠬᠡᠷᠡᠭᠯᠡᠭᠰᠡᠨ ᠡᠰᠡᠬᠦ ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠭᠰᠡᠨ ᠵᠡᠷᠭᠡ ᠬᠡᠷᠡᠭᠴᠡᠭᠡ ᠶᠢ ᠬᠤᠪᠢᠷᠠᠭᠤᠯᠤᠭᠰᠠᠨ ᠦᠢᠯᠡ ᠠᠵᠢᠯᠯᠠᠭ᠎ᠠ | ᠣᠷᠣᠰᠢᠵᠤ ᠪᠠᠶᠢᠬᠤ ᠡᠰᠡᠬᠦ ︔ | ᠳᠥᠷᠪᠡ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ | ᠪᠤᠰᠤᠳ ᠦᠶᠯᠡ ᠠᠵᠢᠯᠯᠠᠭ᠎ᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | | | |