ᠵᠠᠰᠠᠭ ᠤᠨ ᠣᠷᠳᠣᠨ ᠠᠯᠪᠠᠨ ᠲᠠᠷᠬᠠᠭᠠᠭᠰᠠᠨ ﹇2023﹈ ᠬᠤᠸᠠᠳᠧ ᠵᠠᠰᠠᠭ ᠠᠯᠪᠠᠨ ᠥᠰᠥᠭ ﹇2023﹈ | 36 ᠳ᠋ᠤᠭᠠᠷ ᠲᠣᠭᠠᠲᠤ | ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ | ᠪᠦᠬᠦᠢ ᠨᠢᠭᠡᠴᠡ ᠳᠤ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽2023 ᠣᠨ ᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ | ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ | ᠲᠠᠷᠬᠠᠭᠠᠭᠰᠠᠨ ﹇2023﹈ 223 ᠳ᠋ᠤᠭᠠᠷ ᠲᠣᠭᠠᠲᠤ︶᠂ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠶᠢᠨ ︽2023 ᠣᠨ ᠤ ᠤᠯᠠᠭᠠᠨᠴᠠᠪ ᠬᠤᠲᠠ ᠶᠢᠨ ᠲᠠᠷᠢᠶᠠᠨ ᠭᠠᠵᠠᠷ ᠤᠨ ᠡᠭᠡᠯᠵᠢᠯᠡᠨ | ᠳᠠᠷᠢᠬᠤ ᠠᠵᠢᠯ ᠤᠨ ᠬᠡᠷᠡᠭᠵᠢᠭᠦᠯᠬᠦ ᠲᠥᠰᠥᠯ︾ ︵ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ | ᠲᠠᠷᠬᠠᠭᠠᠭᠰᠠᠨ ﹇2023﹈ 211 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠤᠨ | ᠱᠠᠭᠠᠷᠳᠠᠯᠭ᠎ᠠ ᠶᠢ ᠦᠨᠳᠦᠰᠦᠯᠡᠪᠡᠯ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽2023 ᠣᠨ ᠤ | ᠬᠤᠸᠠᠳᠧ ᠰᠢᠶᠠᠨ ᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ ᠲᠥᠰᠥᠯ︾ ᠢ | ᠲᠣᠭᠲᠠᠭᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠢᠨᠠᠮᠠᠭᠠᠢ ᠰᠠᠶᠢᠲᠤᠷ ᠠᠳᠬᠤᠬᠤ ᠪᠣᠯᠪᠠᠤ᠃ | 2023 ᠣᠨ ᠤ 5 ᠰᠠᠷ᠎ᠠ ᠶᠢᠨ 19 | 2023 ᠣᠨ ᠤ ᠬᠤᠸᠠᠳᠧ ᠰᠢᠶᠠᠨ ᠤ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠠᠵᠢᠯ ᠤᠨ ᠬᠡᠷᠡᠭᠵᠢᠭᠦᠯᠬᠦ | ᠲᠥᠰᠥᠯ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠂ ᠲᠠᠷᠢᠶᠠᠨ ᠭᠠᠵᠠᠷ ᠢ ᠥᠨᠵᠢᠭᠦᠯᠦᠨ ᠡᠭᠡᠯᠵᠢᠯᠡᠨ | ᠲᠠᠷᠢᠬᠤ ᠳᠦᠷᠢᠮ ᠢ ᠲᠡᠭᠦᠯᠳᠡᠷᠵᠢᠭᠦᠯᠦᠨ᠎ᠡ ᠭᠡᠵᠦ ᠲᠣᠳᠣᠷᠬᠠᠢ ᠳᠤᠷᠠᠳᠤᠨ ᠭᠠᠷᠭᠠᠵᠠᠢ ᠃ ᠨᠠᠮ ᠤᠨ ᠬᠤᠷᠢᠳᠤᠭᠠᠷ ᠶᠡᠭᠡ | ᠬᠤᠷᠠᠯ ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠣᠨ 2023 ᠣᠨ ᠤ ᠲᠥᠪ ᠤᠨ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠪᠣᠯᠣᠨ | ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠂ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ | ᠲᠠᠷᠢᠮᠠᠯ ᠢ ᠲᠣᠭᠲᠠᠪᠤᠷᠢᠵᠢᠭᠤᠯᠵᠤ ᠂ ᠲᠠᠷᠢᠶᠠᠨ ᠭᠠᠵᠠᠷ ᠤᠨ ᠬᠦᠴᠦ ᠶᠢ ᠳᠡᠭᠡᠭᠰᠢᠯᠡᠭᠦᠯᠬᠦ ᠂ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠢ ᠬᠥᠳᠡᠯᠦᠩᠭᠦᠢ ᠪᠠᠷ ᠲᠣᠬᠢᠷᠠᠭᠤᠯᠬᠤ ᠂ ᠲᠠᠷᠢᠮᠠᠯ ᠤᠨ ᠦᠢᠯᠡᠰ ᠤᠨ ᠪᠣᠬᠢᠷᠲᠤᠯ | ᠦᠭᠡᠢ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠡᠭᠡᠯᠵᠢᠯᠡᠨ ᠲᠠᠷᠢᠬᠤ | ᠳᠦᠷᠢᠮ ᠢ ᠲᠦᠷᠭᠡᠳᠬᠡᠨ ᠪᠠᠶᠢᠭᠤᠯᠬᠤ ᠶᠢᠨ ᠲᠦᠯᠦᠭᠡ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠣᠳᠣᠬᠠᠨ ᠤ ᠪᠠ ᠠᠯᠤᠰ ᠬᠡᠳᠦ ᠶᠢ | ᠨᠢᠭᠡᠳᠦᠯᠲᠡᠢ ᠲᠥᠯᠥᠪᠵᠢᠭᠦᠯᠵᠦ ᠂ ᠦᠢᠯᠡᠳᠪᠦᠷᠢᠯᠡᠯ ᠪᠠ ᠠᠮᠢ ᠠᠬᠤᠢ ᠶᠢ ᠵᠣᠬᠢᠴᠠᠭᠤᠯᠵᠤ ᠂ ᠭᠠᠵᠠᠷ ᠬᠡᠷᠡᠭᠯᠡᠬᠦ ᠪᠠ | ᠬᠦᠷᠦᠰᠦ ᠰᠠᠶᠢᠵᠢᠷᠠᠭᠤᠯᠬᠤ ᠶᠢ ᠬᠠᠮᠲᠤ ᠳᠤᠨᠢ ᠬᠠᠷᠠᠭᠠᠯᠵᠠᠵᠤ ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ | ᠳᠦᠷᠢᠮ ᠢ ᠴᠢᠨᠠᠭᠰᠢᠳᠠ ᠲᠡᠭᠦᠯᠳᠡᠷᠵᠢᠭᠦᠯᠵᠦ ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠤᠳᠬᠠᠵᠤ ᠂ | ᠠᠮᠤ ᠪᠤᠳᠠᠭ᠎ᠠ ᠳᠤᠰᠤᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠲᠤᠪᠤᠶᠢᠯᠭᠠᠵᠤ ᠂ ᠠᠮᠤ ᠪᠤᠳᠠᠭ᠎ᠠ | ᠳᠤᠰᠤᠨ ᠤ ᠦᠢᠯᠡᠳᠪᠦᠷᠢᠯᠡᠯ ᠤᠨ ᠴᠢᠨᠠᠷ ᠰᠠᠶᠢᠲᠠᠢ ᠬᠥᠭᠵᠢᠯᠲᠡ ᠶᠢ ᠲᠤᠪᠤᠶᠢᠯᠭᠠᠵᠤ ᠂ ᠰᠢᠷ᠎ᠠ ᠪᠤᠷᠴᠠᠭ ᠤᠨ | ᠳᠤᠰᠤᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ︵ᠨᠢᠭᠡ︶ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠲᠣᠪᠤᠶᠢᠯᠭᠠᠨ ᠪᠠᠬᠢᠵᠢᠭᠦᠯᠦᠨ᠎ᠡ᠃ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ | ᠲᠠᠯ᠎ᠠ ᠪᠠᠷ ᠪᠠᠬᠢᠵᠢᠭᠦᠯᠦᠨ᠎ᠡ︾ ᠭᠡᠵᠦ ᠳᠤᠷᠠᠳᠤᠨ ᠭᠠᠷᠭᠠᠵᠠᠢ ᠂ ᠡᠨᠡ ᠪᠣᠯ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠳᠤ ᠲᠠᠯᠪᠢᠭᠰᠠᠨ ᠨᠡᠩ ᠥᠨᠳᠥᠷ ᠱᠠᠭᠠᠷᠳᠠᠯᠭ᠎ᠠ ᠪᠣᠯᠬᠤ ᠪᠥᠭᠡᠳ ᠪᠠᠰᠠ ᠴᠤ ᠠᠮᠤ | ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠪᠣᠯᠬᠤ ᠶᠤᠮ᠃ ᠲᠠᠷᠢᠶᠠᠨ ᠭᠠᠵᠠᠷ ᠤᠨ ᠡᠭᠡᠯᠵᠢᠯᠡᠬᠦ ᠦᠢᠯᠡᠳᠦᠯ ᠢᠶᠠᠷ ᠲᠠᠷᠢᠶᠠᠨ ᠭᠠᠵᠠᠷ ᠤᠨ | ᠬᠦᠷᠦᠰᠦ ᠶᠢ ᠰᠠᠶᠢᠵᠢᠷᠠᠭᠤᠯᠬᠤ᠂ ᠦᠢᠯᠡᠳᠪᠦᠷᠢᠯᠡᠯ ᠠᠮᠢ ᠠᠬᠤᠢ ᠶᠢ ᠵᠣᠬᠢᠴᠠᠩᠭᠤᠢ ᠪᠠᠷ ᠠᠬᠢᠭᠤᠯᠬᠤ ᠵᠠᠩᠭᠢᠯᠠᠭ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠲᠠᠷᠢᠶᠠᠨ | ᠭᠠᠵᠠᠷ ᠤᠨ ᠥᠩ ᠰᠢᠮ᠎ᠡ ᠶᠢ ᠦᠷᠭᠦᠯᠵᠢᠯᠡᠨ ᠳᠡᠭᠡᠭᠰᠢᠯᠡᠭᠦᠯᠵᠦ ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠢᠶᠠᠷ ᠬᠠᠩᠭᠠᠬᠤ ᠶᠢ ᠪᠠᠲᠤᠯᠠᠬᠤ ᠰᠠᠭᠤᠷᠢ ᠴᠢᠳᠠᠪᠤᠷᠢ ᠶᠢ | ᠴᠢᠩᠭᠠᠳᠬᠠᠨ᠎ᠠ᠃ | ︵ᠬᠤᠶᠠᠷ︶ ᠰᠢᠷ᠎ᠠ ᠪᠤᠷᠴᠠᠭ ᠤᠨ ᠲᠣᠰᠣᠯᠢᠭ ᠵᠦᠢᠯ ᠤᠨ ᠦᠢᠯᠡᠳᠪᠦᠷᠢᠯᠡᠬᠦ ᠴᠢᠳᠠᠪᠤᠷᠢ ᠶᠢ ᠲᠣᠪᠣᠶᠢᠮ᠎ᠠ | ᠳᠡᠭᠡᠭᠰᠢᠯᠡᠭᠦᠯᠦᠨ᠎ᠡ᠃ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠪᠠ | ᠥᠪᠡᠷ ᠢ ᠪᠠᠨ ᠬᠠᠩᠭᠠᠬᠤ ᠨᠤᠷᠮ᠎ᠠ ᠶᠢ ᠳᠡᠭᠡᠭᠰᠢᠯᠡᠭᠦᠯᠬᠦ ᠪᠣᠯ ᠡᠷᠬᠡᠪᠰᠢ ᠪᠡᠶᠡᠯᠡᠭᠦᠯᠬᠦ ᠤᠯᠤᠰ ᠲᠦᠷᠦ ᠶᠢᠨ ᠡᠭᠦᠷᠭᠡ | ᠮᠥᠨ᠃ ᠲᠠᠷᠢᠮᠠᠯ ᠤᠨ ᠪᠦᠲᠦᠴᠡ ᠶᠢ ᠲᠣᠬᠢᠷᠠᠭᠤᠯᠬᠤ ᠪᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ | ᠬᠥᠳᠡᠯᠦᠩᠭᠦᠢ ᠪᠠᠷ ᠲᠣᠬᠢᠷᠠᠭᠤᠯᠬᠤ ᠳᠤᠮᠳᠠᠬᠢ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠵᠤ ᠂ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠰᠢᠨ᠎ᠡ ᠨᠢᠭᠡᠨ ᠡᠭᠡᠯᠵᠢ ᠶᠢᠨ ᠠᠵᠢᠯᠯᠠᠭ᠎ᠠ ᠂ ᠤᠯᠤᠰ ᠤᠨ ᠰᠢᠷ᠎ᠠ ᠪᠤᠷᠴᠠᠭ ᠪᠠ ᠲᠣᠰᠣᠯᠢᠭ | ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠪᠴᠢᠯᠡᠨ ᠠᠬᠢᠭᠤᠯᠵᠤ ᠂ | ᠰᠢᠷ᠎ᠠ ᠪᠤᠷᠴᠠᠭ ᠪᠠ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ | ᠃ | ︵ᠭᠤᠷᠪᠠ︶ ᠠᠮᠤ ᠪᠤᠳᠠᠭ᠎ᠠ ᠲᠣᠰᠣᠨ ᠤ ᠦᠢᠯᠡᠳᠪᠦᠷᠢᠯᠡᠯ ᠤᠨ ᠴᠢᠨᠠᠷ ᠰᠠᠶᠢᠲᠠᠢ ᠬᠥᠭᠵᠢᠯᠲᠡ ᠶᠢ | ᠳᠣᠪᠤᠶᠢᠯᠭᠠᠨ᠎ᠠ᠃ ᠠᠮᠤ ᠪᠤᠳᠠᠭ᠎ᠠ ᠪᠣᠯᠣᠨ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠶᠠᠰᠤ ᠴᠢᠨᠠᠷ ᠢ | ᠪᠦᠲᠦᠮᠵᠢᠲᠡᠢ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠪᠣᠯ ᠲᠠᠷᠢᠮᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠲᠠᠷᠢᠶᠠᠨ ᠭᠠᠵᠠᠷ ᠤᠨ | ᠡᠭᠡᠯᠵᠢᠯᠡᠨ ᠳᠠᠷᠢᠬᠤ ᠨᠢ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠡᠷᠡᠭᠵᠢᠭᠦᠯᠬᠦ᠂ ᠪᠣᠬᠢᠷᠲᠤᠯ | ᠦᠭᠡᠢ ᠳᠠᠷᠢᠬᠤ ᠳᠦᠷᠢᠮ ᠢ ᠪᠠᠶᠢᠭᠤᠯᠬᠤ ᠳᠤᠮᠳᠠᠬᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠡᠯ᠎ᠡ ᠲᠥᠷᠥᠯ ᠤᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ᠂ ᠡᠪᠡᠳᠴᠢᠨ | ᠬᠤᠷᠣᠬᠠᠢ ᠶᠢᠨ ᠬᠥᠨᠥᠭᠡᠯ ᠢ ᠨᠢᠭᠡᠳᠦᠯᠲᠡᠢ ᠰᠡᠷᠭᠡᠶᠢᠯᠡᠨ ᠨᠣᠶᠠᠷᠬᠠᠬᠤ ᠪᠠ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ᠂ | ᠪᠣᠬᠢᠷᠲᠤᠯ ᠦᠭᠡᠢ ᠳᠠᠷᠢᠵᠤ ᠲᠡᠵᠢᠭᠡᠬᠦ ᠡᠷᠭᠢᠯᠲᠡᠲᠦ ᠲᠠᠷᠢᠶᠠᠯᠠᠩ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠬᠢ | ᠪᠠᠶᠠᠯᠢᠭ ᠢ ᠵᠦᠢ ᠵᠣᠬᠢᠰᠲᠠᠢ ᠠᠰᠢᠭᠯᠠᠬᠤ ᠶᠢ ᠦᠷᠭᠦᠯᠵᠢᠯᠡᠨ ᠠᠬᠢᠭᠤᠯᠤᠨ᠎ᠠ᠃ | ᠬᠤᠶᠠᠷ ᠂ ᠠᠵᠢᠯ ᠤᠨ ᠡᠭᠦᠷᠭᠡ | ︵ᠨᠢᠭᠡ︶ ᠠᠵᠢᠯ ᠤᠨ ᠡᠭᠦᠷᠭᠡ | 2023 ᠣᠨ ᠳᠤ ᠮᠠᠨ ᠤ ᠰᠢᠶᠠᠨ ᠤ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ | ᠲᠠᠯᠠᠪᠠᠶ ᠶᠢ 0.7 ᠲᠦᠮᠡᠨ ᠮᠦ ᠪᠣᠯᠭᠠᠪᠠ᠃ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠤᠨ ᠲᠠᠯᠠᠪᠠᠢ ᠶᠢ | ᠲᠣᠭᠲᠠᠪᠤᠷᠢᠵᠢᠭᠤᠯᠬᠤ ᠱᠠᠭᠠᠷᠳᠠᠯᠭ᠎ᠠ ᠶᠣᠰᠣᠭᠠᠷ ᠂ 2021 ᠣᠨ ᠤ 15 ᠲᠦᠮᠡᠨ ᠮᠦ ᠶᠢᠨ ᠡᠭᠦᠷᠭᠡ ᠶᠢᠨ | ᠲᠠᠯᠠᠪᠠᠢ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠰᠢᠷ᠎ᠠ ᠪᠤᠷᠴᠠᠭ ᠤᠨ ᠲᠣᠰᠣᠯᠢᠭ | ᠲᠠᠷᠢᠮᠠᠯ ᠢ ᠲᠣᠭᠲᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢᠷ᠎ᠠ ᠪᠤᠷᠴᠠᠭ ᠤᠨ ᠡᠷᠳᠡᠨᠢ ᠰᠢᠰᠢ ᠶᠢ | ᠪᠦᠰᠡᠯᠢᠭ ᠬᠡᠯᠪᠡᠷᠢ ᠪᠠᠷ ᠨᠡᠶᠢᠯᠡᠭᠦᠯᠦᠨ ᠲᠠᠷᠢᠬᠤ ᠵᠡᠷᠭᠡ ᠭᠤᠣᠯᠳᠠᠯᠭ᠎ᠠ ᠲᠠᠢ ᠠᠵᠢᠯ ᠢ ᠭᠤᠣᠯᠳᠠᠯᠭ᠎ᠠ ᠲᠠᠢ ᠳᠡᠮᠵᠢᠵᠦ ᠂ | ᠡᠯ᠎ᠡ ᠰᠢᠶᠠᠩ ᠪᠠᠯᠭᠠᠰᠤᠨ ᠤ ᠲᠦᠷᠦᠯ ᠵᠦᠢᠯ ᠤᠨ ᠲᠣᠭᠤᠷᠢᠭ ᠤᠨ ᠡᠭᠡᠯᠵᠢᠯᠡᠨ ᠲᠠᠷᠢᠬᠤ ᠡᠭᠦᠷᠭᠡ ᠶᠢ ᠲᠣᠭᠲᠠᠭᠠᠵᠤ ᠂ | ᠬᠡᠰᠡᠭ ᠭᠠᠵᠠᠷ ᠢ ᠲᠥᠪᠯᠡᠷᠡᠭᠦᠯᠦᠨ ᠬᠤᠯᠪᠣᠯᠳᠤᠭᠤᠯᠵᠤ ᠂ ᠳᠠᠩ ᠭᠠᠭᠴᠠ ᠬᠡᠰᠡᠭ ᠭᠠᠵᠠᠷ ᠢ 500 ᠮᠦ ᠠᠴᠠ ᠳᠣᠣᠷ᠎ᠠ | ᠦᠭᠡᠢ ᠪᠠᠶᠢᠯᠭᠠᠬᠤ ᠶᠢ ᠱᠠᠭᠠᠷᠳᠠᠵᠤ ᠂ ᠬᠡᠷᠡᠭᠵᠢᠭᠦᠯᠬᠦ ᠶᠢᠨ ᠨᠠᠷᠢᠯᠢᠭ ᠣᠨᠣᠪᠴᠢᠲᠤ ᠴᠢᠨᠠᠷ ᠪᠠ ᠬᠡᠷᠡᠭᠵᠢᠭᠦᠯᠵᠦ | ᠪᠣᠯᠬᠤᠶᠢᠴᠠ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ ᠃ | ᠭᠤᠷᠪᠠ ᠂ ᠭᠤᠣᠯ ᠠᠵᠢᠯ | ︵ᠨᠢᠭᠡ︶ ᠮᠡᠷᠭᠡᠵᠢᠯ ᠤᠨ ᠵᠠᠮ ᠮᠥᠷ | ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠢ ᠥᠷᠭᠡᠳᠬᠡᠨ ᠲᠠᠷᠢᠬᠤ ᠳᠤ ᠠᠩᠬᠠᠷᠤᠯ ᠢᠶᠠᠨ ᠲᠥᠪᠯᠡᠷᠡᠭᠦᠯᠵᠦ ᠂ | ᠢᠳᠡᠰᠢᠨ ᠨᠣᠭᠤᠭ᠎ᠠ᠂ ᠡᠷᠳᠡᠨᠢ ᠰᠢᠰᠢ ᠵᠡᠷᠭᠡ ᠤᠰᠤ ᠶᠡᠭᠡ ᠬᠤᠷᠣᠭᠳᠠᠭᠤᠯᠬᠤ ᠲᠠᠷᠢᠮᠠᠯ ᠢ ᠰᠢᠷ᠎ᠠ ᠪᠤᠷᠴᠠᠭ᠂ ᠬᠤᠮᠠ | ᠣᠯᠣᠰᠤ᠂ ᠰᠢᠯᠢᠮᠳᠡᠭ ᠵᠡᠷᠭᠡ ᠤᠰᠤ ᠪᠠᠭ᠎ᠠ ᠬᠤᠷᠣᠭᠳᠠᠭᠤᠯᠬᠤ ᠲᠠᠷᠢᠮᠠᠯ ᠲᠠᠢ ᠡᠭᠡᠯᠵᠢᠯᠡᠨ ᠲᠠᠷᠢᠬᠤ ᠶᠢ | ᠭᠤᠣᠯᠳᠠᠯᠭ᠎ᠠ ᠲᠠᠢ ᠪᠠᠷ ᠳᠡᠯᠭᠡᠷᠡᠭᠦᠯᠵᠦ ᠂ ᠤᠰᠤᠨ ᠤ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠨ᠎ᠠ ︔ ᠡᠯ᠎ᠡ | ᠰᠢᠶᠠᠩ ᠪᠠᠯᠭᠠᠰᠤᠨ ᠤ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢ ᠳᠡᠮᠵᠢᠵᠦ ᠂ | ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ ᠂ ᠲᠠᠷᠢᠶᠠᠯᠠᠩ ᠤᠨ | ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠠᠵᠢᠯᠯᠠᠬᠤ ᠠᠷᠭ᠎ᠠ ᠮᠠᠶ᠋ᠢᠭ | ᠲᠠᠷᠢᠮᠠᠯ ᠤᠨ ᠡᠷᠦᠬᠡ ᠠᠴᠠ ᠪᠠᠶᠢᠭ᠎ᠠ ᠲᠣᠰᠬᠤᠨ ᠤ ᠠᠷᠠᠳ ᠤᠨ ᠵᠥᠪᠯᠡᠯ ᠳᠤ ᠭᠤᠶᠤᠴᠢᠯᠠᠯ ᠭᠠᠷᠭᠠᠪᠠᠯ ᠂ | ᠲᠣᠰᠬᠤᠨ ᠤ ᠠᠷᠠᠳ ᠤᠨ ᠵᠥᠪᠯᠡᠯ ᠠᠴᠠ ᠪᠠᠶᠢᠭ᠎ᠠ ᠰᠢᠶᠠᠩ ᠪᠠᠯᠭᠠᠰᠤᠨ ᠳᠠᠭᠠᠨ ᠮᠡᠳᠡᠭᠦᠯᠵᠦ ᠂ ᠰᠢᠶᠠᠩ | ᠪᠠᠯᠭᠠᠰᠤ ᠠᠴᠠ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ | ᠮᠡᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ | ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠰᠠᠨᠠᠮᠵᠢ ᠶᠢᠨ ᠴᠢᠨᠠᠷᠲᠠᠢ ᠡᠭᠡᠯᠵᠢᠯᠡᠨ | ᠳᠠᠷᠢᠬᠤ ᠪᠥᠭᠡᠳ ᠡᠭᠡᠯᠵᠢᠯᠡᠨ ᠳᠠᠷᠢᠬᠤ ᠭᠤᠤᠷᠰᠤ ᠤᠨᠡᠭᠦᠯᠳᠡᠷ ᠲᠤ ᠨᠡᠶᠢᠴᠡᠬᠦ ᠲᠠᠷᠢᠮᠠᠯ ᠤᠨ ᠡᠷᠦᠬᠡ ᠳᠤ ᠬᠡᠮᠵᠢᠨ | ᠵᠢᠷᠤᠬᠤ ᠺᠣᠮᠫᠠᠨᠢ ᠶᠢ ᠵᠢᠭᠠᠨ ᠲᠣᠭᠲᠠᠭᠠᠵᠤ ᠬᠡᠮᠵᠢᠨ ᠵᠢᠷᠤᠭᠯᠠᠯᠲᠠ ᠬᠢᠯᠭᠡᠨ᠎ᠡ ︵ᠬᠡᠮᠵᠢᠨ ᠵᠢᠷᠤᠬᠤ ᠵᠠᠷᠤᠳᠠᠯ ᠢ | ᠡᠭᠡᠯᠵᠢᠯᠡᠨ ᠳᠠᠷᠢᠬᠤ ᠡᠷᠦᠬᠡ ᠥᠪᠡᠷ ᠢᠶᠠᠨ ᠡᠭᠦᠷᠭᠡᠯᠡᠨ᠎ᠡ︶᠂ ᠲᠣᠰᠬᠤᠨ ᠤ ᠠᠷᠠᠳ ᠤᠨ ᠵᠥᠪᠯᠡᠯ ᠠᠴᠠ ᠡᠭᠡᠯᠵᠢᠯᠡᠨ | ᠳᠠᠷᠢᠬᠤ ᠡᠷᠦᠬᠡ ᠳᠤ ᠡᠭᠡᠯᠵᠢᠯᠡᠨ ᠳᠠᠷᠢᠬᠤ ᠶᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠵᠦ ᠳᠠᠭᠤᠰᠤᠭᠰᠠᠨ ᠤ | ᠳᠠᠷᠠᠭ᠎ᠠ᠂ ᠬᠡᠮᠵᠢᠨ ᠵᠢᠷᠤᠬᠤ ᠺᠣᠮᠫᠠᠨᠢ ᠠᠴᠠ ᠬᠡᠮᠵᠢᠨ ᠵᠢᠷᠤᠭᠰᠠᠨ ᠲᠤᠭ᠎ᠠ ᠪᠠᠷᠢᠮᠲᠠ ︵SHP ᠬᠡᠯᠪᠡᠷᠢ︶ ᠶᠢ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠵᠦ᠂ ᠡᠭᠡᠯᠵᠢᠯᠡᠨ | ᠳᠠᠷᠢᠬᠤ ᠡᠷᠦᠬᠡ ᠨᠢ ᠲᠣᠰᠬᠤᠨ ᠤ ᠠᠷᠠᠳ ᠤᠨ ᠵᠥᠪᠯᠡᠯ᠂ ᠰᠢᠶᠠᠩ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠯᠤᠭ᠎ᠠ ᠭᠤᠷᠪᠠᠨ ᠲᠠᠯ᠎ᠠ ᠶᠢᠨ ᠡᠭᠡᠯᠵᠢᠯᠡᠨ ᠳᠠᠷᠢᠬᠤ ᠬᠡᠯᠡᠯᠴᠡᠭᠡᠷ | ᠵᠢᠴᠢ ᠡᠭᠡᠯᠵᠢᠯᠡᠨ ᠳᠠᠷᠢᠬᠤ ᠠᠮᠠᠯᠠᠯᠲᠠ ᠶᠢᠨ ᠪᠢᠴᠢᠭ ᠲᠣᠭᠲᠠᠵᠤ᠂ ᠡᠭᠡᠯᠵᠢᠯᠡᠨ ᠳᠠᠷᠢᠬᠤ ᠡᠷᠦᠬᠡ ᠥᠪᠡᠷ ᠤᠨ | ᠠᠮᠠᠯᠠᠯᠲᠠ ᠪᠠᠨ ᠦᠨᠳᠦᠰᠦᠯᠡᠨ᠂ ᠬᠡᠷᠡᠭᠰᠡᠬᠦ ᠡᠯ᠎ᠡ ᠲᠥᠷᠥᠯ ᠤᠨ ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ | ᠠᠪᠴᠤ᠂ ᠡᠭᠡᠯᠵᠢᠯᠡᠨ ᠳᠠᠷᠢᠬᠤ ᠭᠠᠵᠠᠷ ᠤᠨ ᠬᠡᠰᠡᠭ ᠢ ᠳᠠᠷᠢᠵᠤ ᠳᠠᠭᠤᠰᠬᠠᠨ᠎ᠠ᠃ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠭᠤᠷᠪᠠᠨ ᠲᠠᠯ᠎ᠠ ᠶᠢᠨ ᠵᠥᠪᠳᠡᠯᠴᠡᠭᠡᠷ ᠢ ᠪᠡᠶᠡᠯᠡᠭᠦᠯᠦᠭᠰᠡᠨ | ᠪᠠᠶᠢᠳᠠᠯ ᠢ ᠦᠨᠳᠦᠰᠦᠯᠡᠨ᠂ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠵᠤ ᠪᠠᠶᠢᠭᠠᠳ ᠲᠤᠬᠠᠢ ᠶᠢᠨ ᠵᠢᠯ ᠤᠨ | ᠡᠭᠡᠯᠵᠢᠯᠡᠨ ᠳᠠᠷᠢᠬᠤ ᠠᠵᠢᠯ ᠢ ᠰᠢᠯᠭᠠᠨ ᠠᠪᠬᠤ ᠶᠢᠨ ᠬᠠᠮᠲᠤ ᠡᠭᠡᠯᠵᠢᠯᠡᠨ ᠳᠠᠷᠢᠬᠤ ᠨᠥᠬᠦᠪᠦᠷᠢ ᠶᠢᠨ ᠪᠡᠯᠡ | ᠮᠥᠩᠭᠦ ᠶᠢ ᠰᠣᠯᠢᠵᠤ ᠥᠭᠭᠦᠨ᠎ᠡ᠃ | ︵ᠭᠤᠷᠪᠠ︶ ᠮᠡᠷᠭᠡᠵᠢᠯ ᠤᠨ ᠦᠢᠯᠡᠴᠢᠯᠡᠭᠡᠨ ᠢ ᠴᠢᠩᠭᠠᠳᠬᠠᠨ᠎ᠠ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠠᠯᠠᠭ᠎ᠠ ᠮᠥᠴᠢᠷ ᠤᠳ ᠲᠤᠰᠬᠠᠢ ᠮᠡᠷᠭᠡᠵᠢᠯᠲᠡᠨ ᠤ ᠵᠢᠯᠤᠭᠤᠳᠬᠤ | ᠳᠤᠭᠤᠶᠢᠯᠠᠩ ᠢ ᠪᠠᠶᠢᠭᠤᠯᠵᠤ ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠠᠶᠢᠭᠠᠳ ᠣᠷᠣᠨ ᠪᠦᠰᠡ ᠪᠠ | ᠲᠠᠷᠢᠮᠠᠯ ᠬᠤᠪᠢᠶᠠᠭᠰᠠᠨ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠮᠡᠷᠭᠡᠵᠢᠯ ᠤᠨ ᠪᠦᠷᠢᠨ ᠲᠡᠭᠦᠯᠳᠡᠷ ᠵᠢᠯᠤᠭᠤᠳᠬᠤ | ᠰᠠᠨᠠᠯ ᠢ ᠲᠣᠭᠲᠠᠭᠠᠵᠤ ᠂ ᠲᠠᠷᠢᠶᠠᠯᠠᠩ ᠤᠨ ᠵᠠᠩᠭᠢᠯᠠᠭ᠎ᠠ ᠶᠢᠨ ᠴᠠᠭ ᠤᠯᠠᠷᠢᠯ ᠳᠤ ᠭᠤᠣᠯ ᠭᠠᠷᠤᠯᠲᠠ ᠶᠢᠨ ᠣᠷᠣᠨ ᠳᠤ | ᠭᠦᠨᠵᠡᠭᠡᠶᠢᠷᠡᠨ ᠲᠣᠭᠤᠷᠢᠨ ᠶᠠᠪᠤᠵᠤ ᠮᠡᠷᠭᠡᠵᠢᠯ ᠤᠨ ᠵᠢᠯᠣᠭᠤᠳᠤᠯᠭ᠎ᠠ ᠪᠠ ᠪᠣᠯᠪᠠᠰᠤᠷᠠᠭᠤᠯᠤᠯ ᠢ ᠥᠷᠨᠢᠭᠦᠯᠵᠦ ᠂ | ᠮᠡᠷᠭᠡᠵᠢᠯ ᠢ ᠪᠣᠳᠠᠲᠠᠶᠢᠵᠢᠭᠤᠯᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠮᠡᠷᠭᠡᠵᠢᠯ ᠤᠨ ᠪᠣᠯᠪᠠᠰᠤᠷᠠᠭᠤᠯᠤᠯ ᠤᠨ | ᠦᠢᠯᠡᠴᠢᠯᠡᠭᠡᠨ ᠢ ᠢᠳᠡᠪᠬᠢᠲᠡᠢ ᠥᠷᠨᠢᠭᠦᠯᠵᠦ᠂ ᠡᠭᠦᠷᠭᠡ ᠡᠭᠦᠷᠭᠡᠯᠡᠵᠦ ᠪᠦᠬᠦᠢ ᠭᠠᠵᠠᠷ ᠣᠷᠣᠨ ᠤ ᠲᠠᠷᠢᠶᠠᠴᠢᠨ ᠡᠷᠦᠬᠡ | ᠪᠣᠯᠣᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠮᠡᠷᠭᠡᠵᠢᠯ ᠤᠨ ᠠᠨᠢᠰᠤ ᠶᠢ ᠡᠵᠡᠮᠰᠢᠬᠦ ᠶᠢ | ᠵᠢᠯᠤᠭᠤᠳᠴᠤ᠂ ᠮᠠᠰᠢᠨ ᠪᠠᠭᠠᠵᠢ ᠶᠢ ᠥᠭᠡᠷᠡᠴᠢᠯᠡᠨ ᠤᠭᠰᠠᠷᠠᠵᠤ ᠢᠵᠢ ᠪᠦᠷᠢᠳᠦᠭᠦᠯᠬᠦ ᠶᠢ ᠰᠠᠶᠢᠲᠤᠷ ᠬᠢᠵᠦ᠂ | ᠦᠢᠯᠡᠳᠪᠦᠷᠢᠯᠡᠯ ᠤᠨ ᠪᠣᠳᠠᠲᠤ ᠬᠡᠷᠡᠭᠴᠡᠭᠡ ᠶᠢ ᠬᠠᠩᠭᠠᠨ᠎ᠠ᠃ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ | ᠴᠣᠭᠴᠠ ᠶᠢᠨ ᠢᠲᠡᠭᠡᠮᠵᠢᠲᠦ ᠵᠢᠭᠡᠯᠡᠯᠭᠡ ᠶᠢᠨ ᠰᠢᠭᠤᠳ ᠨᠡᠪᠲᠡᠷᠡᠬᠦ ᠲᠡᠷᠭᠡ ᠳᠤ ᠲᠦᠰᠢᠭᠯᠡᠨ᠂ ᠲᠤᠰᠬᠠᠢ | ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠨᠠᠷᠢᠯᠢᠭ | ᠣᠨᠤᠴᠢᠲᠠᠢ ᠪᠠᠷ ᠬᠠᠩᠭᠠᠨ᠎ᠠ᠃ ᠳᠠᠭᠠᠳᠬᠠᠯ ᠤᠨ ᠺᠣᠮᠫᠠᠨᠢ ᠶᠢᠨ ᠲᠠᠷᠢᠶᠠᠯᠠᠩ ᠤᠨ ᠳᠠᠭᠠᠳᠬᠠᠯ ᠤᠨ ᠪᠦᠲᠦᠭᠡᠭᠳᠡᠬᠦᠨ ᠤ | ᠦᠢᠯᠡᠴᠢᠯᠡᠭᠡ ᠳᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠵᠡᠷᠭᠡ | ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠲᠦᠭᠰᠢᠭᠦᠷᠢ ᠶᠢᠨ ᠪᠠᠲᠤᠯᠠᠭ᠎ᠠ ᠶᠢ ᠠᠬᠢᠭᠤᠯᠤᠨ᠎ᠠ᠃ | ︵ᠳᠥᠷᠪᠡ︶ ᠤᠷᠮᠠᠰᠢᠭᠤᠯᠬᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠤᠨ ᠡᠭᠡᠯᠵᠢᠯᠡᠨ | ᠳᠠᠷᠢᠬᠤ ᠲᠠᠯᠠᠪᠠᠶ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠬᠠᠭᠤᠷᠠᠢ ᠪᠠᠷ | ᠳᠠᠷᠢᠬᠤ ᠰᠢᠯᠢᠮᠳᠡᠭ ᠵᠡᠷᠭᠡ ᠶᠢᠨ ᠨᠥᠬᠦᠪᠦᠷᠢ ᠶᠢᠨ ᠪᠠᠷᠢᠮᠵᠢᠶ᠎ᠠ ᠶᠢ ᠵᠣᠬᠢᠰᠲᠠᠢ ᠪᠠᠷ ᠪᠠᠭᠤᠷᠠᠭᠤᠯᠵᠤ᠂ ᠤᠰᠤᠯᠠᠯᠲᠠ ᠶᠢᠨ | ᠲᠠᠷᠢᠶᠠᠨ ᠤ ᠰᠢᠷ᠎ᠠ ᠪᠤᠷᠴᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢᠨ | ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠢ ᠥᠷᠭᠡᠳᠬᠡᠨ ᠳᠠᠷᠢᠬᠤ ᠢᠳᠡᠪᠬᠢᠵᠢᠯ ᠢ ᠳᠠᠶᠢᠴᠢᠯᠠᠨ᠎ᠠ᠃ ᠠᠵᠢᠯᠯᠠᠬᠤ | ᠠᠷᠭ᠎ᠠ ᠮᠠᠶ᠋ᠢᠭ ᠤᠨ ᠲᠠᠯ᠎ᠠ ᠪᠠᠷ᠂ ︽ᠬᠡᠨ ᠡᠭᠡᠯᠵᠢᠯᠡᠨ ᠳᠠᠷᠢᠪᠠᠯ ᠬᠡᠨ ᠠᠰᠢᠭ ᠭᠥᠷᠳᠡᠬᠦ︾ ᠵᠠᠷᠴᠢᠮ ᠤᠨ ᠶᠣᠰᠣᠭᠠᠷ᠂ | ᠡᠯ᠎ᠡ ᠰᠢᠶᠠᠩ ᠪᠠᠯᠭᠠᠰᠤ ᠬᠠᠪᠤᠷ ᠤᠨ ᠲᠠᠷᠢᠶᠠᠯᠠᠭ᠎ᠠ ᠳᠠᠭᠤᠰᠤᠭᠰᠠᠨ ᠤ ᠳᠠᠷᠠᠭ᠎ᠠ᠂ ᠬᠠᠷᠭᠤᠭᠤᠯᠤᠨ ᠪᠠᠶᠢᠴᠠᠭᠠᠵᠤ᠂ | ᠢᠯᠡ ᠨᠡᠶᠢᠲᠡᠯᠡᠵᠦ ᠨᠤᠲᠠᠯᠠᠬᠤ ᠪᠠᠷ ᠳᠡᠮᠵᠢᠨ᠂ ︽ᠪᠦᠬᠦᠨ ᠳᠤ ᠲᠣᠬᠢᠷᠠᠬᠤ ᠺᠠᠷᠲ︾ ᠤᠨ ᠠᠷᠭ᠎ᠠ ᠮᠠᠶ᠋ᠢᠭ ᠢᠶᠠᠷ | ᠡᠵᠡᠩᠨᠡᠭᠴᠢᠳ ᠲᠤ ᠴᠠᠭ ᠲᠤᠬᠠᠢ ᠳᠤᠨᠢ ᠪᠡᠯᠡᠨ ᠵᠣᠭᠤᠰ ᠤᠨ ᠰᠢᠭᠤᠳ ᠨᠥᠬᠦᠪᠦᠷᠢ ᠥᠭᠭᠦᠨ᠎ᠡ᠃ ᠡᠭᠦᠨ ᠤ ᠬᠠᠮᠲᠤ | ᠡᠭᠡᠯᠵᠢᠯᠡᠨ ᠳᠠᠷᠢᠬᠤ ᠨᠥᠬᠦᠪᠦᠷᠢ ᠶᠢ ᠡᠷᠳᠡᠨᠢ ᠰᠢᠰᠢ ᠶᠢᠨ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠦᠷᠢ ᠲᠠᠢ | ᠵᠣᠯᠭᠠᠭᠤᠯᠵᠤ᠂ ᠠᠳᠠᠯᠢ ᠴᠢᠭᠯᠡᠯ ᠢᠶᠠᠷ ᠬᠦᠴᠦᠯᠡᠵᠦ᠂ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠢ ᠥᠷᠭᠡᠳᠬᠡᠨ | ᠳᠠᠷᠢᠬᠤ ᠡᠭᠦᠷᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠡᠯᠡ ᠮᠥᠩᠭᠦ ᠶᠢᠨ ᠤᠷᠮᠠᠰᠢᠭᠤᠯᠬᠤ ᠦᠢᠯᠡᠳᠦᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ | ︵ᠲᠠᠪᠤ︶ ᠲᠥᠷᠥᠯ ᠵᠦᠢᠯ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠰᠢᠶᠠᠨ ᠰᠢᠶᠠᠩ ᠲᠣᠰᠬᠤᠨ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ | ᠰᠠᠯᠠᠭ᠎ᠠ ᠮᠥᠴᠢᠷ ᠨᠢ ᠰᠢᠶᠠᠩ ᠪᠠᠯᠭᠠᠰᠤ ᠂ ᠦᠢᠯᠡᠳᠪᠦᠷᠢᠯᠡᠨ ᠡᠵᠡᠩᠨᠡᠭᠴᠢ ᠭᠤᠷᠪᠠᠨ ᠲᠠᠯ᠎ᠠ ᠲᠠᠢ ᠲᠠᠷᠢᠶᠠᠨ ᠭᠠᠵᠠᠷ ᠢ | ᠡᠭᠡᠯᠵᠢᠯᠡᠨ ᠲᠠᠷᠢᠬᠤ ᠬᠡᠯᠡᠯᠴᠡᠭᠡᠷ ᠲᠣᠭᠲᠠᠵᠤ ᠂ ᠡᠵᠡᠩᠨᠡᠭᠴᠢ ᠂ ᠭᠠᠵᠠᠷ ᠂ ᠲᠠᠯᠠᠪᠠᠢ ᠂ ᠡᠭᠡᠯᠵᠢᠯᠡᠨ ᠲᠠᠷᠢᠬᠤ ᠵᠠᠭᠪᠤᠷ ᠂ | ᠨᠥᠬᠦᠪᠦᠷᠢ ᠥᠭᠬᠦ ᠠᠷᠭ᠎ᠠ ᠮᠠᠶ᠋ᠢᠭ ᠪᠠ ᠵᠣᠭᠤᠰ ᠤᠨ ᠲᠤᠭ᠎ᠠ ᠶᠢ ᠲᠣᠳᠣᠷᠬᠠᠶᠢᠯᠠᠵᠤ ᠂ ᠳᠡᠭᠡᠷ᠎ᠡ ᠳᠣᠣᠷ᠎ᠠ ᠭᠤᠤᠷᠰᠤᠨ ᠤ | ᠲᠠᠷᠢᠮᠠᠯ ᠢ ᠲᠣᠳᠣᠷᠬᠠᠶᠢᠯᠠᠵᠤ ᠂ ᠢᠯᠠᠩᠭᠤᠶ᠎ᠠ ᠳᠣᠣᠷ᠎ᠠ ᠭᠤᠤᠷᠰᠤᠨ ᠤ ᠲᠠᠷᠢᠮᠠᠯ ᠢ ᠡᠷᠬᠡᠪᠰᠢ ᠬᠠᠷᠠᠯᠲᠠᠲᠤ ᠲᠠᠷᠢᠮᠠᠯ ᠢᠶᠠᠷ | ᠲᠣᠭᠲᠠᠭᠠᠬᠤ ᠶᠢ ᠲᠣᠳᠣᠷᠬᠠᠶᠢᠯᠠᠵᠤ ᠂ ᠨᠢᠭᠡ ᠵᠢᠯ ᠳᠤ ᠨᠢᠭᠡ ᠤᠳᠠᠭ᠎ᠠ ᠬᠡᠯᠡᠯᠴᠡᠭᠡᠷ ᠲᠣᠭᠲᠠᠵᠤ ᠂ ᠬᠤᠯᠪᠣᠭᠳᠠᠯ ᠪᠦᠬᠦᠢ | ᠡᠷᠬᠡ ᠂ ᠬᠠᠷᠢᠭᠤᠴᠠᠯᠭ᠎ᠠ ᠪᠠ ᠡᠭᠦᠷᠭᠡ ᠶᠢ ᠲᠣᠳᠤᠷᠬᠠᠶᠢᠯᠠᠨ᠎ᠠ᠃ ᠵᠥᠪᠯᠡᠯᠴᠡᠭᠡᠷ ᠤᠨ ᠪᠢᠴᠢᠭ ᠢ ᠡᠪᠬᠡᠮᠡᠯ ᠳᠤ | ᠣᠷᠣᠭᠤᠯᠵᠤ ᠪᠠᠶᠢᠴᠠᠭᠠᠬᠤ ᠳᠤ ᠡᠯ᠎ᠡ ᠰᠢᠶᠠᠩ ᠪᠠᠯᠭᠠᠰᠤ ᠬᠠᠪᠤᠷ ᠤᠨ ᠲᠠᠷᠢᠶᠠᠯᠠᠭ᠎ᠠ ᠳᠠᠭᠤᠰᠤᠭᠰᠠᠨ ᠤ ᠳᠠᠷᠠᠭ᠎ᠠ᠂ | ᠬᠠᠷᠭᠤᠭᠤᠯᠤᠨ ᠪᠠᠶᠢᠴᠠᠭᠠᠵᠤ᠂ ᠢᠯᠡ ᠨᠡᠶᠢᠲᠡᠯᠡᠵᠦ ᠨᠤᠲᠠᠯᠠᠭᠰᠠᠨ ᠤ ᠳᠠᠷᠠᠭ᠎ᠠ ᠪᠡᠯᠡ ᠮᠥᠩᠭᠦ ᠪᠠᠨ ᠠᠯᠢ | ᠲᠦᠷᠭᠡᠨ ᠢᠶᠠᠷ ᠪᠤᠳᠠᠲᠠᠶᠢᠵᠢᠭᠤᠯᠤᠨ᠎ᠠ᠃ ᠰᠢᠶᠠᠩ ᠪᠠᠯᠭᠠᠰᠤ ᠨᠢ ᠠᠵᠢᠯ ᠤᠨ ᠡᠬᠡ ᠳᠠᠩᠰᠠ ᠪᠠᠶᠢᠭᠤᠯᠵᠤ ᠂ | ᠲᠣᠰᠬᠤᠨ ᠤ ᠠᠷᠠᠳ ᠤᠨ ᠵᠥᠪᠯᠡᠯ ᠨᠢ ᠢᠯᠡ ᠪᠠᠷ ᠵᠠᠷᠯᠠᠨ ᠨᠡᠶᠢᠲᠡᠯᠡᠵᠦ ᠂ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠᠨ | ᠨᠡᠶᠢᠲᠡᠯᠡᠵᠦ ᠂ ᠢᠯᠡ ᠲᠣᠳᠣ ᠪᠠᠶᠢᠬᠤ ᠶᠢ ᠦᠨᠡᠨ ᠬᠦ ᠪᠠᠲᠤᠯᠠᠵᠤ ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | ᠲᠥᠷᠥᠯ ᠵᠦᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ ᠲᠥᠷᠥᠯ ᠵᠦᠢᠯ ᠤᠨ ᠠᠬᠢᠴᠠ ᠶᠢ ᠮᠡᠳᠡᠭᠦᠯᠦᠨ | ᠬᠦᠷᠭᠡᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠯᠵᠢᠭᠦᠯᠦᠨ ᠥᠭᠬᠦ ᠲᠥᠷᠥᠯ ᠵᠦᠢᠯ ᠤᠨ | ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ᠂ ᠬᠡᠷᠡᠭᠵᠢᠭᠦᠯᠦᠭᠰᠡᠨ ᠠᠬᠢᠴᠠ ᠪᠠ ᠪᠡᠯᠡ ᠮᠥᠩᠭᠦ ᠶᠢᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠲᠠᠭᠯᠠᠨ ᠮᠡᠳᠡᠭᠦᠯᠵᠦ᠂ ᠨᠥᠬᠦᠪᠦᠷᠢ | ᠣᠯᠬᠤ ᠡᠲᠡᠭᠡᠳ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠂ ᠪᠥᠬᠦ ᠶᠠᠪᠤᠴᠠ ᠳᠤ ᠲᠠᠩᠰᠠ ᠡᠪᠬᠡᠮᠡᠯ | ᠪᠠᠶᠢᠭᠤᠯᠵᠤ ᠬᠡᠷᠡᠭ ᠪᠣᠯᠭᠠᠨ ᠳᠠᠩᠰᠠᠯᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠣᠮᠣ ᠢᠳᠡᠭᠡᠨ ᠤ | ᠦᠵᠡᠯᠲᠡ᠂ ᠲᠣᠮᠣ ᠠᠮᠤ ᠪᠤᠳᠠᠭᠠᠨ ᠤ ᠦᠵᠡᠯᠲᠡ ᠶᠢ ᠪᠤᠢ ᠪᠣᠯᠭᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ | ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠣᠰᠣᠭᠠᠷ ᠂ | ᠠᠮᠤ ᠪᠤᠳᠠᠭ᠎ᠠ ᠪᠠ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠢ ᠬᠥᠭᠵᠢᠭᠦᠯᠬᠦ ᠶᠢ ᠲᠣᠪᠣᠶᠢᠮ᠎ᠠ ᠪᠠᠶᠢᠷᠢᠨ ᠳᠤ | ᠲᠠᠯᠪᠢᠨ᠎ᠠ᠃ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ | ᠲᠥᠷᠥ ᠶᠢᠨ ᠪᠣᠳᠣᠯᠭ᠎ᠠ ᠲᠣᠭᠲᠠᠭᠠᠬᠤ᠂ ᠠᠵᠢᠯ ᠪᠠᠶᠢᠷᠢᠯᠠᠭᠤᠯᠬᠤ᠂ ᠪᠡᠯᠡ ᠮᠥᠩᠭᠦ ᠣᠷᠣᠭᠤᠯᠬᠤ ᠲᠠᠯ᠎ᠠ ᠪᠠᠷ ᠦᠨᠡᠨ | ᠪᠣᠳᠠᠲᠠᠢ ᠠᠷᠭ᠎ᠠ ᠬᠡᠮᠵᠢᠶ᠎ᠡ ᠠᠪᠴᠤ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠡᠭᠦᠷᠭᠡ ᠶᠢ | ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ | ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠬᠤ ᠪᠠᠨ ᠴᠢᠩᠭᠠᠳᠬᠠᠵᠤ ᠂ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠰᠢᠶᠠᠨ ᠳᠤ | ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠵᠢᠯ ᠤᠨ ᠳᠤᠭᠤᠶᠢᠯᠠᠩ ᠢ ᠪᠠᠶᠢᠭᠤᠯᠵᠤ ᠂ ᠡᠭᠦᠷᠭᠡ ᠪᠣᠯᠣᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠡᠭᠡᠯᠵᠢᠯᠡᠨ ᠲᠠᠷᠢᠬᠤ ᠠᠵᠢᠯ ᠢ ᠪᠦᠲᠦᠮᠵᠢᠲᠡᠢ | ᠥᠷᠨᠢᠭᠦᠯᠵᠦ ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ | ︵ᠬᠤᠶᠠᠷ︶ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠨ ᠭᠠᠵᠠᠷ ᠤᠨ ᠡᠭᠡᠯᠵᠢᠯᠡᠨ | ᠳᠠᠷᠢᠬᠤ ᠠᠵᠢᠯ ᠢ ᠰᠢᠪᠠᠳᠠᠨ ᠵᠢᠯᠤᠭᠤᠳᠴᠤ᠂ ᠬᠠᠷᠠᠯᠲᠠ ᠶᠢᠨ ᠡᠭᠦᠷᠭᠡ ᠶᠢ ᠨᠠᠷᠢᠯᠢᠭᠵᠢᠭᠤᠯᠤᠨ᠂ ᠶᠠᠪᠤᠴᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠡᠭᠦᠷᠭᠡ᠂ ᠪᠡᠯᠡ ᠮᠥᠩᠭᠦ᠂ ᠮᠡᠷᠭᠡᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ | ᠬᠦ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠠᠬᠢᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠡᠭᠦᠷᠭᠡ ᠪᠠᠨ ᠳᠠᠷᠤᠶᠢᠬᠠᠨ ᠲᠣᠰᠬᠤᠨ ᠳᠤ | ᠬᠦᠷᠲᠡᠯ᠎ᠡ ᠡᠷᠦᠬᠡ ᠳᠤ ᠬᠦᠷᠲᠡᠯ᠎ᠡ ᠲᠠᠷᠢᠶᠠᠨ ᠭᠠᠵᠠᠷ ᠲᠤ ᠬᠦᠷᠲᠡᠯ᠎ᠡ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠭᠤᠣᠯ | ᠴᠣᠭᠴᠠ ᠯᠤᠭ᠎ᠠ ᠡᠭᠦᠷᠭᠡ ᠡᠭᠦᠷᠭᠡᠯᠡᠬᠦ ᠵᠥᠪᠯᠡᠯᠴᠡᠭᠡᠷ ᠲᠣᠭᠲᠠᠬᠤ ᠶᠢᠨ ᠬᠠᠮᠲᠤ ᠴᠠᠭ ᠲᠤᠬᠠᠢ ᠳᠤᠨᠢ ᠢᠯᠡ | ᠨᠡᠶᠢᠲᠡᠯᠡᠨ᠎ᠡ᠃ ᠲᠠᠷᠢᠶᠠᠨ ᠭᠠᠵᠠᠷ ᠤᠨ ᠶᠠᠰᠤ ᠴᠢᠨᠠᠷ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠪᠠᠶᠢᠳᠠᠯ ᠢ ᠴᠢᠭ᠋ | ᠲᠣᠭᠲᠠᠭᠠᠨ ᠮᠥᠷᠳᠡᠨ ᠬᠢᠨᠠᠨ ᠬᠡᠮᠵᠢᠨ᠎ᠡ᠃ ᠡᠭᠦᠷᠭᠡ ᠪᠠᠨ ᠪᠡᠶᠡᠯᠡᠭᠦᠯᠦᠭᠡᠳᠦᠢ᠂ ᠵᠣᠬᠢᠶᠠᠨ ᠪᠠᠶᠢᠭᠤᠯᠬᠤ ᠠᠵᠢᠯ ᠨᠢ | ᠬᠦᠴᠦᠨ ᠦᠭᠡᠢ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠪᠣᠳᠠᠲᠠᠶᠢᠵᠢᠭᠰᠠᠨ ᠦᠭᠡᠢ᠂ ᠪᠡᠯᠡ ᠮᠥᠩᠭᠦ ᠶᠢ ᠴᠠᠭ | ᠲᠤᠬᠠᠢ ᠳᠤᠨᠢ ᠪᠣᠳᠠᠲᠠᠶᠢᠵᠢᠭᠤᠯᠤᠭᠰᠠᠨ ᠦᠭᠡᠢ ᠪᠠ ᠬᠡᠷᠡᠭᠯᠡᠬᠦ ᠨᠢ ᠵᠢᠷᠤᠮᠵᠢᠯ ᠲᠠᠢ ᠪᠤᠰᠤ ᠬᠤᠰᠢᠭᠤ ᠰᠢᠶᠠᠨ ᠬᠤᠲᠠ | ᠲᠣᠭᠤᠷᠢᠭ ᠢ ᠨᠡᠪᠲᠡᠷᠡᠭᠦᠯᠬᠦ ᠶᠢᠨ ᠬᠠᠮᠲᠤ᠂ ᠬᠡᠷᠡᠭᠵᠢᠭᠦᠯᠦᠭᠰᠡᠨ ᠪᠠᠶᠢᠳᠠᠯ ᠢᠶᠠᠨ ᠦᠨᠳᠦᠰᠦᠯᠡᠨ ᠬᠤᠰᠢᠭᠤ ᠰᠢᠶᠠᠨ | ᠬᠤᠲᠠ ᠲᠣᠭᠤᠷᠢᠭ ᠤᠨ ᠳᠠᠷᠠᠭ᠎ᠠ ᠵᠢᠯ ᠤᠨ ᠡᠭᠦᠷᠭᠡ ᠶᠢᠨ ᠲᠠᠯᠠᠪᠠᠶ ᠳᠤ ᠲᠣᠬᠢᠷᠠᠭᠤᠯᠤᠯᠲᠠ ᠬᠢᠨ᠎ᠡ᠃ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠴᠠᠭ ᠲᠤᠬᠠᠢ ᠳᠤᠨᠢ ᠮᠥᠷᠳᠡᠨ ᠵᠢᠯᠤᠭᠤᠳᠴᠤ᠂ ᠬᠤᠰᠢᠭᠤ | ᠰᠢᠶᠠᠨ ᠢ ᠰᠢᠮᠳᠠᠭᠤᠯᠵᠤ ᠪᠠᠶᠢᠭᠠᠳ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠠᠭ ᠲᠤᠬᠠᠢ ᠳᠤᠨᠢ | ᠠᠬᠢᠭᠤᠯᠵᠤ᠂ ᠭᠡᠷ᠎ᠡ ᠠᠴᠠ ᠵᠥᠷᠢᠴᠡᠭᠰᠡᠨ ᠬᠠᠷᠢᠴᠠᠯ ᠢᠶᠠᠷ ᠥᠨᠳᠥᠷ᠂ ᠪᠡᠯᠡ ᠮᠥᠩᠭᠦ ᠣᠯᠭᠤᠬᠤ ᠨᠣᠷᠮ᠎ᠠ ᠪᠠᠷ | ᠳᠣᠣᠷ᠎ᠠ ᠬᠤᠰᠢᠭᠤ ᠰᠢᠶᠠᠨ ᠳᠤ ᠳᠠᠷᠠᠭ᠎ᠠ ᠵᠢᠯ ᠤᠨ ᠡᠭᠡᠯᠵᠢᠯᠡᠨ ᠳᠠᠷᠢᠬᠤ ᠡᠭᠦᠷᠭᠡ ᠶᠢᠨ ᠲᠠᠯᠠᠪᠠᠶ ᠶᠢ ᠲᠣᠬᠢᠷᠠᠭᠤᠯᠤᠨ | ᠪᠠᠭᠠᠰᠬᠠᠨ᠎ᠠ᠃ | ︵ᠭᠤᠷᠪᠠ︶ ᠤᠬᠠᠭᠤᠯᠵᠤ ᠳ᠋ᠦᠩᠨᠡᠬᠦ ᠶᠢ ᠴᠢᠩᠭᠠᠷᠠᠭᠤᠯᠤᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ | ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠶᠢᠨ ᠴᠢᠬᠤᠯᠠ ᠠᠴᠢ | ᠬᠤᠯᠪᠣᠭᠳᠠᠯ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠢ ᠬᠥᠲᠥᠯᠥᠨ | ᠵᠢᠯᠤᠭᠤᠳᠴᠤ ᠪᠠᠶᠢᠭᠠᠳ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠠᠵᠢᠯ ᠢ ᠠᠩᠬᠠᠷᠤᠨ ᠳᠡᠮᠵᠢᠨ᠎ᠡ᠃ ᠲᠤᠬᠠᠢ ᠶᠢᠨ | ᠭᠠᠵᠠᠷ ᠲᠤᠨᠢ ᠲᠣᠭᠤᠷᠢᠨ ᠦᠵᠡᠬᠦ᠂ ᠲᠤᠷᠰᠢᠯᠭ᠎ᠠ ᠪᠠᠨ ᠰᠣᠯᠢᠯᠴᠠᠬᠤ᠂ ᠨᠡᠶᠢᠲᠡᠯᠢᠭ ᠵᠢᠱᠢᠶ᠎ᠡ ᠦᠵᠡᠭᠦᠯᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠢᠳᠡᠪᠬᠢᠲᠡᠢ ᠦᠷ᠎ᠡ ᠪᠦᠲᠦᠮᠵᠢ ᠶᠢ | ᠤᠬᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ ᠡᠭᠦᠨ ᠤ ᠬᠠᠮᠲᠤ᠂ | ᠲᠥᠷᠥᠯ ᠵᠦᠢᠯ ᠤᠨ ᠬᠡᠷᠡᠭᠵᠢᠭᠦᠯᠦᠯᠲᠡ ᠲᠠᠢ ᠤᠶᠠᠯᠳᠤᠭᠤᠯᠤᠨ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ | ᠳᠦᠷᠢᠮ ᠢ ᠪᠦᠷᠢᠨᠰᠢᠭᠦᠯᠬᠦ ᠠᠷᠭ᠎ᠠ ᠬᠡᠮᠵᠢᠶ᠎ᠡ ᠪᠠ ᠰᠠᠨᠠᠭᠤᠯᠭ᠎ᠠ ᠶᠢ ᠳᠤᠷᠠᠳᠤᠨ ᠭᠠᠷᠭᠠᠪᠠ᠃ 2023 ᠣᠨ ᠤ 11 | ᠰᠠᠷ᠎ᠠ ᠶᠢᠨ 15 ᠤ ᠡᠳᠦᠷ ᠠᠴᠠ ᠡᠮᠦᠨ᠎ᠡ ᠮᠠᠨ ᠤ ᠰᠢᠶᠠᠨ ᠤ ᠲᠠᠷᠢᠶᠠᠨ ᠭᠠᠵᠠᠷ ᠢ ᠡᠭᠡᠯᠵᠢᠯᠡᠨ ᠳᠠᠷᠢᠬᠤ ᠭᠤᠣᠯ | ᠠᠷᠭ᠎ᠠ ᠬᠢᠳᠡᠯ᠂ ᠦᠷ᠎ᠡ ᠪᠦᠲᠦᠮᠵᠢ ᠣᠯᠣᠭᠰᠠᠨ᠂ ᠠᠵᠢᠯ ᠤᠨ ᠰᠠᠨᠠᠭᠤᠯᠭ᠎ᠠ ᠪᠠ ᠳᠠᠷᠠᠭ᠎ᠠ ᠨᠢᠭᠡ ᠵᠢᠯ ᠤᠨ | ᠡᠭᠦᠷᠭᠡ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠠᠵᠢᠯ ᠤᠨ ᠳ᠋ᠦᠩᠨᠡᠯᠲᠡ ᠪᠣᠯᠭᠠᠨ | ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠦᠭᠡᠷᠡᠢ᠃ ᠡᠭᠦᠷᠭᠡ ᠶᠢ | ᠨᠠᠶᠢᠳᠠᠪᠤᠷᠢᠵᠢᠭᠤᠯᠤᠭᠰᠠᠨ᠂ ᠮᠡᠳᠡᠭᠡ ᠵᠠᠩᠭᠢ ᠶᠢ ᠲᠣᠬᠢᠷᠠᠭᠤᠯᠤᠭᠰᠠᠨ᠂ ᠳ᠋ᠦᠩᠨᠡᠵᠦ ᠮᠡᠳᠡᠭᠦᠯᠦᠨ ᠬᠦᠷᠭᠡᠭᠰᠡᠨ ᠵᠡᠷᠭᠡ | ᠪᠠᠶᠢᠳᠠᠯ ᠢ ᠳᠠᠷᠠᠭ᠎ᠠ ᠵᠢᠯ ᠤᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠦᠨᠳᠦᠰᠦᠯᠡᠯ ᠪᠣᠯᠭᠠᠨ᠎ᠠ᠃ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | | |