ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠪᠥᠬᠦ ᠰᠢᠶᠠᠨ ᠤ ︽ᠲᠠᠪᠤᠨ ᠶᠡᠭᠡ ᠡᠭᠦᠷᠭᠡ︾ ᠶᠢ ᠲᠦᠷᠭᠡᠪᠴᠢᠯᠡᠨ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ︽ᠳᠥᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ︾ ᠶᠢ ᠪᠡᠶᠡᠯᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/29
    5 ᠰᠠᠷ᠎ᠠ ᠶᠢᠨ 25  ᠤ ᠡᠳᠦᠷ ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠪᠦᠬᠦ ᠰᠢᠶᠠᠨ ᠢᠶᠠᠷ ᠢᠶᠠᠨ ︽ᠲᠠᠪᠤᠨ ᠶᠡᠭᠡ ᠡᠭᠦᠷᠭᠡ︾ ᠶᠢ ᠲᠦᠷᠭᠡᠨ ᠨᠠᠶᠢᠳᠠᠪᠤᠷᠢᠵᠢᠭᠤᠯᠬᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ︽ᠲᠦᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ︾ ᠶᠢ ᠪᠡᠶᠡᠯᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠭᠰᠠᠨ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀︾ ᠢ ᠪᠦᠬᠦ ᠲᠠᠯ᠎ᠠ ᠪᠠᠷ ᠪᠠᠶᠢᠭᠤᠯᠤᠭᠰᠠᠨ᠂ ︽ᠲᠦᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ︾  ᠶᠢ ᠪᠡᠶᠡᠯᠡᠭᠦᠯᠦᠭᠰᠡᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠤᠳᠤᠷᠢᠳᠬᠤ ᠳᠤᠭᠤᠶᠢᠯᠠᠩ ᠤᠨ ᠬᠢᠨ ᠰᠢᠶᠠᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠪᠥᠬᠦ ᠰᠢᠶᠠᠨ ᠢ ᠨᠢᠭᠡᠳᠦᠯᠲᠡᠢ ᠲᠥᠯᠥᠪᠯᠡᠨ ︽ᠲᠠᠪᠤᠨ ᠶᠡᠭᠡ ᠡᠭᠦᠷᠭᠡ︾ ᠶᠢ ᠲᠦᠷᠭᠡᠨ ᠨᠠᠶᠢᠳᠠᠪᠤᠷᠢᠵᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠳᠥᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ︾ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠡᠯ᠎ᠡ ᠲᠦᠷᠦᠯ ᠤᠨ ᠡᠬᠢ ᠪᠠᠶᠠᠯᠢᠭ ᠪᠠ ᠬᠦᠴᠦᠨ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠨᠢᠭᠡᠴᠡ‌‍ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠨ ᠰᠠᠶᠢᠲᠤᠷ ᠭᠦᠢᠴᠡᠳᠬᠡᠬᠦ ᠶᠢ ᠰᠢᠪᠠᠳᠠᠨ ᠵᠢᠯᠤᠭᠤᠳᠬᠤ ᠬᠡᠷᠡᠭᠲᠡᠢ᠃ ᠡᠯ᠎ᠡ ᠲᠤᠰᠬᠠᠢ ᠲᠦᠷᠦᠯ ᠤᠨ ᠳᠤᠭᠤᠶᠢᠯᠠᠩ ᠤᠨ ᠪᠦᠷᠢᠯᠳᠦᠭᠦᠨ ᠵᠢᠴᠢ ᠪᠦᠷᠢᠯᠳᠦᠭᠦᠨ ᠨᠢᠭᠡᠴᠡ ᠨᠦᠭᠦᠳ ᠳᠤᠭᠤᠶᠢᠯᠠᠩ ᠤᠨ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠵᠣᠬᠢᠴᠠᠭᠤᠯᠭ᠎ᠠ ᠳᠣᠣᠷ᠎ᠠ ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ ᠂ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠪᠣᠳᠠᠲᠠᠢ ᠨᠠᠶᠢᠳᠠᠪᠤᠷᠢᠵᠢᠭᠤᠯᠬᠤ ᠶᠢ ᠲᠡᠮᠵᠢᠨ ᠬᠠᠮᠵᠢᠯᠴᠠᠵᠤ ᠪᠠᠶᠢᠭᠠᠳ ᠰᠠᠶᠢᠲᠤᠷ ᠠᠳᠬᠤᠵᠤ ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠪᠠᠲᠤᠯᠠᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠂ ︽ᠲᠦᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ︾  ᠶᠢ ᠪᠡᠶᠡᠯᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠵᠤ ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠭᠡᠪᠡ᠃    ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠡᠷ ᠲᠡᠭᠡᠨ ᠪᠠᠶᠢᠭ᠎ᠠ ᠤᠳᠤᠷᠢᠳᠤᠯᠭ᠎ᠠ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ︽ᠬᠤᠶᠠᠷ ᠳᠠᠷᠤᠭ᠎ᠠ︾ ᠬᠤᠷᠠᠯ ᠳᠤ ᠣᠷᠣᠯᠴᠠᠵᠤ ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠪᠠ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ   
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2