ᠮᠠᠨ ᠤ ᠰᠢᠶᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠥᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠡᠶᠡᠯᠡᠭᠦᠯᠬᠦ ᠤᠳᠤᠷᠢᠳᠬᠤ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/12
    6 ᠰᠠᠷ᠎ᠠ ᠶᠢᠨ 9  ᠤ ᠡᠳᠦᠷ ᠂ ᠮᠠᠨ ᠤ ᠰᠢᠶᠠᠨ ︽ᠬᠤᠶᠠᠷ ᠬᠠᠯᠬᠠᠪᠴᠢ︾ ᠂ ︽ᠬᠤᠶᠠᠷ ᠰᠠᠭᠤᠷᠢᠨ ᠭᠠᠵᠠᠷ︾ ᠂ ︽ᠨᠢᠭᠡ ᠪᠠᠬᠢᠯᠡᠯᠲᠡ︾  ᠶᠢᠨ ᠪᠦᠲᠦᠭᠡᠨ ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠂ ᠲᠦᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ ᠃ ᠰᠢᠶᠠᠨ ᠤ ᠤᠳᠤᠷᠢᠳᠤᠯᠭ᠎ᠠ ᠶᠠᠨ ᠵᠢᠶᠦ᠋ᠨ᠂ ᠴᠧᠨ ᠼᠠᠢ ᠰᠢᠶᠠ᠂ ᠵᠤᠤ ᠵᠢᠶᠠᠨ ᠭᠦᠸᠧ ᠂ ᠦ᠋ ᡁᠢ ᠢᠦᠢ ᠬᠤᠷᠠᠯ ᠳᠤ ᠣᠷᠣᠯᠴᠠᠪᠠ᠃    ᠬᠤᠷᠠᠯ ᠠᠴᠠ ᠪᠦᠬᠦ ᠰᠢᠶᠠᠨ ᠤ 9 ᠠᠴᠠ 10 ᠰᠠᠷ᠎ᠠ ᠶᠢᠨ ︽ᠲᠠᠪᠤᠨ ᠶᠡᠭᠡ ᠡᠭᠦᠷᠭᠡ︾  ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠪᠥᠬᠦ ᠤᠯᠤᠰ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠲᠠᠢ ᠵᠡᠷᠭᠡ ᠪᠠᠷ ᠶᠠᠪᠤᠭᠳᠠᠭᠤᠯᠵᠤ᠂ ᠡᠯ᠎ᠡ ᠲᠥᠷᠥᠯ ᠤᠨ ᠡᠬᠢ ᠪᠠᠶᠠᠯᠢᠭ ᠪᠠ ᠬᠦᠴᠦᠨ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠤᠯᠪᠣᠭᠳᠠᠯ ᠪᠦᠬᠦᠢ ᠴᠢᠬᠤᠯᠠ ᠶᠡᠭᠡ ᠵᠦᠢᠯᠡᠰ ᠢ ᠰᠤᠳᠤᠯᠤᠨ᠂ ᠡᠭᠦᠷᠭᠡ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠵᠤ᠂ ᠴᠢᠭᠯᠡᠯ ᠬᠠᠷᠠᠯᠲᠠ ᠪᠠᠨ ᠲᠣᠳᠣᠷᠬᠠᠶᠢᠯᠠᠨ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠠᠵᠢᠯ ᠢ ᠲᠦᠯᠬᠢᠨ ᠠᠬᠢᠭᠤᠯᠬᠤ ᠳᠤᠮᠳᠠ ᠲᠤᠯᠭᠠᠷᠠᠭᠰᠠᠨ ᠲᠣᠪᠣᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠡᠯ᠎ᠡ ᠲᠤᠰᠬᠠᠢ ᠵᠦᠢᠯ ᠤᠨ ᠳᠤᠭᠤᠶᠢᠯᠠᠩ ᠤᠨ ᠪᠦᠷᠢᠯᠳᠦᠭᠦᠨ ᠵᠢᠴᠢ ᠪᠦᠷᠢᠯᠳᠦᠭᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠲᠠᠪᠤᠨ ᠶᠡᠭᠡ ᠡᠭᠦᠷᠭᠡ ᠶᠢ ᠪᠣᠳᠠᠲᠠᠢ ᠠᠳᠬᠤᠵᠤ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠳᠡᠮᠵᠢᠨ ᠬᠠᠮᠵᠢᠯᠴᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃︽ᠬᠤᠶᠠᠷ ᠠᠯᠪᠠᠨ ᠭᠡᠷ︾ ᠤᠨ ᠬᠠᠮᠢᠶ᠎ᠠ ᠪᠦᠬᠦᠢ ᠳᠡᠳ᠋ ᠡᠷᠬᠢᠯᠡᠭᠴᠢ︔ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠂ ᠴᠠᠭᠳᠠᠨ ᠪᠠᠶᠢᠴᠠᠭᠠᠬᠤ ᠠᠯᠪᠠᠨ ᠭᠡᠷ ᠂ ᠣᠷᠣᠨ ᠲᠤᠭ᠎ᠠ ᠶᠢᠨ ᠠᠯᠪᠠᠨ ᠭᠡᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ︔ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2