ᠨᠢᠭᠡ᠂ ᠪᠣᠷᠳᠣᠭᠤᠷ ᠣᠷᠣᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠪᠠ ᠪᠣᠷᠳᠣᠭᠤᠷ ᠣᠷᠣᠭᠤᠯᠬᠤ ᠵᠠᠷᠴᠢᠮ | ᠰᠠᠭᠠᠭ ᠲᠤ ᠣᠷᠭᠠᠨᠢᠭ ᠪᠣᠷᠳᠣᠭᠤᠷ ᠢ ᠬᠡᠷᠡᠭᠯᠡᠭᠰᠡᠨ ᠨᠢ ᠳᠤᠲᠠᠮᠠᠭ᠂ ᠴᠢᠨᠠᠭᠰᠢᠯᠠᠪᠠᠯ ᠣᠷᠭᠠᠨᠢᠭ ᠪᠣᠷᠳᠣᠭᠤᠷ ᠢ ᠬᠡᠷᠡᠭᠯᠡᠬᠦ | ᠦᠭᠡᠢ᠂ ᠠᠽᠣᠲ ᠪᠣᠷᠳᠣᠭᠤᠷ ᠢ ᠶᠡᠭᠡ ᠬᠡᠮᠵᠢᠶ᠎ᠡ ᠪᠠᠷ ᠬᠡᠷᠡᠭᠯᠡᠬᠦ᠂ ᠺᠠᠯᠢ ᠶᠢᠨ ᠪᠣᠷᠳᠣᠭᠤᠷ ᠢ ᠦᠨᠳᠦᠰᠦᠨ ᠳᠤ ᠪᠠᠨ | ᠬᠡᠷᠡᠭᠯᠡᠬᠦ ᠦᠭᠡᠢ ᠵᠡᠷᠭᠡ ᠭᠤᠣᠯ ᠠᠰᠠᠭᠤᠳᠠᠯ ᠳᠤ ᠴᠢᠭᠯᠡᠭᠦᠯᠦᠨ᠂ ᠶᠡᠷᠦᠩᠬᠡᠢ ᠳᠤ ᠨᠢ ᠪᠣᠷᠳᠣᠭᠤᠷ ᠣᠷᠣᠭᠤᠯᠬᠤ | ᠲᠠᠯ᠎ᠠ ᠪᠠᠷ ᠳᠣᠣᠷᠠᠬᠢ ᠵᠠᠷᠴᠢᠮ ᠤᠳ ᠢ ᠳᠤᠷᠠᠳᠪᠠ᠄ 1. ᠰᠠᠭᠤᠷᠢ ᠪᠣᠷᠳᠣᠭᠤᠷ ᠣᠷᠣᠭᠤᠯᠬᠤ ᠬᠠᠷᠢᠴᠠᠯ ᠢ | ᠨᠡᠮᠡᠭᠳᠡᠭᠦᠯᠵᠦ᠂ ᠮᠦ ᠪᠦᠷᠢ ᠳᠤ 1000~2000 ᠺᠢᠯᠣᠭ᠍ᠷᠠᠮ ᠣᠷᠣᠭᠤᠯᠪᠠᠯ ᠵᠣᠬᠢᠨ᠎ᠠ︔ 2. ᠬᠥᠷᠥᠰᠥ ᠰᠢᠷᠣᠢ ᠶᠢᠨ | ᠥᠩ ᠰᠢᠮ᠎ᠡ ᠶᠢᠨ ᠨᠥᠬᠦᠴᠡᠯ ᠢ ᠦᠨᠳᠦᠰᠦᠯᠡᠨ᠂ ᠠᠽᠣᠲ ᠪᠣᠷᠳᠣᠭᠤᠷ ᠬᠡᠷᠡᠭᠯᠡᠬᠦ ᠬᠡᠮᠵᠢᠶ᠎ᠡ ᠶᠢ ᠵᠣᠬᠢᠰᠲᠠᠢ ᠪᠠᠷ | ᠲᠣᠬᠢᠷᠠᠭᠤᠯᠤᠨ ᠪᠠᠭᠠᠰᠬᠠᠵᠤ᠂ ᠺᠠᠯᠢ ᠪᠣᠷᠳᠣᠭᠤᠷ ᠣᠷᠣᠭᠤᠯᠤᠨ᠎ᠠ᠃ | ᠬᠤᠶᠠᠷ᠂ ᠪᠣᠷᠳᠣᠭᠤᠷ ᠣᠷᠣᠭᠤᠯᠬᠤ ᠰᠠᠨᠠᠭᠤᠯᠭ᠎ᠠ ︵ᠳᠣᠣᠷ᠎ᠠ ᠳᠤᠷᠠᠳᠤᠭᠰᠠᠨ ᠪᠣᠷᠳᠣᠭᠤᠷ ᠣᠷᠣᠭᠤᠯᠬᠤ | ᠬᠡᠮᠵᠢᠶ᠎ᠡ ᠶᠢ ᠴᠥᠮ ᠴᠡᠪᠡᠷ ᠬᠡᠮᠵᠢᠶ᠎ᠡ ᠪᠠᠷ ᠪᠠᠶᠢᠯᠭᠠᠬᠤ ᠪᠠᠷ ᠰᠠᠨᠠᠭᠤᠯᠤᠶ᠎ᠠ︶ 1. ᠮᠦ ᠪᠦᠷᠢ ᠳᠤ 100~150 | ᠺᠢᠯᠣᠭ᠍ᠷᠠᠮ ᠤᠨᠠᠯᠳᠠ ᠲᠠᠢ ᠰᠠᠭᠠᠭ ᠤᠨ ᠲᠠᠷᠢᠶᠠᠨ ᠭᠠᠵᠠᠷ ᠲᠤ᠂ ᠠᠽᠣᠲ ᠪᠣᠷᠳᠣᠭᠤᠷ ︵N︶ 4~7 ᠺᠢᠯᠣᠭ᠍ᠷᠠᠮ᠂ | ᠹᠣᠰᠹᠣᠷ ᠪᠣᠷᠳᠣᠭᠤᠷ ︵P2O5︶ 1~5 ᠺᠢᠯᠣᠭ᠍ᠷᠠᠮ᠂ ᠺᠠᠯᠢ ᠪᠣᠷᠳᠣᠭᠤᠷ ︵K2O︶ 1~3 ᠺᠢᠯᠣᠭ᠍ᠷᠠᠮ ᠬᠡᠷᠡᠭᠯᠡᠵᠦ | ᠪᠣᠯᠣᠨ᠎ᠠ᠃ 2. ᠰᠠᠭᠠᠭ ᠤᠨ ᠤᠨᠠᠯᠳᠠ ᠨᠢ ᠬᠡᠷᠪᠡ ᠮᠦ ᠪᠦᠷᠢ ᠳᠤ 150 ᠺᠢᠯᠣᠭ᠍ᠷᠠᠮ ᠠᠴᠠ ᠳᠡᠭᠡᠭᠰᠢ ᠪᠠᠶᠢᠪᠠᠯ | ᠠᠽᠣᠲ ᠪᠣᠷᠳᠣᠭᠤᠷ ︵N︶ 7~10 ᠺᠢᠯᠣᠭ᠍ᠷᠠᠮ᠂ ᠹᠣᠰᠹᠣᠷ ᠪᠣᠷᠳᠣᠭᠤᠷ ︵P2O5︶ 5~7 ᠺᠢᠯᠣᠭ᠍ᠷᠠᠮ᠂ | ᠺᠠᠯᠢ ᠶᠢᠨ ᠪᠣᠷᠳᠣᠭᠤᠷ ︵K2O︶ 3~4 ᠺᠢᠯᠣᠭ᠍ᠷᠠᠮ ᠬᠡᠷᠡᠭᠯᠡᠵᠦ ᠪᠣᠯᠣᠨ᠎ᠠ᠃ ᠴᠡᠪᠡᠷ ᠬᠡᠮᠵᠢᠶ᠎ᠡ ᠶᠢ ᠰᠣᠯᠢᠵᠤ | ᠪᠤᠳᠤᠬᠤ ᠠᠷᠭ᠎ᠠ ᠶᠢ ᠡᠷᠳᠡᠨᠢ ᠰᠢᠰᠢ ᠶᠢᠨ ᠪᠣᠷᠳᠣᠭᠤᠷ ᠣᠷᠣᠭᠤᠯᠬᠤ ᠬᠡᠮᠵᠢᠶ᠎ᠡ ᠶᠢ ᠰᠣᠯᠢᠵᠤ ᠪᠤᠳᠤᠬᠤ ᠠᠷᠭ᠎ᠠ ᠪᠠᠷ | ᠯᠠᠪᠯᠠᠯᠲᠠ ᠪᠣᠯᠭᠠᠨ᠎ᠠ᠃ | ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ | |