︽ᠲᠣᠮᠣ ᠬᠠᠮᠢᠶᠠᠷᠤᠭᠴᠢ︾ ᠪᠣᠯᠵᠤ ︽ᠵᠣᠭᠤᠰᠤᠨ ᠤᠭᠤᠲᠠ︾ ᠶᠢ ᠰᠠᠶᠢᠲᠤᠷ ᠰᠠᠬᠢᠵᠤ ᠬᠤᠸᠠᠳᠧ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ
ᠨᠡᠶᠢᠲᠡᠯᠡᠭᠰᠡᠨ ᠴᠠᠭ᠄
2023/6/14
     ︽ᠲᠣᠮᠣ ᠬᠠᠮᠢᠶᠠᠷᠤᠭᠴᠢ︾ ᠪᠣᠯᠵᠤ ︽ᠵᠣᠭᠤᠰᠤᠨ ᠤᠭᠤᠲᠠ︾ ᠶᠢ ᠰᠠᠶᠢᠲᠤᠷ ᠰᠠᠬᠢᠵᠤ ᠬᠤᠸᠠᠳᠧ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ           — ᠬᠤᠸᠠᠳᠧ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠤ ᠳᠠᠷᠤᠭ᠎ᠠ ᠶᠤᠸᠠᠨ ᠶᠢᠨ ᠾᠧ

00.png

    ᠬᠥᠲᠥᠯᠥᠭᠴᠢ᠄ ᠲᠠ ᠪᠦᠬᠦᠨ ᠰᠠᠶᠢᠨ ᠪᠠᠶᠢᠵᠠᠭᠠᠨ᠎ᠠ ᠦᠦ︖ ᠂ ᠥᠨᠥᠳᠥᠷ ᠪᠢᠳᠡ ᠰᠢᠶᠠᠨ ᠤ ᠡᠳ᠋ ᠤᠨ

ᠵᠠᠰᠠᠭ ᠤᠨ ᠲᠣᠪᠴᠢᠶ᠎ᠠ ᠶᠢᠨ ᠳᠠᠷᠤᠭ᠎ᠠ ᠶᠤᠸᠠᠨ ᠶᠢᠨ ᠾᠧ ᠨᠥᠬᠦᠷ ᠢ ᠤᠷᠢᠵᠤ ︽ᠰᠦᠯᠵᠢᠶᠡᠨ ᠳᠡᠭᠡᠷᠡᠬᠢ

ᠰᠣᠷᠪᠤᠯᠵᠢᠯᠠᠭ᠎ᠠ︾ ᠳᠤ ᠣᠷᠣᠯᠴᠠᠭᠤᠯᠪᠠ᠃ ᠶᠤᠸᠠᠨ ᠲᠣᠪᠴᠢᠶᠠᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ

ᠪᠠᠶᠢᠨ᠎ᠠ︕

    ᠶᠤᠸᠠᠨ ᠶᠢᠨ ᠾᠧ ᠲᠣᠪᠴᠢᠶᠠᠨ ᠳᠠᠷᠤᠭ᠎ᠠ᠄ ᠬᠥᠲᠥᠯᠥᠭᠴᠢ ᠰᠠᠶᠢᠨ ᠦᠦ︖ ᠂ ᠲᠠ ᠪᠦᠬᠦᠨ ᠰᠠᠶᠢᠨ ᠦᠦ ︕

 ︽ᠰᠦᠯᠵᠢᠶᠡᠨ ᠳᠡᠭᠡᠷᠡᠬᠢ ᠰᠣᠷᠪᠤᠯᠵᠢᠯᠠᠭ᠎ᠠ︾ ᠭᠡᠬᠦ ᠪᠤᠯᠤᠩ ᠢᠶᠠᠷ ᠤᠯᠠᠨ ᠲᠠᠢ ᠰᠠᠨᠠᠯ ᠢᠶᠠᠨ ᠰᠣᠯᠢᠯᠴᠠᠬᠤ

ᠪᠣᠯᠤᠭᠰᠠᠨ ᠳᠠᠭᠠᠨ ᠲᠤᠩ ᠪᠠᠶᠠᠷ ᠲᠠᠢ ᠪᠠᠶᠢᠨ᠎ᠠ᠃ ᠡ᠊ᠨᠳᠡ ᠶᠠᠭᠤᠨ ᠤ ᠡᠮᠦᠨ᠎ᠡ ᠨᠡᠶᠢᠭᠡᠮ ᠤᠨ ᠡᠯ᠎ᠡ ᠡᠲᠡᠭᠡᠳ ᠤᠨ

ᠨᠠᠶᠢᠵᠠ ᠨᠠᠷ ᠤᠨ ᠤᠷᠳᠤ ᠬᠤᠭᠤᠴᠠᠭᠠᠨ ᠤ ᠲᠤᠷᠰᠢ ᠬᠤᠸᠠᠳᠧ ᠰᠢᠶᠠᠨ ᠤ ᠡᠳ᠋ ᠤᠨ ᠵᠠᠰᠠᠭ ᠤᠨ ᠠᠵᠢᠯ ᠢ

ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕ 

   ᠬᠥᠲᠥᠯᠥᠭᠴᠢ᠄ ᠪᠥᠬᠦ ᠰᠢᠶᠠᠨ ᠤ ᠠᠵᠤ ᠠᠬᠤᠢ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ

ᠬᠤᠪᠢ ᠳᠤ᠂ ᠶᠤᠸᠠᠨ ᠲᠣᠪᠴᠢᠶᠠᠨ ᠳᠠᠷᠤᠭ᠎ᠠ ᠤᠷᠢᠳᠠᠪᠠᠷ ᠬᠤᠸᠠᠳᠧ ᠰᠢᠶᠠᠨ ᠤ ᠣᠳᠣᠬᠠᠨ ᠤ ᠡᠳ᠋ ᠤᠨ

ᠵᠠᠰᠠᠭ ᠤᠨ ᠣᠷᠣᠯᠭ᠎ᠠ ᠶᠢᠨ ᠶᠡᠷᠦᠩᠬᠡᠢ ᠪᠠᠶᠢᠳᠠᠯ ᠢ ᠲᠥᠬᠦᠮ ᠢᠶᠠᠷ ᠲᠠᠨᠢᠯᠴᠠᠭᠤᠯᠤᠭᠠᠷᠠᠢ᠃

    ᠶᠤᠸᠠᠨ ᠲᠣᠪᠴᠢᠶᠠᠨ ᠳᠠᠷᠤᠭ᠎ᠠ᠄ ᠡᠨᠡ ᠵᠢᠯ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ

ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ

ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ

ᠪᠠᠷᠢᠮᠲᠠᠯᠠᠵᠤ᠂ ᠠᠵᠤ ᠠᠬᠤᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠷᠭᠦᠯᠵᠢᠯᠡᠨ

ᠴᠢᠩᠭᠠᠳᠬᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠂

ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠰᠢᠶᠠᠨ ᠤ ᠨᠠᠮ ᠤᠨ ᠬᠤᠷᠢᠶᠠᠨ ᠤ ᠪᠦᠬᠦ ᠭᠡᠰᠢᠭᠦᠳ ᠤᠨ ᠬᠤᠷᠠᠯ ᠪᠠ

ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ

ᠵᠢᠷᠤᠮᠯᠠᠨ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ ᠂

ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠡᠳ᠋ ᠤᠨ ᠵᠠᠰᠠᠭ ᠤᠨ ᠥᠭᠡᠷᠡᠴᠢᠯᠡᠯᠲᠡ ᠶᠢ

ᠲᠦᠯᠬᠢᠨ ᠠᠬᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ ᠂ ᠨᠡᠶᠢᠭᠡᠮ ᠤᠨ ᠠᠮᠤᠷ ᠲᠦᠪᠰᠢᠨ

ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠨ᠎ᠠ ᠃ 1-5 ᠰᠠᠷ᠎ᠠ ᠳᠤ᠂ ᠮᠠᠨ ᠤ ᠰᠢᠶᠠᠨ ᠤ ᠡᠩ ᠤᠨ ᠣᠯᠠᠨ

ᠨᠡᠶᠢᠲᠡ ᠶᠢᠨ ᠲᠥᠰᠥᠪ ᠤᠨ ᠣᠷᠣᠯᠭ᠎ᠠ ᠶᠢ 7568 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ

 ᠬᠢ ᠠᠴᠠ 2408 ᠲᠦᠮᠡᠨ ᠲᠥᠭᠦᠷᠢᠭ ᠬᠠᠰᠤᠭᠳᠠᠨ᠂ 24.1% ᠪᠠᠷ ᠪᠠᠭᠤᠷᠠᠪᠠ᠂ ᠡᠭᠦᠨ ᠳᠤ ᠭᠤᠣᠯᠳᠠᠭᠤ

ᠭᠠᠶᠢᠯᠢ ᠶᠢᠨ ᠪᠤᠰᠤ ᠣᠷᠣᠯᠭ᠎ᠠ ᠬᠠᠰᠤᠭᠳᠠᠪᠠ᠃ ᠡᠭᠦᠨ ᠳᠤ᠄ ᠭᠠᠶᠢᠯᠢ ᠶᠢᠨ ᠣᠷᠣᠯᠭ᠎ᠠ ᠶᠢ 5990 ᠲᠦᠮᠡᠨ

ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 345 ᠲᠦᠮᠡᠨ ᠲᠥᠭᠦᠷᠢᠭ ᠬᠠᠰᠤᠭᠳᠠᠨ᠂ 5.

4% ᠪᠠᠭᠤᠷᠠᠪᠠ︔ ᠭᠠᠶᠢᠯᠢ ᠶᠢᠨ ᠪᠤᠰᠤ ᠣᠷᠣᠯᠭ᠎ᠠ ᠶᠢ 1578 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ

ᠬᠤᠭᠤᠴᠠᠭᠠᠨ ᠤ ᠬᠢ ᠠᠴᠠ 2063 ᠲᠦᠮᠡᠨ ᠲᠥᠭᠦᠷᠢᠭ ᠪᠠᠭᠠᠰᠴᠤ᠂ 56.7% ᠪᠠᠷ ᠪᠠᠭᠤᠷᠠᠪᠠ᠃ ᠮᠠᠨ ᠤ

ᠰᠢᠶᠠᠨ ᠤ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ ᠨᠡᠶᠢᠲᠡ 103157

ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15643 ᠲᠦᠮᠡᠨ ᠲᠥᠭᠦᠷᠢᠭ ᠨᠡᠮᠡᠭᠳᠡᠨ᠂

17.9% ᠨᠡᠮᠡᠭᠳᠡᠵᠡᠢ᠃

    ᠬᠥᠲᠥᠯᠥᠭᠴᠢ᠄ ᠡᠳ᠋ ᠤᠨ ᠵᠠᠰᠠᠭ ᠤᠨ ᠶᠠᠮᠤᠨ ᠤ ᠰᠠᠶᠢᠳ ᠯᠢᠦ ᠺᠦᠨ ᠰᠣᠨᠢᠨ ᠮᠡᠳᠡᠭᠡ ᠨᠡᠶᠢᠲᠡᠯᠡᠬᠦ ᠬᠤᠷᠠᠯ

ᠳᠡᠭᠡᠷ᠎ᠡ ᠢᠯᠡᠷᠬᠡᠶᠢᠯᠡᠬᠦ ᠳᠡᠭᠡᠨ᠂ ᠵᠠᠷᠢᠮ ᠭᠠᠵᠠᠷ ᠣᠷᠣᠨ ᠳᠤ ᠨᠡᠯᠢᠶᠡᠳ ᠶᠡᠭᠡ ᠵᠠᠷᠤᠯᠭ᠎ᠠ ᠶᠢᠨ ᠳᠠᠷᠤᠯᠲᠠ ᠶᠢᠨ

ᠠᠰᠠᠭᠤᠳᠠᠯ ᠲᠤᠯᠭᠠᠷᠠᠵᠤ ᠪᠠᠶᠢᠬᠤ ᠶᠢ ᠪᠣᠳᠣᠯᠬᠢᠯᠠᠭᠠᠳ᠂ ᠡᠯ᠎ᠡ ᠱᠠᠲᠤᠨ ᠤ ᠵᠠᠰᠠᠭ ᠤᠨ ᠣᠷᠳᠣᠨ ᠪᠡᠶᠡᠴᠢ

ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠰᠢᠶᠠᠨ ᠤ ᠱᠠᠲᠤᠨ ᠤ ᠵᠠᠰᠠᠭ ᠤᠨ ᠣᠷᠳᠣᠨ ᠲᠥᠰᠥᠪ

ᠲᠣᠬᠢᠷᠠᠭᠤᠯᠬᠤ ᠳᠠᠭᠠᠨ ᠡᠳ᠋ ᠤᠨ ᠬᠦᠴᠦᠨ ᠢᠶᠠᠨ ᠨᠢᠭᠡᠳᠦᠯᠲᠡᠢ ᠲᠥᠯᠥᠪᠯᠡᠨ᠂ ᠵᠠᠷᠤᠯᠭ᠎ᠠ ᠶᠢᠨ ᠪᠦᠲᠦᠴᠡ ᠪᠠᠨ

ᠲᠣᠬᠢᠷᠠᠭᠤᠯᠤᠨ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠤᠷᠢᠳ ᠢᠶᠠᠷ ᠲᠣᠬᠢᠷᠠᠭᠤᠯᠬᠤ

ᠬᠡᠷᠡᠭᠲᠡᠢ ᠭᠡᠵᠡᠢ᠃ ᠮᠠᠨ ᠤ ᠰᠢᠶᠠᠨ ᠤ ︽ᠭᠤᠷᠪᠠ ᠶᠢ ᠪᠠᠲᠤᠯᠠᠬᠤ︾ ᠠᠵᠢᠯᠯᠠᠭᠠᠨ ᠢ ᠪᠠᠲᠤᠯᠠᠬᠤ ᠲᠠᠯ᠎ᠠ ᠪᠠᠷ ᠶᠠᠮᠠᠷ ᠶᠠᠮᠠᠷ

ᠠᠵᠢᠯ ᠬᠢᠭᠰᠡᠨ ᠢ ᠲᠠ ᠶᠠᠷᠢᠭᠠᠳ ᠥᠭᠭᠦᠨ᠎ᠡ ᠦᠦ︖

ᠶᠤᠸᠠᠨ ᠲᠣᠪᠴᠢᠶᠠᠨ ᠳᠠᠷᠤᠭ᠎ᠠ᠄ ᠡᠨᠡ ᠵᠢᠯ ᠤᠨ ︽ᠭᠤᠷᠪᠠᠨ ᠪᠠᠲᠤᠯᠠᠭ᠎ᠠ︾ ᠶᠢᠨ ᠵᠠᠷᠤᠯᠭ᠎ᠠ ᠮᠠᠰᠢ ᠶᠡᠭᠡ

ᠳᠠᠷᠤᠯᠲᠠ ᠳᠤ ᠲᠤᠯᠭᠠᠷᠠᠵᠤ ᠪᠠᠶᠢᠨ᠎ᠠ᠂ ᠭᠤᠣᠯᠳᠠᠭᠤ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ

ᠪᠣᠳᠣᠯᠭ᠎ᠠ ᠪᠣᠯᠣᠨ ᠭᠤᠷᠪᠠᠨ ᠵᠢᠯ ᠤᠨ ᠲᠤᠷᠰᠢᠬᠢ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠡᠩ ᠤᠨ

ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ᠪᠠᠶᠢᠳᠠᠯ ᠬᠦᠨᠳᠦ ᠨᠣᠴᠢᠲᠠᠢ ᠪᠣᠯᠵᠤ᠂ ᠬᠥᠮᠥᠷᠭᠡ ᠶᠢᠨ ᠵᠣᠭᠤᠰ

ᠬᠦᠷᠦᠯᠴᠡᠬᠦ ᠦᠭᠡᠢ᠂ ᠪᠡᠯᠡ ᠮᠥᠩᠭᠦ ᠶᠢ ᠲᠣᠬᠢᠷᠠᠭᠤᠯᠬᠤ ᠳᠤ ᠬᠦᠴᠢᠷᠲᠡᠢ ᠪᠠᠶᠢᠨ᠎ᠠ᠃ ︽ᠭᠤᠷᠪᠠᠨ ᠪᠠᠲᠤᠯᠠᠭ᠎ᠠ︾ ᠶᠢᠨ

ᠵᠠᠷᠤᠯᠭ᠎ᠠ ᠶᠢ ᠦᠨᠡᠨ ᠬᠦ ᠰᠠᠶᠢᠲᠤᠷ ᠪᠠᠲᠤᠯᠠᠬᠤ ᠶᠢᠨ ᠲᠥᠯᠥᠭᠡ ᠂ ᠪᠢᠳᠡ ᠣᠷᠣᠯᠭ᠎ᠠ ᠪᠠᠨ ᠨᠡᠮᠡᠭᠳᠡᠭᠦᠯᠵᠦ

ᠵᠠᠷᠤᠯᠭ᠎ᠠ ᠪᠠᠨ ᠠᠷᠪᠢᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠪᠠ ᠃ ᠨᠢᠭᠡ ᠳᠤ᠂ ᠲᠥᠰᠥᠪ ᠢ

ᠨᠠᠶᠢᠷᠠᠭᠤᠯᠤᠨ ᠵᠣᠬᠢᠶᠠᠬᠤ ᠡᠬᠢ ᠰᠤᠷᠪᠤᠯᠵᠢ ᠶᠢ ᠠᠳᠬᠤᠵᠤ ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ ᠶᠢ

ᠪᠠᠷᠢᠮᠲᠠᠯᠠᠨ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ ᠂ ᠴᠢᠳᠠᠯ ᠤᠨ ᠢᠶᠠᠨ ᠬᠢᠷᠢ ᠪᠠᠷ ᠬᠢᠬᠦ ᠶᠢ

ᠦᠨᠡᠨ ᠬᠦ ᠪᠠᠲᠤᠯᠠᠵᠤ ᠂ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠂ ᠵᠠᠷᠤᠯᠭ᠎ᠠ ᠶᠢᠨ

ᠪᠦᠲᠦᠴᠡ ᠶᠢ ᠰᠢᠯᠢᠳᠡᠭᠵᠢᠭᠦᠯᠦᠨ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠦᠨᠳᠦᠰᠦᠨ

ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ︾ ᠲᠡᠰ ᠳᠠᠷᠠᠭᠠᠯᠠᠯ ᠢᠶᠠᠷ

︽ᠭᠤᠷᠪᠠ ᠶᠢ ᠪᠠᠲᠤᠯᠠᠬᠤ︾ ᠠᠵᠢᠯᠯᠠᠭᠠᠨ ᠢ ᠤᠷᠢᠳ ᠢᠶᠠᠷ ᠪᠠᠲᠤᠯᠠᠵᠤ ᠂ ︽ᠭᠤᠷᠪᠠ ᠶᠢ ᠪᠠᠲᠤᠯᠠᠬᠤ︾ ᠬᠢᠵᠠᠭᠠᠷ

ᠱᠤᠭᠤᠮ ᠢ ᠪᠠᠲᠤ ᠴᠢᠩᠭ᠎ᠠ ᠪᠠᠲᠤᠯᠠᠨ᠎ᠠ᠃ ᠬᠤᠶᠠᠷ ᠲᠤ᠂ ᠲᠠᠲᠠᠪᠤᠷᠢᠯᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ ᠂

ᠲᠥᠪ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠡᠭᠡ ᠣᠷᠴᠢᠨ ᠨᠥᠬᠦᠴᠡᠯ ᠤᠨ ᠳᠣᠣᠷ᠎ᠠ ᠂

ᠭᠠᠶᠢᠯᠢ ᠶᠢᠨ ᠢᠷᠡᠯᠲᠡ ᠶᠢᠨ ᠲᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠵᠤ ᠂ ᠪᠦᠬᠦ ᠵᠢᠯ ᠤᠨ ᠡᠭᠦᠷᠭᠡ ᠪᠠᠨ

ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ ᠭᠤᠷᠪᠠ ᠳᠤ᠂ ᠳᠡᠭᠡᠳᠦ ᠱᠠᠲᠤᠨ ᠠᠴᠠ ᠮᠠᠨ ᠤ ᠰᠢᠶᠠᠨ ᠤ ︽ᠭᠤᠷᠪᠠ ᠶᠢ

ᠪᠠᠲᠤᠯᠠᠬᠤ︾ ᠠᠵᠢᠯᠯᠠᠭᠠᠨ ᠳᠤ ᠦᠵᠡᠭᠦᠯᠬᠦ ᠳᠡᠭᠡᠳᠦ ᠱᠠᠲᠤᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠪᠠᠷ

ᠢᠳᠡᠪᠬᠢᠯᠡᠨ ᠴᠢᠷᠮᠠᠶᠢᠪᠠ᠃

    ᠬᠥᠲᠥᠯᠥᠭᠴᠢ᠄ ᠶᠤᠸᠠᠨ ᠲᠣᠪᠴᠢᠶᠠᠨ ᠳᠠᠷᠤᠭ᠎ᠠ ᠡ ᠂ ᠰᠠᠶ᠋ᠢ ᠲᠠᠨ ᠤ ᠲᠠᠨᠢᠯᠴᠠᠭᠤᠯᠭ᠎ᠠ ᠳᠤ ︽ᠭᠤᠷᠪᠠ ᠶᠢ

ᠪᠠᠲᠤᠯᠠᠬᠤ︾ ᠶᠢᠨ ᠵᠠᠷᠤᠯᠭ᠎ᠠ ᠶᠢ ᠳᠤᠷᠠᠳᠤᠭᠰᠠᠨ᠂ 2023 ᠣᠨ ᠤ ︽ᠭᠤᠷᠪᠠ ᠶᠢ ᠪᠠᠲᠤᠯᠠᠬᠤ︾ ᠶᠢᠨ

ᠵᠠᠷᠤᠯᠭ᠎ᠠ ᠶᠢᠨ ᠲᠠᠯ᠎ᠠ ᠪᠠᠷ ᠭᠤᠣᠯᠳᠠᠭᠤ ᠶᠠᠭᠤ ᠶᠠᠭᠤ ᠪᠠᠶᠢᠬᠤ ᠪᠣᠶ︖

    ᠶᠤᠸᠠᠨ ᠲᠣᠪᠴᠢᠶᠠᠨ ᠳᠠᠷᠤᠭ᠎ᠠ᠄ 2023 ᠣᠨ ᠳᠤ ᠬᠤᠸᠠᠳᠧ ᠰᠢᠶᠠᠨ ᠤ ︽ᠭᠤᠷᠪᠠ ᠶᠢ ᠪᠠᠲᠤᠯᠠᠬᠤ︾

ᠠᠵᠢᠯᠯᠠᠭᠠᠨ ᠤ ᠲᠣᠬᠢᠷᠠᠭᠤᠯᠤᠯᠲᠠ 136250 ᠲᠦᠮᠡᠨ ᠲᠥᠭᠦᠷᠢᠭ ᠪᠠᠶᠢᠵᠤ᠂ ᠲᠥᠰᠥᠪ ᠤᠨ ᠲᠣᠬᠢᠷᠠᠭᠤᠯᠤᠯᠲᠠ

151316 ᠲᠦᠮᠡᠨ ᠲᠥᠭᠦᠷᠢᠭ ᠤᠨ 90% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 5753

ᠲᠦᠮᠡᠨ ᠲᠥᠭᠦᠷᠢᠭ ᠨᠡᠮᠡᠭᠳᠡᠨ᠂ 4.4% ᠨᠡᠮᠡᠭᠳᠡᠵᠡᠢ᠃ 5 ᠰᠠᠷ᠎ᠠ ᠶᠢᠨ ᠰᠡᠭᠦᠯᠴᠢ ᠪᠣᠯᠲᠠᠯ᠎ᠠ᠂ ︽ᠭᠤᠷᠪᠠ ᠶᠢ

ᠪᠠᠲᠤᠯᠠᠬᠤ︾ ᠶᠢᠨ ᠵᠠᠷᠤᠯᠭ᠎ᠠ 50323 ᠲᠦᠮᠡᠨ ᠲᠥᠭᠦᠷᠢᠭ ᠬᠦᠷᠴᠦ᠂ ᠵᠢᠯ ᠤᠨ ᠡᠬᠢᠨ ᠤ ᠲᠥᠰᠥᠪ ᠤᠨ 44.

% ᠶᠢ ᠪᠡᠶᠡᠯᠡᠭᠦᠯᠪᠡ᠂ ᠡᠨᠡ ᠨᠢ ᠭᠤᠣᠯᠳᠠᠭᠤ᠄

ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠲᠠᠯ᠎ᠠ ᠪᠠᠷ 37769 ᠲᠦᠮᠡᠨ ᠲᠥᠭᠦᠷᠢᠭ ᠲᠣᠬᠢᠷᠠᠭᠤᠯᠵᠤ᠂ 5

ᠰᠠᠷ᠎ᠠ ᠶᠢᠨ ᠰᠡᠭᠦᠯᠴᠢ ᠪᠣᠯᠲᠠᠯ᠎ᠠ 20323.3 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ ᠶᠢᠨ ᠠᠬᠢᠴᠠ ᠶᠢ

53.8% ᠳᠤ ᠬᠦᠷᠭᠡᠨ᠎ᠡ᠃ ᠭᠤᠣᠯᠳᠠᠭᠤ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂

ᠡᠳ᠋ ᠤᠨ ᠵᠠᠰᠠᠭ ᠠᠴᠠ ᠬᠤᠳᠠ ᠬᠥᠳᠡᠭᠡ ᠶᠢᠨ ᠰᠠᠭᠤᠭᠠᠯᠢ ᠠᠷᠠᠳ ᠵᠢᠴᠢ ᠠᠵᠤ ᠠᠬᠤᠶᠢᠯᠠᠯ ᠤᠨ ᠠᠵᠢᠯᠲᠠᠨ

ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠂ ᠬᠤᠳᠠ ᠬᠥᠳᠡᠭᠡ ᠶᠢᠨ ᠡᠮ

ᠡᠮᠨᠡᠯᠭᠡ ᠶᠢᠨ ᠳᠠᠭᠠᠳᠬᠠᠯ᠂ ᠵᠣᠯᠭᠠᠭᠤᠯᠬᠤ ᠪᠡᠯᠡ ᠮᠥᠩᠭᠦ ᠵᠡᠷᠭᠡ ᠶᠢ ᠲᠣᠬᠢᠷᠠᠭᠤᠯᠤᠨ᠎ᠠ᠃

    ᠳᠠᠭᠠᠳᠬᠠᠯ ᠤᠨ ᠠᠵᠢᠯᠲᠠᠨ ᠤ ᠴᠠᠯᠢᠩ ᠤᠨ ᠲᠠᠯ᠎ᠠ ᠪᠠᠷ 84728 ᠲᠦᠮᠡᠨ ᠲᠥᠭᠦᠷᠢᠭ ᠲᠣᠬᠢᠷᠠᠭᠤᠯᠵᠤ᠂ 5

ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ 27218.7 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ ᠶᠢᠨ

ᠠᠬᠢᠴᠠ ᠨᠢ 32.1% ᠳᠤ ᠬᠥᠷᠪᠡ᠃

ᠠᠵᠢᠯᠯᠠᠭᠠᠨ ᠢ ᠪᠠᠲᠤᠯᠠᠬᠤ ᠲᠠᠯ᠎ᠠ ᠪᠠᠷ 13753 ᠲᠦᠮᠡᠨ ᠲᠥᠭᠦᠷᠢᠭ ᠲᠣᠬᠢᠷᠠᠭᠤᠯᠵᠤ᠂ 5 ᠰᠠᠷ᠎ᠠ ᠶᠢᠨ ᠡᠴᠦᠰ

ᠪᠣᠯᠲᠠᠯ᠎ᠠ 2781 ᠲᠦᠮᠡᠨ ᠲᠥᠭᠦᠷᠢᠭ ᠵᠠᠷᠤᠴᠠᠭᠤᠯᠵᠤ᠂ ᠵᠠᠷᠤᠯᠭ᠎ᠠ ᠶᠢᠨ ᠠᠬᠢᠴᠠ 20.2% ᠲᠤ ᠬᠦᠷᠴᠡᠢ᠃ 

ᠡᠭᠦᠨ ᠳᠤ ᠭᠤᠣᠯᠳᠠᠭᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠪᠠ ᠲᠣᠰᠬᠤᠨ ᠤ ᠠᠷᠠᠳ ᠤᠨ ᠵᠥᠪᠯᠡᠯ ᠤᠨ

ᠨᠡᠶᠢᠲᠡ ᠶᠢᠨ ᠬᠡᠷᠡᠭᠯᠡᠭᠡᠨ ᠤ ᠦᠨᠳᠦᠰᠦᠨ ᠵᠠᠷᠤᠯᠭ᠎ᠠ ᠵᠢᠴᠢ ᠲᠤᠬᠠᠶᠢᠯᠠᠭᠰᠠᠨ ᠠᠵᠢᠯ ᠤᠨ ᠵᠠᠷᠤᠳᠠᠯ ᠵᠡᠷᠭᠡ ᠶᠢ

ᠲᠣᠬᠢᠷᠠᠭᠤᠯᠵᠠᠢ ᠃

    ᠬᠥᠲᠥᠯᠥᠭᠴᠢ᠄ ᠶᠤᠸᠠᠨ ᠲᠣᠪᠴᠢᠶᠠᠨ ᠳᠠᠷᠤᠭ᠎ᠠ ᠡ ᠂ ᠲᠠᠨ ᠤ ᠲᠠᠨᠢᠯᠴᠠᠭᠤᠯᠭ᠎ᠠ ᠪᠠᠷ ᠳᠡᠮᠵᠢᠨ᠂ ᠡᠳ᠋ ᠤᠨ

ᠵᠠᠰᠠᠭ ᠠᠴᠠ ᠡᠳ᠋ ᠮᠥᠩᠭᠦᠨ ᠤ ᠢᠷᠡᠯᠲᠡ ᠶᠢ ᠪᠣᠶᠢᠵᠢᠭᠤᠯᠬᠤ ᠪᠠ ᠠᠷᠠᠳ ᠤᠨ ᠠᠮᠢᠳᠤᠷᠠᠯ ᠢ ᠪᠠᠲᠤᠯᠠᠬᠤ ᠲᠠᠯ᠎ᠠ ᠪᠠᠷ

ᠶᠡᠭᠡ ᠬᠡᠮᠵᠢᠶᠡᠨ ᠤ ᠠᠵᠢᠯ ᠬᠢᠭᠰᠡᠨ ᠢ ᠪᠢᠳᠡ ᠮᠡᠳᠡᠯ᠎ᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠡᠯᠡ

ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠬᠡᠷᠬᠢᠨ ᠳᠡᠭᠡᠭᠰᠢᠯᠡᠭᠦᠯᠦᠭᠰᠡᠨ ᠪᠣᠶ︖

    ᠶᠤᠸᠠᠨ ᠲᠣᠪᠴᠢᠶᠠᠨ ᠳᠠᠷᠤᠭ᠎ᠠ᠄ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ

ᠳᠡᠭᠡᠭᠰᠢᠯᠡᠭᠦᠯᠬᠦ ᠪᠣᠯ ᠮᠠᠨ ᠤ ᠠᠵᠢᠯ ᠤᠨ ᠳᠤᠮᠳᠠ ᠢᠮᠠᠭᠲᠠ ᠬᠥᠭᠡᠭᠡᠴᠡᠯᠳᠦᠭᠰᠡᠭᠡᠷ ᠢᠷᠡᠭᠰᠡᠨ ᠴᠢᠬᠤᠯᠠ ᠬᠠᠷᠠᠯᠲᠠ

ᠮᠥᠨ᠂ ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠬᠦ ᠪᠠᠷ ᠠᠷᠭ᠎ᠠ ᠪᠠᠷᠢᠯ ᠪᠣᠯᠭᠠᠵᠤ᠂

ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ

ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠲᠠ ᠦᠭᠡᠢ ᠲᠦᠯᠬᠢᠨ 

ᠠᠬᠢᠭᠤᠯᠤᠨ᠎ᠠ᠃

    ᠨᠢᠭᠡ ᠳᠤ ᠂ ᠲᠥᠰᠥᠪ ᠤᠨ ᠬᠠᠮᠢᠶᠠᠷᠤᠯᠲᠠ ᠶᠢᠨ ᠬᠢᠵᠠᠭᠠᠷᠯᠠᠯ ᠢ ᠴᠢᠩᠭᠠᠷᠠᠭᠤᠯᠤᠨ᠎ᠠ᠃ ︽ᠤᠷᠢᠳᠠᠪᠠᠷ ᠲᠥᠰᠥᠪ ᠲᠠᠢ

ᠪᠠᠶᠢᠵᠤ ᠂ ᠲᠠᠷᠠᠭ᠎ᠠ ᠨᠢ ᠵᠠᠷᠤᠯᠭ᠎ᠠ ᠲᠠᠢ ᠪᠠᠶᠢᠬᠤ︾ ᠶᠢ ᠪᠠᠷᠢᠮᠲᠠᠯᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ

ᠬᠤᠷᠠᠯ ᠤᠨ ᠵᠥᠪᠰᠢᠶᠡᠷᠡᠭᠰᠡᠨ ᠲᠥᠰᠥᠪ ᠢ ᠴᠢᠩᠭ᠎ᠠ ᠵᠢᠷᠤᠮᠯᠠᠨ ᠭᠦᠢᠴᠡᠳᠬᠡᠨ᠎ᠡ ᠃ ᠪᠡᠯᠡ ᠮᠥᠩᠭᠦ ᠶᠢ ᠢᠳᠡᠪᠬᠢᠲᠡᠢ ᠪᠠᠷ

ᠴᠤᠭᠯᠠᠭᠤᠯᠤᠨ᠂ ᠵᠠᠷᠤᠯᠭ᠎ᠠ ᠶᠢᠨ ᠠᠬᠢᠴᠠ ᠶᠢ ᠲᠦᠷᠭᠡᠳᠬᠡᠨ᠂ ᠲᠦᠷ ᠬᠠᠳᠠᠭᠠᠯᠠᠬᠤ ᠂ ᠲᠦᠷ ᠵᠣᠭᠤᠰ ᠥᠭᠬᠦ ᠶᠢ

ᠢᠯᠭᠠᠷᠠᠭᠤᠯᠤᠨ ᠲᠢᠭᠯᠡᠬᠦ ᠡᠷᠴᠢᠮ ᠢᠶᠠᠨ ᠴᠢᠩᠭᠠᠷᠠᠭᠤᠯᠤᠨ᠎ᠠ ᠃ ᠬᠤᠶᠠᠷ ᠲᠤ ᠂ ᠡᠳ᠋ ᠤᠨ ᠵᠠᠰᠠᠭ ᠤᠨ ᠮᠡᠳᠡᠭᠡ

ᠵᠠᠩᠭᠢ ᠶᠢ ᠢᠯᠡ ᠪᠣᠯᠭᠠᠬᠤ ᠶᠢ ᠭᠦᠨᠵᠡᠭᠡᠢ ᠲᠦᠯᠬᠢᠨ ᠠᠬᠢᠭᠤᠯᠤᠨ᠎ᠠ ᠃ ᠪᠢᠳᠡ ᠢᠯᠡ ᠪᠠᠶᠢᠯᠭᠠᠬᠤ ᠪᠠᠷ ᠵᠢᠷᠤᠮᠵᠢᠯ ᠢ

ᠠᠬᠢᠭᠤᠯᠵᠤ ᠂ ᠵᠢᠷᠤᠮᠵᠢᠯ ᠢᠶᠠᠷ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠠᠬᠢᠭᠤᠯᠬᠤ ᠶᠢ ᠪᠠᠷᠢᠮᠲᠠᠯᠠᠪᠠ ᠃ 

ᠵᠠᠰᠠᠭ ᠤᠨ ᠶᠠᠪᠤᠳᠠᠯ ᠢ ᠢᠯᠡ ᠪᠣᠯᠭᠠᠬᠤ ᠂ ᠲᠥᠰᠥᠪ ᠪᠠ ᠲᠥᠰᠥᠪ ᠤᠨ ᠭᠦᠢᠴᠡᠳᠬᠡᠯ ᠢ ᠢᠯᠡ ᠪᠣᠯᠭᠠᠬᠤ ᠂ ᠡᠳ᠋ ᠤᠨ

ᠵᠠᠰᠠᠭ ᠤᠨ ᠣᠷᠣᠯᠭ᠎ᠠ ᠵᠠᠷᠤᠯᠭ᠎ᠠ ᠂ ᠭᠤᠷᠪᠠᠨ ᠵᠦᠢᠯ ᠤᠨ ᠠᠯᠪᠠᠨ ᠤ ᠵᠠᠷᠤᠳᠠᠯ ᠂ ᠲᠦᠷᠦ ᠶᠢᠨ ᠪᠣᠳᠣᠯᠭ᠎ᠠ ᠬᠠᠤᠯᠢ

ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠡᠷᠭᠡ ᠤᠯᠠᠨ ᠲᠦᠮᠡᠨ ᠤ ᠠᠮᠢ ᠪᠡᠶ᠎ᠡ ᠶᠢᠨ ᠠᠰᠢᠭ

ᠲᠤᠰᠠ ᠪᠠ ᠨᠡᠶᠢᠭᠡᠮ ᠤᠨ ᠬᠡᠷᠡᠭᠴᠡᠭᠡ ᠳᠤ ᠬᠤᠯᠪᠣᠭᠳᠠᠭᠰᠠᠨ ᠥᠷᠭᠡᠨ ᠢᠶᠠᠷ ᠮᠡᠳᠡᠬᠦ ᠠᠭᠤᠯᠭ᠎ᠠ ᠶᠢᠨ ᠲᠣᠭᠤᠷᠢᠨ ᠳᠤ ᠂

ᠨᠠᠮ ᠤᠨ ᠶᠠᠪᠤᠳᠠᠯ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂

ᠡᠳ᠋ ᠤᠨ ᠵᠠᠰᠠᠭ ᠤᠨ ᠡᠯ᠎ᠡ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠶᠣᠰᠣᠲᠠᠢ ᠶᠢ ᠨᠢ ᠴᠥᠮ ᠢᠯᠡ

ᠪᠣᠯᠭᠠᠵᠤ ᠂ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠂ ᠬᠢᠨᠠᠯᠲᠠ ᠲᠠᠯᠪᠢᠬᠤ ᠡᠷᠬᠡ ᠪᠠ ᠣᠷᠣᠯᠴᠠᠬᠤ ᠡᠷᠬᠡ ᠶᠢ

ᠪᠠᠲᠤᠯᠠᠨ᠎ᠠ᠃ ᠭᠤᠷᠪᠠ ᠳᠤ ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠎ᠡ ᠃ 

︽ᠬᠤᠸᠠᠳᠧ ᠰᠢᠶᠠᠨ ᠤ ᠲᠥᠰᠥᠪ ᠤᠨ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢᠨ ᠬᠡᠷᠡᠭᠵᠢᠭᠦᠯᠬᠦ

ᠨᠠᠷᠢᠨ ᠳᠦᠷᠢᠮ︾ ᠢ ᠲᠣᠭᠲᠠᠭᠠᠵᠤ ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠵᠤ ᠂

ᠥᠪᠡᠷ ᠤᠨ ᠦᠷᠳᠡᠭ ᠤᠨ ᠦᠷ᠎ᠡ ᠠᠰᠢᠭ ᠢ ᠴᠢᠬᠤᠯᠠᠴᠢᠯᠠᠨ᠎ᠠ᠃ ᠲᠥᠰᠥᠪ ᠢ ᠨᠠᠶᠢᠷᠠᠭᠤᠯᠤᠨ ᠵᠣᠬᠢᠶᠠᠬᠤ ᠪᠠ

ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠠᠮᠲᠤ ᠳᠤᠨᠢ ᠲᠣᠬᠢᠷᠠᠭᠤᠯᠵᠤ ᠂ ᠬᠠᠮᠲᠤ ᠳᠤᠨᠢ ᠬᠢᠨᠠᠨ ᠬᠠᠷᠭᠤᠭᠤᠯᠵᠤ ᠂

ᠬᠠᠮᠲᠤ ᠳᠤᠨᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ ᠃ ᠠᠮᠵᠢᠯᠲᠠ ᠪᠦᠲᠦᠮᠵᠢ ᠶᠢᠨ ᠬᠠᠷᠠᠯᠲᠠ ᠶᠢ

ᠴᠢᠷᠮᠠᠶᠢᠨ ᠪᠡᠶᠡᠯᠡᠭᠦᠯᠵᠦ ᠂ ᠠᠵᠢᠯᠯᠠᠭᠠᠨ ᠢ ᠬᠢᠨᠠᠨ ᠡᠵᠡᠮᠳᠡᠬᠦ ᠶᠢ ᠨᠡᠶᠢᠳᠡᠮ ᠬᠡᠷᠡᠭᠵᠢᠭᠦᠯᠵᠦ ᠂ ᠲᠥᠰᠥᠪ ᠤᠨ ᠠᠮᠵᠢᠯᠲᠠ

ᠪᠦᠲᠦᠮᠵᠢ ᠶᠢᠨ ᠬᠠᠮᠢᠶᠠᠷᠤᠯᠲᠠ ᠳᠤ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃

    ᠬᠥᠲᠥᠯᠥᠭᠴᠢ᠄ ᠶᠤᠸᠠᠨ ᠲᠣᠪᠴᠢᠶᠠᠨ ᠳᠠᠷᠤᠭ᠎ᠠ ᠡ ᠂ 2023 ᠣᠨ ᠳᠤ ᠡᠳ᠋ ᠤᠨ ᠵᠠᠰᠠᠭ ᠠᠴᠠ ᠬᠤᠸᠠᠳᠧ

ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠤᠨ

ᠠᠷᠭ᠎ᠠ ᠬᠡᠮᠵᠢᠶ᠎ᠡ ᠠᠪᠬᠤ ᠪᠣᠶ︖

    ᠶᠤᠸᠠᠨ ᠲᠣᠪᠴᠢᠶᠠᠨ ᠳᠠᠷᠤᠭ᠎ᠠ ᠄ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠᠴᠤ ᠠᠷᠪᠠᠨ

ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ

ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠰᠢᠶᠠᠨ ᠤ ᠡᠳ᠋ ᠤᠨ ᠵᠠᠰᠠᠭ ᠰᠢ ᠶᠢᠨ ᠫᠢᠩ  ᠤᠨ ᠰᠢᠨ᠎ᠡ ᠴᠠᠭ

ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ

ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠂ ᠲᠣᠭᠲᠠᠭᠤᠨ ᠤ

ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ ᠂ ᠡᠳ᠋ ᠤᠨ ᠵᠠᠰᠠᠭ ᠤᠨ

ᠡᠭᠦᠷᠭᠡ ᠴᠢᠳᠠᠪᠬᠢ ᠶᠢᠨ ᠦᠢᠯᠡᠳᠦᠯ ᠢ ᠰᠠᠨᠠᠭᠠᠴᠢᠯᠠᠭ᠎ᠠ ᠠᠴᠠ ᠪᠠᠨ ᠪᠠᠳᠠᠷᠠᠭᠤᠯᠵᠤ ᠂ ᠡᠳ᠋ ᠤᠨ ᠵᠠᠰᠠᠭ ᠤᠨ ᠡᠬᠢ

ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠲᠦᠪᠰᠢᠨ ᠢ

ᠲᠣᠭᠲᠠᠭᠤᠨ ᠢᠶᠠᠷ ᠳᠡᠭᠡᠭᠰᠢᠯᠡᠭᠦᠯᠵᠦ ᠂ ᠰᠢᠨ᠎ᠡ ᠴᠠᠭ ᠦᠶ᠎ᠡ ᠳᠤ ᠵᠣᠬᠢᠴᠠᠵᠤ ᠂ ᠰᠢᠨ᠎ᠡ ᠬᠠᠷᠠᠯᠲᠠ ᠳᠤ ᠠᠩᠬᠠᠷᠤᠯ ᠢᠶᠠᠨ

ᠲᠥᠪᠯᠡᠷᠡᠭᠦᠯᠵᠦ ᠂ ᠰᠢᠨ᠎ᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠂ ᠡᠳ᠋ ᠤᠨ ᠵᠠᠰᠠᠭ ᠤᠨ ᠦᠢᠯᠡᠴᠢᠯᠡᠭᠡᠨ ᠤ

ᠶᠣᠰᠣ ᠰᠤᠷᠲᠠᠬᠤᠨ ᠤ ᠬᠥᠭᠵᠢᠯᠲᠡ ᠶᠢᠨ ᠡᠭᠦᠷᠭᠡ ᠶᠢ ᠡᠷᠡᠰ ᠰᠠᠶᠢᠲᠤᠷ ᠭᠦᠢᠴᠡᠳᠬᠡᠵᠦ ᠂ ᠬᠤᠸᠠᠳᠧ ᠰᠢᠶᠠᠨ ᠤ ᠠᠵᠤ

ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠰᠢᠨ᠎ᠡ ᠠᠬᠢᠴᠠ ᠲᠠᠢ ᠪᠣᠯᠬᠤ ᠶᠢ 

ᠠᠬᠢᠭᠤᠯᠤᠨ᠎ᠠ᠃

    ᠨᠢᠭᠡ ᠳᠤ ᠂ ᠦᠢᠯᠡᠴᠢᠯᠡᠭᠡ ᠪᠠᠨ ᠭᠦᠨᠵᠡᠭᠡᠶᠢᠷᠡᠭᠦᠯᠵᠦ ᠂ ᠪᠣᠳᠠᠲᠤ ᠴᠣᠭᠴᠠ ᠶᠢᠨ ᠠᠵᠤ ᠠᠬᠤᠢ ᠶᠢᠨ

ᠬᠥᠭᠵᠢᠯᠲᠡ ᠶᠢ ᠲᠡᠮᠵᠢᠨ᠎ᠡ ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ᠂ ᠡᠳ᠋ ᠤᠨ

ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠠᠵᠤ ᠠᠬᠤᠶᠢᠯᠠᠯ ᠢ ᠳᠡᠮᠵᠢᠨ

ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠮᠬᠢᠯᠡᠨ ᠲᠡᠭᠦᠯᠳᠡᠷᠵᠢᠭᠦᠯᠵᠦ᠂ ᠨᠠᠮ ᠤᠨ ᠲᠥᠪ

ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂

ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠭᠠᠶᠢᠯᠢ ᠶᠢ ᠪᠤᠴᠠᠭᠠᠬᠤ ᠵᠡᠷᠭᠡ ᠬᠠᠮᠢᠶ᠎ᠠ ᠪᠦᠬᠦᠢ ᠲᠥᠷᠥ ᠶᠢᠨ

ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠪᠥᠬᠦ

ᠲᠠᠯ᠎ᠠ ᠪᠠᠷ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ‍ᠤᠨ‌‍ᠲ᠋ᠡᠵᠢᠭᠡᠨ ᠦᠷᠡᠵᠢᠭᠦᠯᠬᠦ

ᠦᠢᠯᠡᠰ᠂ ᠬᠤᠪᠴᠠᠰᠤ ᠬᠤᠨᠠᠷ ᠤᠨ ᠠᠵᠤ ᠦᠢᠯᠡᠰ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠪᠠ

ᠵᠢᠭᠤᠯᠴᠢᠯᠠᠯ ᠤᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ᠃ 

ᠲᠥᠷᠥᠯ ᠵᠦᠢᠯ ᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ︽ᠰᠠᠭᠤᠷᠢ ᠲᠠᠯᠪᠢᠬᠤ᠂

ᠠᠯᠤᠰ ᠬᠡᠲᠦ ᠶᠢ ᠬᠠᠮᠢᠶᠠᠷᠬᠤ᠂ ᠪᠥᠬᠦ ᠲᠠᠯ᠎ᠠ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾

ᠴᠢᠬᠤᠯᠠ ᠶᠡᠭᠡ ᠲᠥᠷᠥᠯ ᠵᠦᠢᠯ ᠢ ᠨᠠᠷᠢᠨ ᠨᠢᠮᠪᠠᠢ ᠲᠥᠯᠥᠪᠯᠡᠨ᠎ᠡ᠃ ᠴᠢᠬᠤᠯᠠ ᠶᠡᠭᠡ ᠲᠦᠷᠦᠯ ᠵᠦᠢᠯ ᠤᠨ ᠪᠡᠯᠡ

ᠮᠥᠩᠭᠦ ᠶᠢ ᠴᠢᠷᠮᠠᠶᠢᠨ ᠣᠯᠵᠤ ᠂ ᠪᠣᠳᠠᠲᠤ ᠴᠣᠭᠴᠠ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ

ᠳᠡᠪᠰᠢᠬᠦ ᠶᠢ ᠠᠬᠢᠭᠤᠯᠤᠨ᠎ᠠ︔ ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ ᠂ ᠡᠳ᠋ ᠤᠨ

ᠵᠠᠰᠠᠭ ᠤᠨ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ ᠬᠥᠰᠢᠯᠲᠡ ᠶᠢᠨ ᠦᠢᠯᠡᠳᠦᠯ ᠢ ᠪᠠᠳᠠᠷᠠᠭᠤᠯᠤᠨ᠎ᠠ᠃

    ᠬᠤᠶᠠᠷ ᠲᠤ ᠂ ᠣᠷᠣᠭᠤᠯᠤᠯᠲᠠ ᠪᠠᠨ ᠨᠡᠮᠡᠭᠳᠡᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ

ᠪᠦᠬᠦ ᠬᠦᠴᠦᠨ ᠢᠶᠠᠷ ᠠᠬᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠡᠳ᠋ ᠤᠨ ᠵᠠᠰᠠᠭ ᠤᠨ

ᠵᠠᠷᠤᠯᠭ᠎ᠠ ᠶᠢᠨ ᠤᠷᠢᠳᠠᠪᠠᠷ ᠪᠠᠲᠤᠯᠠᠬᠤ ᠬᠦᠷᠢᠶ᠎ᠡ ᠪᠣᠯᠭᠠᠬᠤ ᠶᠢ ᠪᠠᠷᠢᠮᠲᠠᠯᠠᠵᠤ ᠂ ᠤᠯᠠᠨ ᠨᠡᠶᠢᠲᠡ ᠶᠢᠨ ᠡᠳ᠋ ᠤᠨ

ᠵᠠᠰᠠᠭ ᠤᠨ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠲᠡᠰᠢ ᠬᠡᠯᠪᠡᠶᠢᠯᠭᠡᠬᠦ ᠡᠷᠴᠢᠮ ᠢ ᠨᠡᠩ

ᠶᠡᠭᠡ ᠪᠠᠷ ᠴᠢᠩᠭᠠᠷᠠᠭᠤᠯᠵᠤ ᠂ ︽ᠳᠥᠷᠪᠡ ᠶᠢ ᠦᠯᠦ ᠵᠠᠶᠢᠯᠠᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ

ᠨᠠᠶᠢᠳᠠᠪᠤᠷᠢᠵᠢᠭᠤᠯᠵᠤ ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠶᠡᠷᠦᠩᠬᠡᠢ ᠴᠣᠭᠴᠠ ᠶᠢᠨ ᠲᠣᠭᠲᠠᠭᠤᠨ

ᠪᠠᠶᠢᠬᠤ ᠶᠢ ᠪᠠᠲᠤᠯᠠᠵᠤ ᠂ ᠠᠵᠢᠯ ᠣᠯᠭᠤᠯᠲᠠ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠡᠷᠴᠢᠮ ᠢ

ᠴᠢᠩᠭᠠᠷᠠᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ

ᠥᠷᠭᠡᠳᠬᠡᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠦᠬᠦ

ᠬᠦᠴᠦᠨ ᠢᠶᠠᠷ ᠠᠬᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂

ᠪᠣᠬᠢᠷᠲᠤᠯ ᠦᠭᠡᠢ ᠣᠷᠭᠠᠨᠢᠭ ᠠᠵᠤ ᠦᠢᠯᠡᠰ ᠤᠨ ᠬᠥᠭᠵᠢᠯᠲᠡ᠂ ᠠᠯᠠᠰᠢᠨ ᠬᠤᠨᠢᠨ ᠤ ᠠᠵᠤ ᠦᠢᠯᠡᠰ᠂ ᠾᠧ ᠮᠧᠶ

ᠰᠢᠶᠠᠩ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ

ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠤᠨ᠎ᠠ᠃

    ᠭᠤᠷᠪᠠ ᠳᠤ ᠂ ᠪᠠᠲᠤᠯᠠᠭ᠎ᠠ ᠶᠢ ᠴᠢᠩᠭᠠᠳᠬᠠᠵᠤ ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠬᠦ ᠶᠢ

ᠳᠡᠮᠵᠢᠨ᠎ᠡ ᠃ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ ᠂ ᠲᠥᠰᠥᠪ ᠤᠨ ᠬᠠᠤᠯᠢ ᠶᠢ ᠴᠢᠩᠭ᠎ᠠ

ᠲᠤᠭᠤᠰᠢᠯᠠᠭᠤᠯᠵᠤ ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ ᠂ ︽ᠪᠠᠲᠤᠯᠠᠬᠤ ᠶᠢ ᠨᠢ

ᠪᠠᠲᠤᠯᠠᠵᠤ ᠬᠢᠵᠠᠭᠠᠷᠯᠠᠬᠤ ᠶᠢ ᠨᠢ ᠪᠠᠭᠠᠰᠬᠠᠵᠤ ᠂ ᠭᠤᠣᠯᠳᠠᠯᠭ᠎ᠠ ᠶᠢ ᠨᠢ ᠲᠤᠪᠤᠶᠢᠯᠭᠠᠵᠤ︾ ᠂ ᠡᠳ᠋ ᠤᠨ ᠵᠠᠰᠠᠭ ᠤᠨ

ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠨᠡᠩ ᠨᠠᠷᠢᠯᠢᠭ ᠣᠨᠤᠴᠢᠲᠠᠢ ᠪᠥᠭᠡᠳ ᠥᠨᠳᠥᠷ ᠪᠦᠲᠦᠮᠵᠢᠲᠡᠶ

ᠪᠣᠯᠭᠠᠨ᠎ᠠ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠲᠣᠭᠲᠠᠪᠤᠷᠢᠵᠢᠭᠤᠯᠤᠨ

ᠳᠡᠭᠡᠭᠰᠢᠯᠡᠭᠦᠯᠵᠦ ᠂ ᠣᠨᠴᠠᠭᠠᠶᠢᠯᠠᠨ ᠦᠨᠳᠦᠰᠦᠨ ᠠᠷᠠᠳ ᠤᠨ ᠠᠮᠢᠳᠤᠷᠠᠯ ᠢ ᠰᠠᠶᠢᠲᠤᠷ ᠪᠠᠲᠤᠯᠠᠵᠤ ᠂ ᠨᠠᠰᠤᠵᠢᠯ ᠤᠨ

ᠠᠰᠠᠷᠠᠮᠵᠢ ᠂ ᠡᠮ ᠡᠮᠨᠡᠯᠭᠡ ᠂ ᠦᠨᠳᠦᠰᠦᠨ ᠵᠦᠢᠯ ᠢ ᠪᠠᠲᠤᠯᠠᠵᠤ ᠠᠪᠤᠷᠠᠨ ᠲᠤᠰᠠᠯᠠᠬᠤ ᠵᠡᠷᠭᠡ ᠪᠠᠲᠤᠯᠠᠭ᠎ᠠ ᠶᠢᠨ

ᠰᠢᠰᠲ᠋ᠧᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ ᠂ ᠠᠷᠠᠳ ᠤᠨ ᠠᠮᠢᠳᠤᠷᠠᠯ ᠤᠨ ᠵᠠᠷᠤᠯᠭ᠎ᠠ ᠬᠢᠭᠡᠳ ᠠᠵᠤ

ᠠᠬᠤᠢ ᠶᠢᠨ ᠬᠥᠭᠵᠢᠯᠲᠡ ᠶᠢ ᠬᠠᠷᠢᠯᠴᠠᠨ ᠵᠣᠬᠢᠴᠠᠭᠤᠯᠬᠤ ᠂ ᠡᠳ᠋ ᠤᠨ ᠬᠦᠴᠦᠨ ᠤ ᠪᠠᠶᠢᠳᠠᠯ ᠢ ᠬᠠᠷᠢᠯᠴᠠᠨ

ᠵᠣᠬᠢᠴᠠᠭᠤᠯᠬᠤ ᠶᠢ ᠪᠠᠷᠢᠮᠲᠠᠯᠠᠵᠤ ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠦᠢᠯᠡᠰ ᠢ ᠲᠡᠮᠵᠢᠨ ᠬᠥᠭᠵᠢᠭᠦᠯᠵᠦ ᠂

ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ ᠃

    ᠳᠥᠷᠪᠡ ᠳᠤ ᠂ ᠲᠣᠭᠲᠠᠴᠠ ᠶᠢ ᠲᠡᠭᠦᠯᠳᠡᠷᠵᠢᠭᠦᠯᠵᠦ ᠂ ᠡᠳ᠋ ᠤᠨ ᠵᠠᠰᠠᠭ ᠤᠨ ᠥᠭᠡᠷᠡᠴᠢᠯᠡᠯᠲᠡ ᠶᠢ ᠲᠠᠰᠤᠷᠠᠯᠳᠠ

ᠦᠭᠡᠢ ᠭᠦᠨᠵᠡᠭᠡᠶᠢᠷᠡᠭᠦᠯᠦᠨ᠎ᠡ ᠃ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢᠨ

ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ᠲᠥᠰᠥᠪ ᠤᠨ ᠬᠠᠮᠢᠶᠠᠷᠤᠯᠲᠠ ᠶᠢᠨ ᠰᠢᠨᠵᠢᠯᠡᠬᠦ

ᠤᠬᠠᠭᠠᠨᠴᠢᠯᠠᠬᠤ ᠂ ᠨᠠᠷᠢᠯᠢᠭᠵᠢᠭᠤᠯᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠪᠦᠬᠦ ᠰᠢᠰᠲ᠋ᠧᠮ ᠤᠨ

ᠲᠥᠰᠥᠪ ᠢ ᠨᠠᠶᠢᠷᠠᠭᠤᠯᠤᠨ ᠮᠡᠳᠡᠭᠦᠯᠬᠦ ᠶᠠᠰᠤ ᠴᠢᠨᠠᠷ ᠢ ᠤᠯᠠᠮ ᠨᠢᠭᠡ ᠠᠯᠬᠤᠮ ᠪᠠᠲᠤᠯᠠᠨ᠎ᠠ᠃ ᠪᠦᠬᠦ ᠲᠠᠯ᠎ᠠ ᠶᠢᠨ᠂ ᠪᠦᠬᠦ

ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ

ᠪᠠᠶᠢᠭᠤᠯᠬᠤ ᠪᠠᠷ ᠬᠠᠷᠠᠯᠲᠠ ᠪᠣᠯᠭᠠᠵᠤ ᠂ ᠬᠡᠷᠡᠭ ᠤᠨ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠂

ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠬᠠᠷᠭᠤᠭᠤᠯᠬᠤ ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠵᠦ

ᠮᠥᠷᠳᠡᠬᠦ ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠦᠨᠡᠯᠡᠯᠲᠡ ᠪᠠ ᠠᠮᠵᠢᠯᠲᠠ ᠪᠦᠲᠦᠮᠵᠢ ᠶᠢᠨ

ᠦᠨᠡᠯᠡᠯᠲᠡ ᠶᠢᠨ ᠦᠷ᠎ᠡ ᠳ᠋ᠦᠩ ᠢ ᠬᠡᠷᠡᠭᠯᠡᠬᠦ ᠲᠠᠪᠤᠨ ᠶᠡᠭᠡ ᠲᠥᠰᠥᠪ ᠤᠨ ᠠᠮᠵᠢᠯᠲᠠ ᠪᠦᠲᠦᠮᠵᠢ ᠶᠢᠨ

ᠬᠠᠮᠢᠶᠠᠷᠤᠯᠲᠠ ᠶᠢᠨ ᠲᠣᠭᠲᠠᠴᠠ ᠶᠢ ᠬᠦᠴᠦᠯᠡᠨ ᠪᠠᠶᠢᠭᠤᠯᠵᠤ ᠂ ᠲᠥᠰᠥᠪ ᠤᠨ ᠠᠮᠵᠢᠯᠲᠠ ᠪᠦᠲᠦᠮᠵᠢ ᠶᠢᠨ

ᠬᠠᠮᠢᠶᠠᠷᠤᠯᠲᠠ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ

ᠰᠦᠯᠵᠢᠶᠡᠨ ᠳᠡᠭᠡᠷᠡᠬᠢ ᠬᠤᠳᠠᠯᠳᠤᠭᠠᠨ ᠤ ᠬᠤᠲᠠ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠡᠳᠦᠷ ᠲᠤᠲᠤᠮ ᠤᠨ

ᠵᠢᠵᠢᠭ ᠰᠠᠵᠢᠭ ᠪᠠᠷᠠᠭ᠎ᠠ ᠬᠤᠳᠠᠯᠳᠤᠨ ᠠᠪᠬᠤ ᠶᠢᠨ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠶᠢ

ᠪᠡᠶᠡᠯᠡᠭᠦᠯᠦᠨ᠂ ᠬᠤᠳᠠᠯᠳᠤᠨ ᠠᠪᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠨ

ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠳᠠᠯᠳᠤᠨ ᠠᠪᠬᠤ ᠥᠪᠡᠷ ‍ᠦᠨ‌ᠭᠠᠶᠢᠯᠢ ᠶᠢᠨ ᠪᠤᠰᠤ

ᠣᠷᠣᠯᠭ᠎ᠠ ᠶᠢ ᠬᠤᠷᠢᠶᠠᠨ ᠲᠤᠰᠢᠶᠠᠬᠤ᠂ ᠲᠣᠭᠠᠴᠠᠭ᠎ᠠ ᠬᠢᠬᠦ᠂ ᠴᠤᠭᠯᠠᠭᠤᠯᠬᠤ᠂ ᠬᠤᠪᠢᠶᠠᠷᠢᠯᠠᠨ ᠰᠢᠯᠵᠢᠭᠦᠯᠬᠦ

ᠲᠤᠬᠠᠶᠢᠯᠠᠭᠰᠠᠨ ᠠᠵᠢᠯ ᠢ ᠪᠥᠬᠦ ᠶᠠᠪᠤᠴᠠ ᠪᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ᠂ ᠰᠦᠢᠳᠬᠡᠯ

ᠲᠤᠰᠢᠶᠠᠭᠴᠢ ᠳᠤ ᠰᠦᠯᠵᠢᠶᠡᠨ ᠳᠡᠭᠡᠷ᠎ᠡ᠂ ᠭᠠᠷ ᠤᠲᠠᠰᠤᠨ ᠳᠤ᠂ ᠥᠪᠡᠰᠦᠪᠡᠨ ᠦᠢᠯᠡᠴᠢᠯᠡᠬᠦ ᠵᠡᠷᠭᠡ ᠣᠯᠠᠨ

ᠵᠦᠢᠯ ᠤᠨ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠬᠠᠩᠭᠠᠵᠤ᠂ ᠭᠠᠶᠢᠯᠢ ᠶᠢᠨ ᠪᠤᠰᠤ ᠣᠷᠣᠯᠭ᠎ᠠ ᠶᠢ ᠬᠤᠷᠢᠶᠠᠨ

ᠲᠤᠰᠢᠶᠠᠬᠤ ᠶᠢ ᠡᠯᠧᠺᠲᠷᠤᠨᠴᠢᠯᠠᠬᠤ ᠶᠢ ᠪᠡᠶᠡᠯᠡᠭᠦᠯᠦᠨ᠎ᠡ᠃

    ᠲᠠᠪᠤ ᠳᠤ ᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ︽ᠲᠠᠪᠤᠨ ᠶᠡᠭᠡ ᠡᠭᠦᠷᠭᠡ︾ ᠶᠢ ᠲᠤᠤᠱᠯᠠᠭᠤᠯᠤᠨ

ᠨᠠᠶᠢᠳᠠᠪᠤᠷᠢᠵᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠭᠦᠨᠵᠡᠭᠡᠢ ᠰᠤᠷᠤᠯᠴᠠᠨ ᠲᠤᠤᠱᠯᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ

ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ

ᠴᠢᠷᠮᠠᠶᠢᠨ ᠪᠡᠶᠡᠯᠡᠭᠦᠯᠵᠦ ᠂ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠪᠦᠲᠦᠮᠵᠢᠲᠡᠢ

ᠬᠡᠷᠡᠭᠵᠢᠭᠦᠯᠬᠦ ᠪᠠᠷ ᠬᠦᠴᠦᠯᠡᠨ ᠴᠢᠷᠮᠠᠶᠢᠵᠤ ᠂ ᠰᠢ ᠶᠢᠨ ᠫᠢᠩ ᠶᠡᠷᠦᠩᠬᠡᠢ ᠱᠦᠵᠢ ᠶᠢᠨ ᠪᠢᠳᠡᠨ ᠳᠤ ᠲᠤᠰᠢᠶᠠᠭᠰᠠᠨ

︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠳᠤ ᠪᠦᠬᠦ ᠬᠦᠴᠦᠨ ᠢᠶᠠᠷ ᠢᠶᠠᠨ ᠡᠳ᠋ ᠤᠨ ᠬᠦᠴᠦᠨ ᠤ

ᠪᠠᠲᠤᠯᠠᠭ᠎ᠠ ᠬᠠᠩᠭᠠᠨ᠎ᠠ᠃ ᠦᠯᠡᠳᠡᠭᠡᠯ ᠲᠦᠭᠰᠢᠭᠦᠷᠢ ᠶᠢ ᠠᠷᠢᠯᠭᠠᠬᠤ ᠪᠠ ᠨᠡᠮᠡᠭᠳᠡᠯ ᠤᠨ ᠬᠡᠮᠵᠢᠶᠡᠨ ᠤ ᠲᠦᠭᠰᠢᠭᠦᠷᠢ ᠶᠢ

ᠰᠡᠷᠭᠡᠶᠢᠯᠡᠬᠦ ᠶᠢ ᠰᠠᠶᠢᠲᠤᠷ ᠠᠳᠬᠤᠵᠤ ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ

ᠭᠦᠨᠵᠡᠭᠡᠢ ᠲᠦᠯᠬᠢᠨ ᠠᠬᠢᠭᠤᠯᠵᠤ ᠂ ᠦᠯᠡᠳᠡᠭᠡᠯ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ

ᠠᠷᠢᠯᠭᠠᠵᠤ ᠂ ᠰᠢᠨ᠎ᠡ ᠪᠠᠷ ᠨᠡᠮᠡᠭᠳᠡᠭᠰᠡᠨ ᠥᠷᠢ ᠥᠭᠴᠡᠭᠡ ᠶᠢ ᠴᠢᠩᠭ᠎ᠠ ᠬᠠᠮᠢᠶᠠᠷᠤᠨ ᠡᠵᠡᠮᠳᠡᠨ᠎ᠡ᠃ ᠮᠥᠩᠭᠦᠨ

ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠵᠤ ᠂ ᠮᠥᠩᠭᠦᠨ

ᠭᠦᠢᠯᠭᠡᠭᠡᠨ ᠤ ᠬᠦᠷᠢᠶᠡᠨ ᠳᠠᠬᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ ᠂

ᠬᠠᠤᠯᠢ ᠪᠤᠰᠤ ᠪᠠᠷ ᠪᠡᠯᠡ ᠴᠤᠭᠯᠠᠭᠤᠯᠬᠤ ᠠᠵᠢᠯ ᠢ ᠰᠡᠷᠭᠡᠶᠢᠯᠡᠨ ᠰᠢᠢᠳᠪᠦᠷᠢᠯᠡᠨ᠎ᠡ᠃

    ᠬᠥᠲᠥᠯᠥᠭᠴᠢ᠄ ᠶᠤᠸᠠᠨ ᠲᠣᠪᠴᠢᠶᠠᠨ ᠳᠠᠷᠤᠭ᠎ᠠ ᠶᠢᠨ ᠪᠢᠳᠡᠨ ᠲᠠᠢ ᠰᠠᠨᠠᠯ ᠢᠶᠠᠨ ᠰᠣᠯᠢᠯᠴᠠᠨ

ᠬᠤᠪᠢᠶᠠᠯᠴᠠᠭᠰᠠᠨ ᠳᠤ ᠲᠠᠯᠠᠷᠬᠠᠵᠤ ᠪᠠᠶᠢᠨ᠎ᠠ᠂ ᠶᠤᠸᠠᠨ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠪᠠᠷ

ᠪᠢᠳᠡ ᠬᠤᠸᠠᠳᠧ ᠰᠢᠶᠠᠨ ᠤ ᠡᠳ᠋ ᠤᠨ ᠵᠠᠰᠠᠭ ᠤᠨ ᠠᠵᠢᠯ ᠤᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ

ᠪᠣᠯᠬᠤ ᠶᠢᠨ ᠬᠠᠮᠲᠤ ᠬᠤᠸᠠᠳᠧ  ᠶᠢᠨ ᠢᠷᠡᠭᠡᠳᠦᠢ ᠶᠢᠨ ᠠᠵᠤ ᠠᠬᠤᠢ ᠶᠢᠨ ᠬᠥᠭᠵᠢᠯᠲᠡ ᠳᠤ ᠢᠲᠡᠭᠡᠯ ᠳᠦᠭᠦᠷᠡᠩ

ᠪᠠᠶᠢᠨ᠎ᠠ᠃

ᠥᠨᠥᠳᠥᠷ ᠤᠨ ᠰᠣᠷᠪᠤᠯᠵᠢᠯᠠᠭ᠎ᠠ ᠪᠠᠨ ᠠᠳᠡ ᠬᠥᠷᠥᠶ᠎ᠡ᠃ ᠶᠤᠸᠠᠨ ᠶᠢᠨ ᠾᠧ ᠲᠣᠪᠴᠢᠶᠠᠨ ᠳᠠᠷᠤᠭ᠎ᠠ ᠶᠢᠨ ᠮᠠᠨ ᠤ

ᠰᠣᠷᠪᠤᠯᠵᠢᠯᠠᠭ᠎ᠠ ᠳᠤ ᠢᠷᠡᠭᠰᠡᠨ ᠳᠤ ᠲᠤᠶᠢᠯ ᠢᠶᠠᠷ ᠲᠠᠯᠠᠷᠬᠠᠵᠤ ᠪᠠᠶᠢᠨ᠎ᠠ᠂ ᠥᠷᠭᠡᠨ ᠣᠯᠠᠨ ᠰᠦᠯᠵᠢᠶᠡᠨ ᠠᠨᠳᠠ

ᠨᠠᠷ ᠤᠨ ᠢᠳᠡᠪᠬᠢᠲᠡᠢ ᠣᠷᠣᠯᠴᠠᠭᠰᠠᠨ ᠳᠤ ᠲᠠᠯᠠᠷᠬᠠᠵᠤ ᠪᠠᠶᠢᠨ᠎ᠠ︕

    ᠶᠤᠸᠠᠨ ᠲᠣᠪᠴᠢᠶᠠᠨ ᠳᠠᠷᠤᠭ᠎ᠠ᠄ ᠵᠠᠰᠠᠭ ᠤᠨ ᠣᠷᠳᠣᠨ ᠤ ᠰᠦᠯᠵᠢᠶᠡᠨ ᠤ ᠲᠠᠪᠴᠠᠩ ᠳᠤ ᠲᠠᠯᠠᠷᠬᠠᠵᠤ ᠪᠠᠶᠢᠨ᠎ᠠ᠂

ᠰᠦᠯᠵᠢᠶᠡᠨ ᠤ ᠨᠠᠶᠢᠵᠠ ᠨᠠᠷ ᠲᠤ ᠲᠠᠯᠠᠷᠬᠠᠵᠤ ᠪᠠᠶᠢᠨ᠎ᠠ᠂ ᠲᠠ ᠪᠦᠬᠦᠨ ᠤ ᠮᠠᠨ ᠤ ᠠᠵᠢᠯ ᠳᠤ ᠡᠷᠬᠢᠮ ᠨᠠᠨᠳᠢᠨ ᠰᠠᠨᠠᠯ

ᠳᠤᠷᠠᠳᠬᠤ ᠶᠢ ᠪᠠᠶᠠᠷᠯᠠᠨ ᠤᠭᠲᠤᠵᠤ ᠪᠠᠶᠢᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2