| 6 ᠰᠠᠷ᠎ᠠ ᠶᠢᠨ15 ᠤ ᠡᠳᠦᠷ ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠴᠠᠩ ᠳ᠋ᠠ ᠸᠧᠢ ︽ᠬᠤᠶᠠᠷ | ᠬᠠᠯᠬᠠᠪᠴᠢ︾ ᠂ ︽ᠬᠤᠶᠠᠷ ᠰᠠᠭᠤᠷᠢᠨ ᠭᠠᠵᠠᠷ︾ ᠂ ︽ᠨᠢᠭᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢᠨ ᠲᠠᠪᠤᠨ | ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠂ ᠲᠦᠷᠪᠡᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ | ᠪᠡᠶᠡᠯᠡᠭᠦᠯᠬᠦ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ 2023 ᠣᠨ ᠤ ᠵᠢᠷᠭᠤᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠠᠢ᠃ ᠰᠢᠶᠠᠨ ᠤ | ᠤᠳᠤᠷᠢᠳᠤᠯᠭ᠎ᠠ ᠳ᠋ᠢᠶᠣᠣ ᠴᠦᠨ ᠬᠠᠢ ᠂ ᠶᠠᠨ ᠵᠢᠶᠦ᠋ᠨ ᠂ ᠰᠦᠩ ᡁᠢ ᠹᠠᠩ ᠂ ᠦ᠋ ᡁᠢ ᠢᠦᠢ ᠂ ᠵᠠᠩ ᠢᠦᠢ ᠵᠢᠤᠸᠠᠨ ᠂ | ᠵᠠᠩ ᠱᠢ ᠶᠢᠩ ᠬᠤᠷᠠᠯ ᠳᠤ ᠣᠷᠣᠯᠴᠠᠪᠠ᠃ | ᠬᠤᠷᠠᠯ ᠠᠴᠠ ᠤᠯᠠᠭᠠᠨᠴᠠᠪ ᠬᠤᠲᠠ ᠶᠢᠨ ᠬᠤᠶᠠᠷ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠲᠠᠪᠤᠨ | ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠠᠵᠢᠯ ᠤᠨ ᠪᠠᠶᠢᠳᠠᠯ ᠳᠤ ᠰᠢᠪᠠᠳᠠᠨ ᠪᠠᠶᠢᠴᠠᠭᠠᠯᠲᠠ ᠥᠷᠨᠢᠭᠦᠯᠬᠦ ᠲᠤᠬᠠᠢ ᠮᠡᠳᠡᠭᠳᠡᠯ︾ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠪᠦᠬᠦ ᠰᠢᠶᠠᠨ ᠤ 11 ᠠᠴᠠ 12 ᠰᠠᠷ᠎ᠠ ᠶᠢᠨ | ︽ᠲᠠᠪᠤᠨ ᠶᠡᠭᠡ ᠡᠭᠦᠷᠭᠡ︾ ᠶᠢᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ᠂ 6 ᠰᠠᠷ᠎ᠠ ᠳᠤ ᠪᠡᠶᠡᠯᠡᠭᠦᠯᠬᠦ ᠪᠠᠷ | ᠲᠥᠯᠥᠪᠯᠡᠭᠰᠡᠨ 22 ᠵᠦᠢᠯ ᠤᠨ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠂ ︽ᠳᠦᠷᠪᠡᠨ ᠵᠦᠢᠯ ᠤᠨ | ᠠᠵᠤ ᠠᠬᠤᠢ ᠶᠢᠨ ᠭᠦᠢᠴᠡᠳᠬᠡᠯ ᠲᠤᠭ᠎ᠠ︾ ᠶᠢᠨ ᠠᠵᠢᠯ ᠢ ᠠᠬᠢᠭᠤᠯᠤᠭᠰᠠᠨ ᠪᠠᠶᠢᠳᠠᠯ ᠵᠢᠴᠢ ᠭᠤᠣᠯᠳᠠᠯᠭ᠎ᠠ ᠲᠠᠢ | ᠠᠭᠤᠯᠭ᠎ᠠ ᠶᠢ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ | ᠬᠠᠮᠲᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ | ᠠᠪᠤᠨ᠂ ᠨᠠᠷᠢᠨ ᠳᠠᠩᠰᠠ ᠳᠤ ᠲᠣᠭᠲᠠᠭᠠᠭᠰᠠᠨ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠶᠣᠰᠣᠭᠠᠷ ᠂ ᠠᠵᠢᠯ ᠤᠨ | ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ ᠂ ᠡᠯᠭᠦᠭᠡ ᠵᠢᠷᠤᠭ ᠢᠶᠠᠷ ᠪᠠᠶᠢᠯᠳᠤᠵᠤ ᠂ ᠨᠡᠩ ᠥᠨᠳᠥᠷ | ᠪᠠᠷᠢᠮᠵᠢᠶ᠎ᠠ ᠂ ᠨᠡᠩ ᠴᠢᠩᠭ᠎ᠠ ᠱᠠᠭᠠᠷᠳᠠᠯᠭ᠎ᠠ ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠬᠤ ᠠᠵᠢᠯ ᠢ | ᠰᠠᠶᠢᠲᠤᠷ ᠠᠳᠬᠤᠬᠤ ᠬᠡᠷᠡᠭᠲᠡᠢ ᠃ ᠦᠵᠡᠯ ᠰᠠᠨᠠᠭ᠎ᠠ ᠪᠠᠨ ᠭᠦᠢᠴᠡᠳ ᠴᠢᠯᠦᠭᠡᠯᠡᠵᠦ ᠂ ᠠᠷᠭ᠎ᠠ ᠬᠡᠯᠪᠡᠷᠢ ᠶᠢᠨ ᠰᠢᠨ᠎ᠡ ᠶᠢ | ᠡᠭᠦᠳᠴᠦ ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ ᠂ ᠬᠠᠷᠢᠭᠤᠴᠠᠯᠭ᠎ᠠ ᠶᠢᠨ | ᠬᠡᠯᠬᠢᠶ᠎ᠡ ᠶᠢ ᠴᠢᠩᠭᠠᠯᠠᠵᠤ ᠂ ᠣᠯᠣᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ ᠂ ᠶᠡᠷᠦᠩᠬᠡᠢ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠠᠬᠢᠭᠤᠯᠤᠨ | ᠨᠠᠶᠢᠳᠠᠪᠤᠷᠢᠵᠢᠭᠤᠯᠵᠤ ᠂ ᠠᠷᠭ᠎ᠠ ᠬᠡᠮᠵᠢᠶ᠎ᠡ ᠶᠢ ᠰᠤᠳᠤᠯᠤᠨ ᠨᠠᠷᠢᠯᠢᠭᠵᠢᠭᠤᠯᠵᠤ ᠂ ᠭᠤᠣᠯᠳᠠᠯᠭ᠎ᠠ ᠲᠠᠢ ᠠᠵᠢᠯ ᠢ ᠪᠣᠳᠠᠲᠠᠢ | ᠠᠳᠬᠤᠵᠤ ᠂ ᠪᠣᠳᠠᠲᠠᠢ ᠠᠵᠢᠯᠯᠠᠵᠤ ᠪᠣᠳᠠᠲᠠᠢ ᠦᠷ᠎ᠡ ᠪᠦᠲᠦᠮᠵᠢ ᠪᠠᠷ ᠪᠦᠬᠦ ᠰᠢᠶᠠᠨ ᠤ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ | ︽ᠬᠤᠶᠠᠷ ᠠᠯᠪᠠᠨ ᠭᠡᠷ︾ ᠤᠨ ᠬᠠᠮᠢᠶ᠎ᠠ ᠪᠦᠬᠦᠢ ᠳᠡᠳ᠋ ᠡᠷᠬᠢᠯᠡᠭᠴᠢ︔ ᠰᠢᠶᠠᠨ ᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ | ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ︔ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | |