ᠮᠠᠨ ᠤ ᠰᠢᠶᠠᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠵᠢᠴᠢ ︽6·16 ᠤ ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠯᠭ᠎ᠠ ᠶᠢᠨ ᠡᠳᠦᠷ︾ ᠤᠨ ᠠᠵᠢᠯᠯᠠᠭ᠎ᠠ ᠶᠠᠪᠤᠭᠤᠯᠵᠠᠢ
ᠨᠡᠶᠢᠲᠡᠯᠡᠭᠰᠡᠨ ᠴᠠᠭ᠄
2023/6/19
    ᠪᠥᠬᠦ ᠤᠯᠤᠰ ‍ᠤᠨ‌ᠬᠤᠷᠢᠨ ᠬᠤᠶᠠᠳᠤᠭᠠᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠬᠦᠷᠴᠦ ᠢᠷᠡᠬᠦ ᠲᠠᠰᠢᠷᠠᠮ ᠳᠤ᠂ 6 ᠰᠠᠷ᠎ᠠ ᠶᠢᠨ 16  ᠤ ᠡᠳᠦᠷ᠂ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ ᠂ ᠨᠢᠭᠡ ᠨᠢᠭᠡ ᠪᠠᠷ ᠢᠶᠠᠨ ᠪᠠᠴᠢᠮ ᠪᠠᠶᠢᠳᠠᠯ ᠢ ᠠᠷᠭᠠᠴᠠᠬᠤ ︾  ᠪᠠᠷ ᠭᠤᠣᠯ ᠰᠡᠳᠦᠪ ᠪᠣᠯᠭᠠᠭᠰᠠᠨ ᠬᠤᠸᠠᠳᠧ ᠰᠢᠶᠠᠨ ᠤ 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠵᠢᠴᠢ ︽6·16  ᠤ ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠯᠭ᠎ᠠ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠮᠠᠨ ᠤ ᠰᠢᠶᠠᠨ ᠤ ᠠᠷᠠᠳ ᠤᠨ ᠲᠠᠯᠠᠪᠠᠢ ᠳᠤ ᠶᠠᠪᠤᠭᠳᠠᠪᠠ ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠬᠤᠩ ᡁᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃

0001.png

    ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠠᠵᠢᠯᠲᠠᠳ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ

ᠡᠯᠭᠦᠭᠡ ᠡᠯᠭᠦᠬᠦ ᠪᠠᠷ ᠳᠠᠮᠵᠢᠭᠤᠯᠵᠤ ᠂ ᠤᠯᠠᠨ ᠲᠦᠮᠡᠨ ᠳᠤ ︽ᠵᠤᠭᠠᠴᠠᠯ ᠤᠨ ᠠᠮᠤᠷ ᠲᠦᠪᠰᠢᠨ ᠤ ᠶᠡᠷᠦ ᠶᠢᠨ ᠮᠡᠳᠡᠯᠭᠡ︾

 ᠂ ︽ᠰᠢᠲᠠᠮᠠᠬᠠᠢ ᠬᠡᠢ ᠶᠢᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ︾ ᠂ ︽ᠣᠨᠴᠠ ᠲᠦᠷᠦᠯ ᠤᠨ ᠲᠤᠨᠤᠭ

ᠲᠥᠬᠦᠭᠡᠷᠦᠮᠵᠢ ᠶᠢᠨ ᠬᠡᠷᠡᠭᠯᠡᠯᠲᠡ ᠶᠢᠨ ᠪᠠᠭ᠎ᠠ ᠶᠡᠷᠦ ᠶᠢᠨ ᠮᠡᠳᠡᠯᠭᠡ︾᠂︽ᠪᠠᠷᠢᠯᠭ᠎ᠠ ᠶᠢᠨ ᠠᠵᠢᠯ ᠤᠨ ᠠᠶᠤᠯᠭᠦᠢ

ᠦᠢᠯᠡᠳᠪᠦᠷᠢᠯᠡᠯ ᠤᠨ ᠠᠷᠪᠠᠨ ᠠᠰᠠᠭᠤᠯᠲᠠ ᠠᠷᠪᠠᠨ ᠬᠠᠷᠢᠭᠤᠯᠲᠠ︾ᠵᠡᠷᠭᠡ ᠤᠬᠠᠭᠤᠯᠭ᠎ᠠ ᠶᠢᠨ ᠮᠠᠲᠧᠷᠢᠶᠠᠯ ᠢ ᠦᠨ᠎ᠡ

ᠲᠥᠯᠥᠪᠦᠷᠢ ᠦᠭᠡᠢ ᠪᠠᠷ ᠲᠠᠷᠬᠠᠭᠠᠵᠤ ᠂ ᠲᠤᠬᠠᠢ ᠶᠢᠨ ᠲᠠᠯᠠᠪᠠᠢ ᠳᠤ ᠨᠠᠰᠢ ᠴᠠᠰᠢ ᠥᠩᠭᠡᠷᠡᠬᠦ ᠤᠯᠠᠨ ᠲᠦᠮᠡᠨ ᠳᠤ

ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠦᠷᠦ ᠶᠢᠨ ᠪᠣᠳᠣᠯᠭ᠎ᠠ ᠵᠢᠴᠢ

ᠵᠠᠮ ᠬᠠᠷᠢᠯᠴᠠᠭ᠎ᠠ ᠂ ᠭᠠᠯ ᠰᠡᠷᠭᠡᠶᠢᠯᠡᠬᠦ ᠂ ᠴᠠᠬᠢᠯᠭᠠᠨ ᠬᠡᠷᠡᠭᠯᠡᠬᠦ ᠂ ᠬᠡᠢ ᠬᠡᠷᠡᠭᠯᠡᠬᠦ ᠵᠡᠷᠭᠡ ᠠᠮᠤᠷ ᠲᠦᠪᠰᠢᠨ ᠤ

ᠮᠡᠳᠡᠯᠭᠡ ᠶᠢ ᠤᠬᠠᠭᠤᠯᠪᠠ᠃ ᠥᠷᠭᠡᠨ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ ᠂ ᠬᠥᠮᠥᠨ

ᠪᠦᠬᠦᠨ ᠠᠮᠤᠷ ᠲᠦᠪᠰᠢᠨ ᠢ ᠴᠢᠬᠤᠯᠠᠴᠢᠯᠠᠬᠤ ᠂ ᠬᠥᠮᠥᠨ ᠪᠦᠬᠦᠨ ᠠᠮᠤᠷ ᠲᠦᠪᠰᠢᠨ ᠳᠤ ᠣᠷᠣᠯᠴᠠᠬᠤ ᠰᠠᠶᠢᠨ

ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃

0002.png

    ᠭᠦᠸᠧ ᠬᠤᠩ ᡁᠢ ᠶᠠᠷᠢᠶᠠᠨ ᠳᠠᠭᠠᠨ ᠱᠠᠭᠠᠷᠳᠠᠭᠰᠠᠨ ᠨᠢ᠂ ᠪᠥᠬᠦ ᠰᠢᠶᠠᠨ ᠤ ᠳᠡᠭᠡᠳᠦ ᠳᠣᠣᠷᠠᠳᠤ ᠱᠠᠲᠤᠨ ᠤ

 ᠬᠢᠨ ᠳᠠᠯᠳᠠ ᠬᠡᠮ ᠲᠦᠭᠰᠢᠭᠦᠷᠢ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠶᠣᠰᠣᠭᠠᠷ

ᠠᠮᠤᠷ ᠲᠦᠪᠰᠢᠨ ᠢ ᠬᠠᠮᠠᠭᠠᠯᠠᠬᠤ ᠶᠢ ᠪᠣᠳᠣᠯᠬᠢᠯᠠᠨ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ

ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ︔ ᠡ᠊ᠨᠳᠡᠯ ᠭᠠᠷᠬᠤ ᠶᠢ ᠰᠡᠷᠭᠡᠶᠢᠯᠡᠬᠦ ᠶᠢ ᠪᠣᠳᠣᠯᠬᠢᠯᠠᠵᠤ ᠂ ᠲᠠᠯᠳᠠ ᠭᠡᠮ ᠢ

ᠳᠠᠷᠠᠭᠠᠯᠠᠨ ᠪᠠᠶᠢᠴᠠᠭᠠᠵᠤ ᠵᠠᠰᠠᠬᠤ ᠶᠢ ᠴᠢᠩᠭᠠᠳᠬᠠᠬᠤ ᠬᠡᠷᠡᠭᠲᠡᠢ︔ ᠮᠥᠨ ᠴᠢᠨᠠᠷ ᠤᠨ ᠠᠮᠤᠷ ᠲᠦᠪᠰᠢᠨ ᠢ

ᠪᠣᠳᠣᠯᠬᠢᠯᠠᠵᠤ ᠂ ᠡᠬᠢ ᠡᠭᠦᠰᠦᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠬᠡᠪ

ᠴᠢᠨᠠᠷ ᠤᠨ ᠳᠡᠭᠡᠭᠰᠢᠯᠡᠯᠲᠡ ᠳᠤ ᠠᠩᠬᠠᠷᠤᠯ ᠢᠶᠠᠨ ᠬᠠᠨᠳᠤᠭᠤᠯᠵᠤ᠂ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ 

ᠴᠢᠩᠭᠠᠳᠬᠠᠬᠤ ᠬᠡᠷᠡᠭᠲᠡᠢ︔ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢ ᠪᠣᠳᠣᠯᠬᠢᠯᠠᠵᠤ ᠂ ᠠᠮᠤᠷ ᠲᠦᠪᠰᠢᠨ ᠤ

ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠪᠦᠬᠦ ᠰᠢᠶᠠᠨ ᠢᠶᠠᠷ ᠢᠶᠠᠨ

ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠂ ᠵᠣᠷᠢᠭᠲᠠᠢ ᠪᠠᠷ ᠤᠷᠤᠭᠰᠢᠯᠠᠨ ᠳᠠᠪᠰᠢᠵᠤ ᠂

ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠴᠣ ᠰᠢᠨ᠎ᠡ ᠤᠶᠤᠨ ᠰᠠᠨᠠᠭᠠᠨ ᠤ ᠳᠦᠷᠰᠦ ᠪᠠᠶᠢᠳᠠᠯ ᠂ ᠠᠵᠢᠯ ᠤᠨ

ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢᠨ

ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ

ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠷᠭᠦᠯᠵᠢᠯᠡᠨ ᠠᠬᠢᠭᠤᠯᠵᠠᠢ ᠃

0003.png

    ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ

ᠨᠡᠶᠢᠲᠡ 500 ᠭᠠᠷᠤᠢ ᠬᠤᠪᠢ ᠲᠠᠷᠬᠠᠭᠠᠵᠤ᠂ ᠣᠯᠠᠨ ᠲᠦᠮᠡᠨ ᠤ ᠲᠤᠬᠠᠢ ᠶᠢᠨ ᠲᠠᠯᠠᠪᠤᠷ ᠤᠨ ᠯᠠᠪᠯᠠᠯᠲᠠ ᠶᠢ 300

ᠭᠠᠷᠤᠢ ᠬᠥᠮᠥᠨ ᠤᠳᠠᠭ᠎ᠠ ᠭᠥᠯᠢᠶᠡᠨ ᠠᠪᠴᠤ᠂ ᠪᠥᠬᠦ ᠨᠡᠶᠢᠭᠡᠮ ᠢᠶᠠᠷ ᠢᠶᠠᠨ ᠠᠮᠤᠷ ᠲᠦᠪᠰᠢᠨ ᠢ ᠬᠠᠮᠲᠤ ᠪᠠᠷ

ᠠᠩᠬᠠᠷᠬᠤ᠂ ᠠᠮᠤᠷ ᠲᠦᠪᠰᠢᠨ ᠢ ᠳᠡᠮᠵᠢᠬᠦ᠂ ᠠᠮᠤᠷ ᠲᠦᠪᠰᠢᠨ ᠳᠤ ᠣᠷᠣᠯᠴᠠᠬᠤ ᠭᠦᠨ ᠵᠤᠵᠠᠭᠠᠨ ᠠᠭᠤᠷ

ᠠᠮᠢᠰᠬᠤᠯ ᠢ ᠪᠣᠶ ᠪᠣᠯᠭᠠᠪᠠ᠃

    ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ᠂

ᠲᠡᠮᠦᠷᠯᠢᠭ ᠤᠨ ᠠᠵᠤ ᠠᠬᠤᠶᠢᠯᠠᠯ ᠤᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2