ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ ᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠢᠷᠡᠵᠦ ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠣᠳᠤᠯᠪᠡ
ᠨᠡᠶᠢᠲᠡᠯᠡᠭᠰᠡᠨ ᠴᠠᠭ᠄
2023/6/20
    6 ᠰᠠᠷ᠎ᠠ ᠶᠢᠨ 18 ᠤ ᠦᠳᠡ ᠶᠢᠨ ᠬᠤᠶᠢᠨ᠎ᠠ᠂ ᠬᠤᠲᠠ ᠶᠢᠨ ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ ᠤᠨ ᠰᠢᠪᠠᠳᠠᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠬᠦᠷᠴᠦ ᠢᠷᠡᠨ ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ᠃

1.jpg

    ᠶᠠᠷᠢᠯᠴᠠᠬᠤ ᠬᠤᠷᠠᠯ ᠳᠡᠭᠡᠷ᠎ᠡ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ

ᠪᠠᠶᠢᠴᠠᠭᠠᠨ ᠰᠤᠳᠤᠯᠤᠭᠴᠢ ᠯᠢ ᠫᠢᠩ ᠮᠠᠨ ᠤ ᠰᠢᠶᠠᠨ ᠤ ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ ᠤᠨ ᠲᠤᠬᠠᠢ

ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠵᠡᠢ᠃

    ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠰᠢᠶᠣᠣ ᠵᠧᠨ ᠢᠦᠢ ᠪᠦᠬᠦ ᠰᠢᠶᠠᠨ ᠤ ᠥᠷᠢ ᠥᠭᠴᠡᠭᠡ ᠶᠢ

ᠠᠷᠢᠯᠭᠠᠬᠤ ᠡᠭᠦᠷᠭᠡ ᠶᠢᠨ ︽ᠬᠤᠶᠠᠷ ᠢ ᠬᠠᠭᠠᠰ ᠠᠴᠠ ᠬᠡᠲᠦᠷᠡᠭᠦᠯᠬᠦ︾ ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ

ᠴᠢᠨᠠᠷ ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠵᠠᠷᠤᠯᠭ᠎ᠠ ᠶᠢᠨ ᠠᠬᠢᠴᠠ᠂ ᠡᠳ᠋ ᠤᠨ ᠵᠠᠰᠠᠭ ᠢ

ᠵᠣᠯᠭᠠᠭᠤᠯᠬᠤ ᠪᠡᠯᠡ ᠮᠥᠩᠭᠦ ᠶᠢᠨ ᠵᠠᠷᠤᠯᠭ᠎ᠠ ᠪᠣᠯᠣᠨ 10 ᠵᠦᠢᠯ ᠤᠨ ᠨᠥᠬᠦᠪᠦᠷᠢ ᠪᠡᠯᠡ ᠮᠥᠩᠭᠦ ᠶᠢᠨ ᠪᠠᠶᠢᠳᠠᠯ ᠤᠨ

ᠲᠤᠬᠠᠢ ᠬᠠᠷᠢᠭᠤ ᠮᠡᠳᠡᠭᠦᠯᠦᠯᠲᠡ ᠬᠢᠵᠡᠢ ᠃

    ᠬᠤᠷᠠᠯ ᠤᠨ ᠲᠠᠷᠠᠭ᠎ᠠ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠡᠰᠡᠭ ᠰᠢᠶᠠᠩ ᠪᠠᠯᠭᠠᠰᠤ ᠳᠤ

ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ ᠃

    ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂

ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ

ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠬᠠᠮᠢᠶ᠎ᠠ

ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2