ᠮᠠᠨ ᠤ ᠰᠢᠶᠠᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯᠣᠨ ᠰᠦᠯᠵᠢᠶᠡᠨ ᠤ ᠠᠮᠤᠷ ᠲᠦᠪᠰᠢᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/6/20
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠴᠢᠳᠠᠪᠤᠷᠢ ᠶᠢ ᠦᠨᠡᠨᠬᠦ ᠨᠡᠮᠡᠭᠳᠡᠭᠦᠯᠬᠦ ᠶᠢᠨ ᠲᠤᠰᠠᠳᠠ᠂ 6 ᠰᠠᠷ᠎ᠠ ᠶᠢᠨ 19 ᠤ ᠡᠳᠦᠷ᠂ ᠮᠠᠨ ᠤ ᠰᠢᠶᠠᠨ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ 2023 ᠣᠨ ᠤ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ᠃    ᠪᠣᠯᠪᠠᠰᠤᠷᠠᠭᠤᠯᠤᠯ ᠤᠨ ᠳᠤᠮᠳᠠ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠸᠧᠢ ᠵᠢᠶᠧ ︽ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ︾ ᠰᠡᠳᠦᠪ ᠢᠶᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠷᠢ ᠲᠣᠭᠲᠠᠭᠠᠯᠲᠠ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠤᠪᠢᠰᠤᠩᠭᠤᠢ ᠬᠠᠷᠢᠴᠠᠭ᠎ᠠ ᠵᠡᠷᠭᠡ ᠵᠢᠷᠭᠤᠭᠠᠨ ᠲᠠᠯ᠎ᠠ ᠪᠠᠷ ᠲᠠᠶᠢᠯᠤᠮᠵᠢ ᠬᠢᠪᠡ︔ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠤᠨ ᠡᠷᠬᠢᠯᠡᠭᠴᠢ ᠸᠠᠩ ᠸᠧᠨ ᠶᠦᠩ ︽ᠬᠤᠪᠢ ᠶᠢᠨ ᠵᠠᠭᠤᠴᠢᠯᠠᠭᠤᠷ ᠪᠣᠯᠣᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ︾ ᠠᠭᠤᠯᠭ᠎ᠠ ᠶᠢᠨ ᠲᠤᠬᠠᠢ ᠬᠤᠪᠢ ᠶᠢᠨ ᠵᠠᠭᠤᠴᠢᠯᠠᠭᠤᠷ ᠤᠨ ᠪᠠᠶᠢᠳᠠᠯ ᠤᠨ ᠲᠣᠶᠢᠮᠣᠴᠢᠯᠠᠯ ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠤᠳᠤᠯᠤᠨ ᠮᠠᠭᠠᠳᠯᠠᠬᠤ ᠂ ᠠᠷᠭᠠᠴᠠᠬᠤ ᠵᠡᠷᠭᠡ ᠲᠠᠯ᠎ᠠ ᠪᠠᠷ ᠭᠤᠣᠯᠳᠠᠭᠤᠯᠵᠤ ᠂ ᠰᠢᠨ᠎ᠡ ᠴᠠᠭ ᠦᠶ᠎ᠡ ᠶᠢᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠠᠵᠢᠯ ᠤᠨ ᠰᠡᠳᠬᠢᠴᠡ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠠᠶᠢᠯᠪᠤᠷᠢᠯᠠᠪᠠ ᠃    ᠪᠣᠯᠪᠠᠰᠤᠷᠠᠭᠤᠯᠤᠯ ᠢᠶᠠᠷ ᠳᠡᠮᠵᠢᠨ᠂ ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠪᠠᠨ ᠦᠷᠭᠦᠯᠵᠢᠯᠡᠨ ᠰᠠᠶᠢᠵᠢᠷᠠᠭᠤᠯᠤᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠪᠠ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠶ ᠪᠠᠷ ᠲᠦᠯᠬᠢᠨ ᠠᠬᠢᠭᠤᠯᠪᠠ᠃    ᠡᠯ᠎ᠡ ᠰᠢᠶᠠᠩ ᠪᠠᠯᠭᠠᠰᠤᠨ ᠤ ᠤᠬᠠᠭᠤᠯᠭ᠎ᠠ ᠶᠢᠨ ᠭᠡᠰᠢᠭᠦᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ  ᠬᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠰᠦᠯᠵᠢᠶᠡᠨ ᠤ ᠦᠨᠡᠯᠡᠭᠴᠢ ᠪᠣᠯᠪᠠᠰᠤᠷᠠᠯ ᠳᠤ ᠣᠷᠤᠯᠴᠠᠪᠡ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2