ᠮᠠᠨ ᠤ ᠰᠢᠶᠠᠨ ᠤ ᠴᠠᠩᠱᠦ᠋ᠨ ᠪᠠᠯᠭᠠᠰᠤᠨ ᠤ ᠯᠦ ᠢ ᠲᠣᠰᠬᠤᠨ ︽ᠪᠢᠳᠡᠨ ᠤ ᠪᠠᠶᠠᠷ ᠤᠨ ᠡᠳᠦᠷ— ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ︿ᠽᠦᠩᠽᠢ﹀ ᠶᠢᠨ ᠬᠠᠶᠢᠷ᠎ᠠ ᠰᠡᠳᠬᠢᠯᠭᠡ ᠠᠷᠠᠳ ᠤᠨ ᠰᠡᠳᠬᠢᠯ ᠢ ᠨᠢᠭᠲᠠᠷᠠᠭᠤᠯᠤᠨ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/6/25
    ᠨᠣᠭᠤᠭᠠᠨ ᠤᠯᠢᠶᠠᠰᠤ ᠪᠣᠷᠣᠭᠠᠨ ᠳᠤ ᠨᠠᠶᠢᠭᠤᠵᠤ᠂ ᠲᠠᠪᠤᠨ ᠥᠩᠭᠡ ᠶᠢᠨ ᠰᠢᠨ᠎ᠡ ᠲᠣᠷᠭ᠎ᠠ ᠽᠦᠩᠽᠢ ᠶᠢ ᠣᠷᠢᠶᠠᠨ᠎ᠠ᠃ 6 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ — ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠰᠢᠶᠠᠨ ᠤ ᠴᠠᠩᠱᠦ᠋ᠨ ᠪᠠᠯᠭᠠᠰᠤᠨ ᠤ ᠯᠦ ᠢ ᠲᠣᠰᠬᠤᠨ ︽ ᠪᠢᠳᠡᠨ ᠤ ᠪᠠᠶᠠᠷ ᠤᠨ ᠡᠳᠦᠷ — ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ︿ᠽᠦᠩᠽᠢ﹀ ᠳᠤ ᠠᠷᠠᠳ ᠤᠨ ᠰᠡᠳᠬᠢᠯ ᠢ ᠨᠢᠭᠲᠠᠷᠠᠭᠤᠯᠤᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃    ︽ᠽᠦᠩᠽᠢ ᠪᠣᠭᠤᠬᠤ︾ ᠡᠨᠡᠬᠦ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠲᠠᠲᠤ ᠢᠳᠡᠭᠡᠨ ᠦᠢᠯᠡᠳᠬᠦ ᠠᠵᠢᠯᠯᠠᠭ᠎ᠠ ᠪᠠᠷ ᠳᠠᠮᠵᠢᠭᠤᠯᠤᠨ᠂ ᠺᠠᠳ᠋ᠷ ᠣᠯᠠᠨ ᠲᠦᠮᠡᠨ ᠤ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠪᠡ᠃

20.jpg

    ᠠᠩᠬᠢᠯᠤᠮ᠎ᠠ ᠰᠠᠶᠢᠬᠠᠨ ᠽᠦᠩᠽᠢ ᠶᠢᠨ ᠨᠠᠪᠴᠢ ᠂ ᠠᠮᠲᠠᠲᠤ ᠤᠯᠠᠭᠠᠨ ᠴᠢᠪᠠᠭ᠎ᠠ᠂ ᠠᠮᠲᠠᠲᠤ ᠰᠢᠯᠦᠬᠡᠢ ᠲᠤᠲᠤᠷᠭ᠎ᠠ

 ᠨᠢ ᠬᠥᠮᠥᠰ ᠤᠨ ᠠᠮᠲᠠᠲᠤ ᠢᠳᠡᠭᠡᠨ ᠤ ᠲᠤᠬᠠᠢ ᠬᠠᠯᠠᠭᠤᠨ ᠬᠠᠶᠢᠷ᠎ᠠ ᠪᠣᠯᠣᠨ ᠰᠠᠶᠢᠨ ᠰᠠᠶᠢᠬᠠᠨ ᠠᠮᠢᠳᠤᠷᠠᠯ ᠤᠨ

ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ ᠃ ᠲᠤᠬᠠᠢ ᠶᠢᠨ ᠡᠳᠦᠷ᠂ ᠠᠵᠢᠯᠯᠠᠭ᠎ᠠ ᠳᠤ ᠣᠷᠣᠯᠴᠠᠭᠰᠠᠨ ᠨᠠᠮ ᠤᠨ

ᠭᠡᠰᠢᠭᠦᠨ ᠣᠯᠠᠨ ᠲᠦᠮᠡᠨ ᠥᠷᠯᠥᠭᠡ ᠡᠷᠲᠡ ᠲᠣᠰᠬᠤᠨ ᠤ ᠠᠷᠠᠳ ᠤᠨ ᠵᠥᠪᠯᠡᠯ ᠳᠤ ᠢᠷᠡᠵᠦ ᠬᠠᠪᠰᠤᠷᠪᠡ᠂

ᠣᠯᠠᠨ ᠢᠶᠠᠷ ᠢᠶᠠᠨ ᠨᠢᠭᠡ ᠰᠢᠷᠡᠭᠡᠨ ᠳᠤ ᠲᠣᠭᠤᠷᠢᠨ ᠰᠠᠭᠤᠵᠤ᠂ ᠵᠣᠭᠤᠭ ᠳᠡᠯᠭᠡᠵᠦ᠂ ᠨᠢᠭᠡ ᠲᠠᠯ᠎ᠠ ᠪᠠᠷ ᠽᠦᠩᠽᠢ

ᠪᠣᠭᠤᠵᠠᠢ᠃ ︽ᠮᠡᠷᠭᠡᠵᠢᠯᠲᠡᠨ︾ ᠨᠢ ︽ᠰᠢᠨ᠎ᠡ ᠭᠠᠷ︾ ᠲᠠᠭᠠᠨ ᠽᠦᠩᠽᠢ ᠪᠣᠭᠤᠬᠤ ᠶᠢ ᠵᠢᠯᠤᠭᠤᠳᠴᠤ ᠂ ᠳᠡᠮᠡᠢ ᠤᠳᠠᠯ

ᠦᠭᠡᠢ ᠭᠤᠷᠪᠠᠯᠵᠢᠨ ᠬᠡᠯᠪᠡᠷᠢᠲᠡᠢ ᠂ ᠤᠷᠲᠤᠯᠵᠢᠨ ᠬᠡᠯᠪᠡᠷᠢ ᠲᠠᠢ ᠵᠡᠷᠭᠡ ᠤᠯᠠᠨ ᠶᠠᠩᠵᠤ ᠶᠢᠨ ᠽᠦᠩᠽᠢ ᠦᠷᠦᠭᠳᠡᠵᠦ᠂

ᠬᠤᠷᠠᠯ ᠤᠨ ᠭᠡᠷ ᠲᠤ ᠬᠠᠯᠠᠭᠤᠨ ᠳᠤᠯᠠᠭᠠᠨ ᠠᠭᠤᠷ ᠠᠮᠢᠰᠬᠤᠯ ᠢᠶᠠᠷ ᠪᠢᠯᠬᠠᠨ᠎ᠠ᠃

    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠣᠰᠬᠤᠨ ᠤ ᠨᠠᠮ ᠤᠨ ᠭᠡᠰᠢᠭᠦᠨ ᠰᠠᠶᠢᠨ ᠳᠤᠷ᠎ᠠ ᠶᠢᠨ

ᠦᠢᠯᠡᠴᠢᠯᠡᠭᠴᠢᠳ ᠡᠳᠡᠭᠡᠷ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠽᠦᠩᠽᠢ ᠶᠢ ᠴᠢᠨᠠᠵᠤ᠂ ᠤᠭᠤᠲᠠᠯᠠᠭᠠᠳ

ᠲᠣᠰᠬᠤᠨ ᠤ ᠥᠨᠥᠴᠢᠨ ᠪᠡᠯᠪᠡᠰᠦᠨ ᠨᠠᠰᠤᠲᠠᠨ ᠪᠠ ᠭᠠᠭᠴᠠᠭᠠᠷ ᠰᠠᠭᠤᠵᠤ ᠪᠠᠶᠢᠭ᠎ᠠ ᠨᠠᠰᠤᠲᠠᠨ ᠳᠤ ᠬᠦᠷᠭᠡᠭᠰᠡᠨ

ᠪᠥᠭᠡᠳ ᠲᠡᠳᠡᠨ ᠤ ᠣᠶᠢᠷ᠎ᠠ ᠶᠢᠨ ᠬᠤᠭᠤᠴᠠᠭᠠᠨ ᠤ ᠠᠮᠢᠳᠤᠷᠠᠯ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠯᠠᠪᠯᠠᠨ

ᠠᠰᠠᠭᠤᠵᠤ᠂ ᠨᠠᠰᠤᠲᠠᠶᠢᠴᠤᠳ ᠲᠤ ᠪᠠᠶᠠᠷ ᠤᠨ ᠡᠳᠦᠷ ᠤᠨ ᠢᠷᠦᠭᠡᠯ ᠪᠠ ᠬᠠᠶᠢᠷ᠎ᠠ ᠬᠠᠯᠠᠮᠵᠢ ᠬᠦᠷᠭᠡᠵᠡᠢ᠃

    ᠯᠦ ᠢ ᠲᠣᠰᠬᠤᠨ ᠤ ᠨᠠᠮ ᠤᠨ ᠡᠭᠦᠷ ᠤᠨ ᠱᠦᠵᠢ ᠵᠣᠣ ᠼᠦᠩ ᠬᠠᠢ᠄ ︽ᠲᠣᠰ ᠤᠳᠠᠭᠠᠨ ᠤ ᠠᠵᠢᠯᠯᠠᠭ᠎ᠠ ᠨᠢ

ᠲᠣᠰᠬᠤᠨ ᠤ ᠠᠷᠠᠳ ᠲᠤ ᠤᠯᠠᠮᠵᠢᠯᠠᠯᠲᠤ ᠪᠠᠶᠠᠷ ᠤᠨ ᠡᠳᠦᠷ ᠤᠨ ᠵᠠᠩ ᠳᠠᠳᠬᠠᠯ ᠢ ᠣᠶᠢᠯᠠᠭᠠᠭᠤᠯᠵᠤ᠂ ᠲᠣᠰᠬᠤᠨ ᠤ

ᠠᠷᠠᠳ ᠤᠨ ᠬᠤᠭᠤᠷᠣᠨᠳᠣᠬᠢ ᠵᠠᠢ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠪᠠᠶᠠᠷ ᠤᠨ ᠡᠳᠦᠷ ᠤᠨ ᠪᠠᠶᠠᠷ

ᠴᠡᠩᠭᠡᠯ ᠢ ᠡᠳ᠋ᠯᠡᠭᠦᠯᠬᠦ ᠶᠢᠨ ᠬᠠᠮᠲᠤ ᠲᠣᠰᠬᠤᠨ ᠤ ᠠᠷᠠᠳ ᠲᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ

ᠬᠦᠷᠲᠡᠭᠡᠵᠦ᠂  ᠮᠦᠨ ᠴᠤ ᠯᠦ ᠢ ᠼᠦᠨ ᠲᠣᠰᠬᠤᠨ ᠤ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ

ᠡᠳ᠋ᠯᠡᠭᠦᠯᠬᠦ ᠶᠢᠨ ᠲᠥᠯᠥᠭᠡ ᠶᠤᠮ︾ ᠭᠡᠵᠡᠢ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2