ᠮᠠᠨ ᠤ ᠰᠢᠶᠠᠨ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/25
    ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠣᠷᠳᠣ ᠬᠤᠭᠤᠴᠠᠭᠠᠨ ᠤ ᠡᠭᠦᠷᠭᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠡᠷᠡᠭ ᠤᠨ ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠠᠤᠯᠢ ᠶᠣᠰᠣᠭᠠᠷ ᠪᠦᠷᠢᠳᠬᠡᠬᠦ ᠬᠠᠤᠯᠢ ᠶᠣᠰᠣᠭᠠᠷ ᠵᠠᠰᠠᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢᠨ ᠲᠤᠰᠠᠳᠠ ᠂ 6 ᠰᠠᠷ᠎ᠠ ᠶᠢᠨ 21 ᠤ ᠡᠳᠦᠷ ᠂ ᠮᠠᠨ ᠤ ᠰᠢᠶᠠᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠲᠤᠭ᠎ᠠ ᠪᠦᠷᠢᠳᠬᠡᠯ ᠤᠨ ᠬᠡᠷᠡᠭ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃    ᠬᠤᠷᠠᠯ ᠠᠴᠠ ︽ᠲᠤᠭ᠎ᠠ ᠪᠦᠷᠢᠳᠬᠡᠯ ᠤᠨ ᠬᠠᠤᠯᠢ ᠵᠥᠷᠢᠴᠡᠭᠰᠡᠨ 3 ᠨᠡᠶᠢᠲᠡᠯᠢᠭ ᠬᠡᠷᠡᠭ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠡᠯᠡᠯ︾ ᠢ ᠤᠯᠠᠮᠵᠢᠯᠠᠵᠤ᠂ ︽ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠬᠦ ᠪᠠ ᠰᠢᠢᠳᠪᠦᠷᠢᠯᠡᠭᠰᠡᠨ ᠪᠠᠶᠢᠳᠠᠯ ᠢ ᠬᠠᠷᠢᠭᠤ ᠲᠤᠰᠬᠠᠬᠤ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ ᠂ ᠲᠤᠭ᠎ᠠ ᠪᠦᠷᠢᠳᠬᠡᠯ ᠤᠨ ᠠᠵᠢᠯᠯᠠᠭ᠎ᠠ ᠶᠢ ᠳᠦᠷᠢᠮᠵᠢᠭᠦᠯᠵᠦ ᠂ ᠵᠠᠷᠯᠠᠨ ᠮᠡᠳᠡᠭᠳᠡᠭᠰᠡᠨ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢᠶᠠᠷ ᠴᠡᠭᠡᠷᠯᠡᠯ ᠪᠣᠯᠭᠠᠵᠤ ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ ᠂ ᠲᠤᠭ᠎ᠠ ᠪᠦᠷᠢᠳᠬᠡᠯ ᠤᠨ ᠬᠠᠤᠯᠢᠵᠢᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠬᠠᠤᠯᠢ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ ︔ ᠬᠤᠶᠠᠷ ᠲᠤ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠣᠯ ᠪᠦᠷᠢᠳᠬᠡᠯ ᠤᠨ ᠠᠵᠢᠯ ᠤᠨ ᠠᠮᠢᠨ ᠰᠤᠳᠠᠰᠤ ᠪᠣᠯᠬᠤ ᠶᠢ ᠪᠠᠲᠤ ᠴᠡᠭᠡᠵᠢᠯᠡᠵᠦ ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠲᠤᠭ᠎ᠠ ᠮᠡᠳᠡᠭᠦᠯᠬᠦ ᠳᠤ ᠭᠠᠷ ᠳᠦᠷᠦᠵᠦ ᠪᠣᠯᠬᠤ ᠦᠭᠡᠢ ᠂ ᠬᠠᠮᠲᠤᠪᠠᠷ ᠡᠳ᠋ᠯᠡᠬᠦ ᠲᠣᠭᠲᠠᠴᠠ ᠶᠢ ᠭᠦᠢᠴᠡᠳ ᠠᠰᠢᠭᠯᠠᠵᠤ ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠦᠢᠯᠡᠳᠦᠯ ᠢ ᠪᠠᠳᠠᠷᠠᠭᠤᠯᠵᠤ ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ ᠃ ᠭᠤᠷᠪᠠ ᠳᠤ ᠂ ᠪᠠᠶᠢᠩᠭᠤ ᠶᠢᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠴᠠᠭ ᠲᠤᠬᠠᠢ ᠳᠤᠨᠢ ᠪᠠᠶᠢᠷᠢᠯᠠᠭᠤᠯᠵᠤ᠂ ᠪᠠᠶᠢᠩᠭᠤᠵᠢᠭᠤᠯᠵᠤ᠂ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠱᠠᠭᠠᠷᠳᠠᠯᠭ᠎ᠠ ᠶᠣᠰᠣᠭᠠᠷ ᠥᠷᠨᠢᠭᠦᠯᠬᠦ ᠬᠡᠷᠡᠭᠲᠡᠢ᠃    ᠰᠡᠷᠡᠮᠵᠢᠯᠡᠭᠦᠯᠬᠦ ᠬᠥᠮᠦᠵᠢᠯ ᠢᠶᠠᠷ ᠳᠠᠮᠵᠢᠭᠤᠯᠤᠨ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠲᠤᠭ᠎ᠠ ᠪᠦᠷᠢᠳᠬᠡᠯ ᠤᠨ ᠬᠠᠭᠤᠷᠮᠠᠭᠯᠠᠨ ᠵᠣᠬᠢᠶᠠᠬᠤ ᠂ ᠬᠤᠳᠠᠯ ᠬᠠᠭᠤᠷᠮᠠᠭ ᠢᠶᠠᠷ ᠵᠣᠬᠢᠶᠠᠬᠤ ᠶᠢᠨ ᠲᠤᠶᠢᠯ ᠤᠨ ᠬᠤᠣᠷ ᠬᠥᠨᠥᠭᠡᠯᠳᠦ ᠴᠢᠨᠠᠷ ᠢ ᠭᠦᠨᠵᠡᠭᠡᠢ ᠲᠠᠨᠢᠵᠤ ᠂ ᠬᠤᠶᠢᠰᠢᠳᠠ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠶᠢ ᠨᠡᠩ ᠴᠢᠩᠭ᠎ᠠ ᠨᠠᠶᠢᠳᠠᠪᠤᠷᠢᠵᠢᠭᠤᠯᠵᠤ ᠂ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ ᠂ ᠲᠤᠭ᠎ᠠ ᠪᠦᠷᠢᠳᠬᠡᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠬᠤᠶᠢᠰᠢᠳᠠ ᠶᠢᠨ ᠲᠤᠭ᠎ᠠ ᠪᠦᠷᠢᠳᠬᠡᠯ ᠤᠨ ᠠᠵᠢᠯ ᠢ ᠨᠡᠩ ᠰᠠᠶᠢᠨ ᠥᠷᠨᠢᠭᠦᠯᠬᠦ ᠳᠤ ᠰᠠᠭᠤᠷᠢ ᠲᠠᠯᠪᠢᠵᠤ ᠥᠭᠴᠡᠢ ᠃ᠵᠣᠬᠢᠶᠠᠭᠴᠢ᠄ ᠲᠤᠭ᠎ᠠ ᠪᠦᠷᠢᠳᠬᠡᠯ ᠤᠨ ᠲᠣᠪᠴᠢᠶ᠎ᠠᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ 
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2