ᠮᠠᠨ ᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠪᠠᠶᠢᠴᠠᠭᠠᠨ ᠴᠡᠭᠴᠡᠯᠡᠬᠦ ᠲᠤᠰᠬᠠᠢ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/6/26
   ᠬᠤᠲᠠ ᠪᠠᠯᠭᠠᠰᠤᠨ ᠤ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠢ ᠦᠨᠡᠨ ᠬᠦ ᠴᠢᠩᠭᠠᠳᠬᠠᠵᠤ᠂ ᠨᠢᠩᠰᠢᠶᠠ ᠶᠢᠨ ᠢᠷᠭᠠᠢ ᠶᠢᠨ ︽6 · 21︾ ᠤ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠠᠴᠠ ᠭᠦᠨᠵᠡᠭᠡᠢ ᠰᠤᠷᠭᠠᠮᠵᠢ ᠠᠪᠬᠤ ᠶᠢᠨ ᠲᠥᠯᠥᠭᠡ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠰᠢᠲᠠᠮᠠᠬᠠᠢ ᠬᠡᠢ ᠶᠢᠨ ᠲᠤᠰᠬᠠᠢ ᠠᠩᠭᠢ ᠶᠢᠨ ᠪᠦᠷᠢᠯᠳᠦᠭᠦᠨ ᠨᠢᠭᠡᠴᠡ ᠶᠢ ᠵᠣᠬᠢᠶᠠᠨ ᠪᠠᠶᠢᠭᠤᠯᠤᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠢᠳᠡᠭᠡᠨ ᠤᠮᠳᠠᠭᠠᠨ᠂ ᠰᠢᠷᠠᠮᠠᠯ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃    6 ᠰᠠᠷ᠎ᠠ ᠶᠢᠨ 23 ᠤ ᠡᠳᠦᠷ᠂ ᠮᠠᠨ ᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠳᠤᠮᠳᠠ ᠠᠩᠭᠢ ᠵᠡᠷᠭᠡ ᠬᠠᠮᠢᠶ᠎ᠠ ᠪᠦᠬᠦᠢ ᠨᠢᠭᠡᠴᠡ ᠨᠦᠭᠦᠳ ᠶᠢᠨ ᠱᠠᠨ ᠵᠢᠶᠣᠣ ᠵᠠᠮ᠂ ᠱᠦᠨ ᠢ ᠵᠠᠮ ᠤᠨ ᠬᠤᠶᠠᠷ ᠬᠠᠵᠠᠭᠤ ᠶᠢᠨ ᠢᠳᠡᠭᠡᠨ ᠤᠮᠳᠠᠭᠠᠨ ᠵᠢᠴᠢ ᠰᠢᠷᠠᠵᠤ ᠬᠠᠭᠰᠠᠭᠠᠬᠤ ᠳᠡᠯᠭᠡᠭᠦᠷ ᠪᠣᠯᠣᠨ ᠠᠷᠠᠳ ᠤᠨ ᠲᠠᠯᠠᠪᠠᠶ ᠶᠢᠨ ᠡᠮᠦᠨᠡᠬᠢ ᠰᠥᠨᠢ ᠶᠢᠨ ᠵᠠᠬ᠎ᠠ ᠳᠡᠯᠭᠡᠭᠦᠷ ᠲᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠰᠢᠪᠠᠳᠠᠨ ᠵᠢᠯᠤᠭᠤᠳᠬᠤ ᠪᠠᠶᠢᠴᠠᠭᠠᠯᠲᠠ ᠬᠢᠪᠡ᠃    ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠭᠢ ᠶᠢᠨ ᠬᠢᠨ ᠢᠳᠡᠭᠡᠨ ᠤᠮᠳᠠᠭᠠᠨ᠂ ᠰᠢᠷᠠᠮᠠᠯ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠰᠢᠩᠭᠡᠨᠵᠢᠮᠡᠯ ᠬᠡᠢ ᠶᠢᠨ ᠰᠠᠪᠠ ᠂ ᠰᠢᠲᠠᠮᠠᠬᠠᠢ ᠬᠡᠢ ᠶᠢᠨ ᠵᠤᠤᠬ᠎ᠠ᠂ ᠵᠥᠭᠡᠯᠡᠨ ᠬᠤᠭᠤᠯᠠᠢ᠂ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠵᠡᠷᠭᠡ ᠶᠢ ᠬᠡᠷᠡᠭᠯᠡᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠰᠢᠲᠠᠮᠠᠬᠠᠢ ᠬᠡᠢ ᠶᠢᠨ ᠱᠦᠭᠦᠬᠦ ᠨᠡᠭᠡᠯᠡᠭᠡᠢ ᠰᠤᠯᠠᠷᠠᠭᠰᠠᠨ ᠡᠰᠡᠬᠦ᠂ ᠴᠥᠷᠬᠦᠯᠡᠭᠡ ᠵᠥᠭᠡᠯᠡᠨ ᠬᠤᠭᠤᠯᠠᠢ ᠬᠤᠭᠤᠴᠠᠭ᠎ᠠ ᠠᠴᠠ ᠪᠠᠨ ᠬᠡᠲᠦᠷᠡᠭᠡᠳ ᠬᠠᠭᠤᠴᠢᠷᠠᠭᠰᠠᠨ ᠡᠰᠡᠬᠦ᠂ ᠰᠢᠩᠭᠡᠨᠵᠢᠮᠡᠯ ᠬᠡᠢ ᠶᠢᠨ ᠯᠣᠩᠬᠤ ᠬᠤᠭᠤᠴᠠᠭ᠎ᠠ ᠠᠴᠠ ᠪᠠᠨ ᠬᠡᠲᠦᠷᠡᠭᠡᠳ ᠢᠳᠡᠭᠳᠡᠭᠰᠡᠨ ᠡᠰᠡᠬᠦ᠂ ᠰᠢᠩᠭᠡᠨᠵᠢᠮᠡᠯ ᠬᠡᠢ ᠶᠢᠨ ᠯᠣᠩᠬᠤ ᠨᠢ ᠲᠣᠭᠲᠠᠭᠠᠯ ᠳᠤ ᠨᠡᠶᠢᠴᠡᠵᠦ ᠪᠠᠶᠢᠬᠤ ᠡᠰᠡᠬᠦ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠭᠰᠠᠷᠠᠭᠰᠠᠨ ᠨᠢ ᠵᠢᠷᠤᠮᠵᠢᠯ ᠳᠤ ᠨᠡᠶᠢᠴᠡᠬᠦ ᠡᠰᠡᠬᠦ᠂ ᠰᠢᠲᠠᠮᠠᠬᠠᠢ ᠬᠡᠢ ᠶᠢᠨ ᠯᠡᠪᠡᠷᠡᠯ ᠤᠨ ᠠᠮᠤᠷ ᠲᠦᠪᠰᠢᠨ ᠤ ᠰᠡᠷᠡᠮᠵᠢ ᠶᠢᠨ ᠲᠥᠬᠦᠭᠡᠷᠦᠮᠵᠢ ᠬᠡᠪ ᠤᠨ ᠪᠠᠶᠢᠳᠠᠯ ᠢᠶᠠᠷ ᠬᠡᠷᠡᠭᠯᠡᠭᠳᠡᠵᠦ ᠪᠠᠶᠢᠬᠤ ᠡᠰᠡᠬᠦ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠡ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠤᠳᠠᠯᠳᠤᠭᠠᠨ ᠤ ᠡᠷᠦᠬᠡ ᠶᠢ ᠵᠠᠷᠯᠢᠭᠳᠠᠨ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠤᠭᠰᠠᠨ ᠤ ᠳᠠᠷᠠᠭ᠎ᠠ ᠰᠠᠶ᠋ᠢ ᠦᠷᠭᠦᠯᠵᠢᠯᠡᠨ ᠡᠵᠡᠩᠨᠡᠵᠦ ᠪᠣᠯᠣᠨ᠎ᠠ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2