ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠭᠤᠸ ᠵᠢᠶᠠᠨ ᠨᠠᠷ ᠮᠠᠨ ᠤ ᠰᠢᠶᠠᠨ ᠳᠤ ᠬᠦᠷᠴᠦ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/6/26
    ᠣᠶᠢᠷ᠎ᠠ ᠳᠤ᠂ ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠭᠤᠸ ᠵᠢᠶᠠᠨ ᠨᠠᠷ ᠮᠠᠨ ᠤ ᠰᠢᠶᠠᠨ ᠳᠤ ᠢᠷᠡᠵᠦ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃

01.png

 

    ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠬᠤᠳᠠ ᠶᠢᠨ ᠹᠠᠩᠱᠠᠨ

ᠲᠣᠭᠤᠷᠢᠭ ᠤᠨ ᠯᠢᠶᠠᠩ ᠰᠢᠶᠠᠩ ᠤᠨ ᠡᠮᠨᠡᠯᠭᠡ ᠶᠢᠨ ᠬᠤᠷᠢᠶ᠎ᠠ ᠲᠤᠰ ᠲᠤᠰ ᠮᠠᠨ ᠤ ᠰᠢᠶᠠᠨ ᠤ ᠡᠮ ᠡᠮᠨᠡᠯᠭᠡ ᠡᠷᠡᠭᠦᠯ

ᠬᠠᠮᠠᠭᠠᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠣᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ

ᠪᠠᠶᠢᠳᠠᠯ ᠢ ᠬᠠᠷᠢᠭᠤ ᠮᠡᠳᠡᠭᠦᠯᠵᠡᠢ ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠣᠣ ᠴᠦᠨ ᠬᠠᠢ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ

ᠮᠠᠨ ᠤ ᠰᠢᠶᠠᠨ ᠳᠤ ᠲᠦᠯᠬᠢᠨ ᠠᠬᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠨᠠᠷᠢᠨ ᠲᠣᠳᠣᠷᠬᠠᠢ

ᠬᠠᠷᠢᠭᠤ ᠮᠡᠳᠡᠭᠦᠯᠦᠯᠲᠡ ᠬᠢᠭᠰᠡᠨ ᠪᠥᠭᠡᠳ ᠹᠠᠩᠱᠠᠨ ᠲᠣᠭᠤᠷᠢᠭ ᠠᠴᠠ ᠮᠠᠨ ᠤ ᠰᠢᠶᠠᠨ ᠳᠤ ᠡᠮᠨᠡᠯᠭᠡ ᠶᠢᠨ ᠠᠩᠭᠢ

ᠲᠣᠮᠢᠯᠠᠨ ᠰᠠᠭᠤᠯᠭᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠹᠠᠩᠱᠠᠨ

ᠲᠣᠭᠤᠷᠢᠭ ᠤᠨ ︽ᠪᠦᠯᠬᠦᠮ ᠮᠠᠶ᠋ᠢᠭ︾ ᠤᠨ ᠬᠠᠪᠰᠤᠷᠤᠨ ᠲᠡᠳᠬᠦᠬᠦ ᠲᠤᠰᠬᠠᠢ ᠮᠡᠷᠭᠡᠵᠢᠯᠲᠡᠨ ᠬᠤᠸᠠᠳᠧ ᠰᠢᠶᠠᠨ ᠤ

ᠭᠤᠣᠯᠯᠠᠭᠴᠢ ᠴᠢᠳᠠᠪᠤᠷᠢᠲᠠᠨ ᠢ ᠳᠡᠭᠡᠭᠰᠢᠯᠡᠭᠦᠯᠬᠦ᠂ ᠨᠠᠷᠠᠲᠤ ᠲᠡᠮᠳᠡᠭᠲᠦ ᠶᠢ ᠳᠡᠭᠡᠭᠰᠢᠯᠡᠭᠦᠯᠬᠦ ᠳᠤ ᠢᠳᠡᠪᠬᠢᠲᠡᠢ ᠬᠤᠪᠢ

ᠨᠡᠮᠡᠷᠢ ᠦᠵᠡᠭᠦᠯᠪᠡ᠃ ᠳᠠᠷᠠᠭᠠᠴᠢ ᠶᠢᠨ ᠠᠯᠬᠤᠮ ᠳᠤ ᠂ ᠬᠤᠸᠠᠳᠧ ᠰᠢᠶᠠᠨ ᠤ ᠬᠢᠨ ᠡᠮ ᠡᠮᠨᠡᠯᠭᠡ ᠶᠢᠨ ᠡᠩᠨᠡᠭᠡᠨ ᠤ

ᠠᠵᠢᠯ ᠠᠮᠢᠳᠤᠷᠠᠯ ᠤᠨ ᠨᠥᠬᠦᠴᠡᠯ ᠢ ᠦᠷᠭᠦᠯᠵᠢᠯᠡᠨ ᠰᠠᠶᠢᠲᠤᠷ ᠪᠠᠲᠤᠯᠠᠵᠤ ᠂ ᠬᠠᠪᠰᠤᠷᠤᠨ ᠲᠡᠳᠬᠦᠬᠦ ᠡᠩᠨᠡᠭᠡ ᠶᠢ

ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠤᠸᠠᠳᠧ ᠰᠢᠶᠠᠨ ᠳᠤ ᠠᠭᠤᠰᠤᠯᠴᠠᠭᠤᠯᠤᠨ ᠡᠯ᠎ᠡ ᠵᠦᠢᠯ ᠤᠨ ᠠᠵᠢᠯ

ᠥᠷᠨᠢᠭᠦᠯᠦᠨ᠎ᠡ ᠃ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠴᠤ ᠲᠡᠷᠢᠭᠦᠨ ᠤ ᠲᠤᠷᠰᠢᠯᠭ᠎ᠠ ᠪᠠᠷ ᠢᠳᠡᠪᠬᠢᠲᠡᠢ

ᠲᠣᠯᠢ ᠪᠣᠯᠭᠠᠵᠤ ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠨ᠂ ᠲᠤᠰ ᠪᠡᠶ᠎ᠡ ᠶᠢᠨ ᠬᠡᠪ ᠴᠢᠨᠠᠷ ᠢᠶᠠᠨ

ᠳᠡᠭᠡᠭᠰᠢᠯᠡᠭᠦᠯᠵᠦ ᠂ ᠪᠦᠬᠦ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠰᠢᠨ᠎ᠡ ᠰᠢᠪᠲᠤᠯᠤᠯᠲᠠ ᠲᠠᠢ

ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃

    ᠭᠤᠣ ᠵᠢᠶᠠᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ︽ᠪᠦᠯᠬᠦᠮ

ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠤᠨ ᠥᠷᠨᠢᠯᠲᠡ ᠶᠢ ᠨᠡᠩ ᠰᠠᠶᠢᠨ ᠠᠬᠢᠭᠤᠯᠬᠤ ᠶᠢᠨ

ᠲᠥᠯᠥᠭᠡ ᠶᠤᠮ᠂ ᠪᠠᠶᠢᠴᠠᠭᠠᠨ ᠰᠤᠳᠤᠯᠤᠯᠲᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠬᠠᠪᠰᠤᠷᠤᠨ

ᠲᠡᠳᠬᠦᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢᠶᠠᠨ ᠭᠦᠢᠴᠡᠳ ᠰᠣᠯᠢᠯᠴᠠᠨ ᠡᠵᠡᠮᠰᠢᠵᠦ ᠂ ᠬᠠᠷᠠᠯᠲᠠ ᠶᠢ

ᠦᠨᠡᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠦᠨᠡᠨ ᠠᠴᠠ ᠵᠥᠪ ᠢ ᠡᠷᠢᠵᠦ ᠰᠢᠨᠵᠢᠯᠡᠬᠦ ᠤᠬᠠᠭᠠᠨᠴᠢ ᠪᠠᠷ

ᠰᠠᠨᠠᠭᠤᠯᠭ᠎ᠠ ᠳᠤᠷᠠᠳᠴᠤ ᠂ ᠨᠠᠮ ᠪᠣᠯᠣᠨ ᠤᠯᠤᠰ ᠤᠨ ᠲᠦᠷᠦ ᠶᠢᠨ ᠪᠣᠳᠣᠯᠭ᠎ᠠ ᠶᠢ ᠡᠯ᠎ᠡ ᠵᠦᠢᠯ ᠤᠨ ᠬᠠᠪᠰᠤᠷᠤᠨ

ᠲᠡᠳᠬᠦᠬᠦ ᠠᠵᠢᠯ ᠳᠤ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠬᠤᠶᠢᠰᠢᠳᠠ︽ᠪᠦᠯᠬᠦᠮ ᠪᠠᠶᠢᠭᠤᠯᠬᠤ ᠮᠠᠶ᠋ᠢᠭ︾ ᠤᠨ 

ᠬᠠᠪᠰᠤᠷᠤᠨ ᠲᠡᠳᠬᠦᠬᠦ ᠶᠢ ᠨᠡᠩ ᠰᠠᠶᠢᠲᠤᠷ ᠥᠷᠨᠢᠭᠦᠯᠬᠦ ᠳᠤ ᠰᠠᠭᠤᠷᠢ ᠲᠠᠯᠪᠢᠵᠤ ᠂ ᠬᠤᠸᠠᠳᠧ ᠰᠢᠶᠠᠨ ᠤ ᠡᠮ

ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ

ᠬᠡᠷᠡᠭᠲᠡᠢ᠃

    ᠳᠠᠷᠠᠭ᠎ᠠ ᠨᠢ ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠶᠠᠨ ᠤ ᠠᠷᠠᠳ ᠤᠨ ᠡᠮᠨᠡᠯᠭᠡ ᠶᠢᠨ

ᠬᠤᠷᠢᠶ᠎ᠠ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ ᠃ ᠲᠤᠬᠠᠢ ᠶᠢᠨ ᠭᠠᠵᠠᠷ

 ᠲᠤᠨᠢ ᠬᠦᠷᠴᠦ ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂

ᠮᠠᠨ ᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ

᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠠᠨᠠᠭᠤᠯᠭ᠎ᠠ

ᠰᠠᠨᠠᠯ ᠢᠶᠠᠨ ᠳᠤᠷᠠᠳᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2