ᠬᠤᠲᠠ ᠶᠢᠨ ᠰᠢᠪᠠᠳᠠᠨ ᠵᠢᠯᠤᠭᠤᠳᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠰᠢᠲᠠᠮᠠᠬᠠᠢ ᠬᠡᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/6/27
    ᠣᠶᠢᠷ᠎ᠠ ᠶᠢᠨ ᠬᠤᠭᠤᠴᠠᠭᠠᠨ ᠤ ᠰᠢᠲᠠᠮᠠᠬᠠᠢ ᠬᠡᠢ ᠶᠢᠨ ᠠᠳᠡᠯ ᠠᠴᠠ ᠭᠦᠨ ᠰᠤᠷᠭᠠᠮᠵᠢ ᠠᠪᠴᠤ᠂ ᠬᠠᠷᠢᠶᠠᠲᠤ ᠣᠷᠣᠨ ᠤ ᠰᠢᠲᠠᠮᠠᠬᠠᠢ ᠬᠡᠢ ᠬᠡᠷᠡᠭᠯᠡᠬᠦ ᠡᠷᠦᠬᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠢᠶᠠᠷ ᠰᠢᠲᠠᠮᠠᠬᠠᠢ ᠬᠡᠢ ᠬᠡᠷᠡᠭᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠦᠯᠦᠭᠡ᠂ 6 ᠰᠠᠷ᠎ᠠ ᠶᠢᠨ 25 ᠤ ᠡᠳᠦᠷ᠂ ᠬᠤᠲᠠ ᠶᠢᠨ ᠰᠢᠪᠠᠳᠠᠨ ᠵᠢᠯᠤᠭᠤᠳᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠨ ᠰᠢᠲᠠᠮᠠᠬᠠᠢ ᠬᠡᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠮᠠᠨ ᠤ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠠᠮᠲᠤ ᠪᠠᠷ ᠪᠠᠶᠢᠴᠠᠭᠠᠯᠲᠠ ᠬᠢᠪᠡ᠃   ᠪᠠᠶᠢᠴᠠᠭᠠᠬᠤ ᠶᠠᠪᠤᠴᠠ ᠳᠤ᠂ ᠰᠢᠪᠠᠳᠠᠨ ᠵᠢᠯᠤᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠰᠢᠶᠠᠨ ᠤ ᠣᠯᠠᠨ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ ᠶᠢᠨ ᠰᠢᠩᠭᠡᠨᠵᠢᠮᠡᠯ ᠬᠡᠢ ᠶᠢᠨ ᠰᠠᠪᠠ᠂ ᠰᠢᠲᠠᠮᠠᠬᠠᠢ ᠬᠡᠢ ᠶᠢᠨ ᠵᠤᠤᠬ᠎ᠠ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠶᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠪᠠ᠃ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠣᠳᠠᠲᠠᠶᠢᠵᠢᠭᠤᠯᠤᠭᠰᠠᠨ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠨᠢ ᠲᠣᠭᠲᠠᠭᠠᠯ ᠳᠤ ᠨᠡᠶᠢᠴᠡᠬᠦ ᠡᠰᠡᠬᠦ᠂ ᠰᠢᠲᠠᠮᠠᠬᠠᠢ ᠬᠡᠢ ᠶᠢᠨ ᠤᠭᠰᠠᠷᠠᠬᠤ ᠣᠷᠣᠨ ᠪᠠᠶᠢᠷᠢ᠂ ᠬᠡᠷᠡᠭᠯᠡᠭᠰᠡᠨ ᠣᠨ ᠵᠢᠯ ᠨᠢ ᠬᠢᠷᠢ ᠲᠡᠩᠴᠡᠭᠰᠡᠨ ᠡᠰᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠳᠡᠩᠰᠡᠯᠡᠨ ᠳᠡᠪᠲᠡᠷᠯᠡᠵᠦ᠂ ᠬᠠᠷᠢᠶᠠᠲᠤ ᠣᠷᠣᠨ ᠤ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠰᠠᠭᠤᠷᠢ ᠲᠤᠭ᠎ᠠ᠂ ᠲᠥᠷᠥᠯ ᠵᠦᠢᠯ᠂ ᠬᠠᠳᠠᠭᠠᠯᠠᠭᠳᠠᠴᠠ ᠶᠢᠨ ᠬᠡᠮᠵᠢᠶ᠎ᠡ ᠵᠢᠴᠢ ᠨᠢᠭᠡᠴᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠢ ᠦᠨᠡᠨᠬᠦ ᠲᠣᠳᠣᠷᠬᠠᠢ ᠣᠶᠢᠯᠭᠠᠪᠡ᠃ ᠡᠭᠦᠨ ᠤ ᠬᠠᠮᠲᠤ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢ ᠬᠡᠷᠬᠢᠨ ᠴᠢᠩᠭᠠᠳᠬᠠᠬᠤ᠂ ᠰᠢᠩᠭᠡᠨᠵᠢᠮᠡᠯ ᠬᠡᠢ ᠶᠢᠨ ᠰᠠᠪᠠ ᠶᠢ ᠬᠡᠷᠡᠭᠯᠡᠬᠦ ᠳᠤ ᠠᠩᠬᠠᠷᠬᠤ ᠵᠦᠢᠯ᠂ ᠰᠢᠩᠭᠡᠨᠵᠢᠮᠡᠯ ᠬᠡᠢ ᠶᠢᠨ ᠰᠠᠪᠠ ᠶᠢᠨ ᠬᠡᠢ ᠭᠤᠭᠤᠵᠢᠵᠤ ᠪᠠᠶᠢᠬᠤ ᠡᠰᠡᠬᠦ᠂ ᠲᠣᠭᠤᠭᠠᠨ ᠭᠡᠷ ᠤᠨ ᠭᠠᠯ ᠴᠠᠬᠢᠯᠭᠠᠨ ᠬᠡᠷᠡᠭᠯᠡᠬᠦ ᠳᠤ ᠠᠩᠬᠠᠷᠬᠤ ᠵᠦᠢᠯ ᠪᠣᠯᠣᠨ ᠬᠥᠮᠥᠰ ᠢ ᠵᠣᠬᠢᠶᠠᠨ ᠪᠠᠶᠢᠭᠤᠯᠵᠤ ᠲᠠᠷᠬᠠᠭᠠᠨ ᠵᠠᠶᠢᠯᠠᠭᠤᠯᠬᠤ ᠵᠡᠷᠭᠡ ᠲᠠᠯ᠎ᠠ ᠪᠠᠷ ᠲᠠᠶᠢᠯᠤᠮᠵᠢ ᠬᠢᠪᠡ᠃ ᠪᠠᠶᠢᠴᠠᠭᠠᠯᠲᠠ ᠳᠤ ᠢᠯᠡᠷᠡᠭᠦᠯᠦᠭᠰᠡᠨ ᠭᠠᠯ ᠤᠨ ᠭᠠᠮᠰᠢᠭ ᠤᠨ ᠬᠡᠮ ᠰᠣᠭᠤᠭ ᠲᠤ ᠴᠢᠭᠯᠡᠭᠦᠯᠦᠨ᠂ ᠪᠠᠶᠢᠴᠠᠭᠠᠬᠤ ᠠᠵᠢᠯᠲᠠᠳ ᠵᠤᠷᠪᠤᠰ ᠳᠠᠷᠠᠭᠠᠯᠠᠨ ᠨᠠᠷᠢᠨ ᠲᠠᠩᠰᠠ ᠭᠠᠷᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠪᠥᠭᠡᠳ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠰᠠᠨᠠᠭᠤᠯᠪᠠ᠃    ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ  ᠬᠢᠨ ᠰᠢᠲᠠᠮᠠᠬᠠᠢ ᠬᠡᠢ ᠬᠡᠷᠡᠭᠯᠡᠬᠦ ᠲᠠᠯᠠᠪᠤᠷ ᠤᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠢᠳᠡᠭᠡᠨ ᠤᠮᠳᠠᠭᠠᠨ ᠤ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠤ ᠠᠬᠤᠶᠢᠯᠠᠯ ᠨᠢᠭᠡᠴᠡ ᠶᠢ ᠰᠢᠪᠠᠳᠠᠵᠤ ᠪᠠᠶᠢᠭᠠᠳ ᠭᠠᠯ ᠤᠨ ᠭᠠᠮᠰᠢᠭ ᠤᠨ ᠳᠠᠯᠳᠠ ᠬᠡᠮ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ ᠦᠨᠡᠨ ᠬᠦ ᠰᠠᠶᠢᠲᠤᠷ ᠬᠢᠯᠭᠡᠨ᠎ᠡ᠃ ᠡᠭᠦᠨ ᠤ ᠬᠠᠮᠲᠤ ᠭᠠᠯ ᠤᠨᠲᠠᠷᠠᠭᠠᠬᠤ ᠮᠡᠳᠡᠯᠭᠡ ᠶᠢᠨ ᠤᠬᠠᠭᠤᠯᠭ᠎ᠠ ᠪᠣᠯᠪᠠᠰᠤᠷᠠᠭᠤᠯᠤᠯ ᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ   
 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠲᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2