| ᠬᠤᠸᠠᠳᠧ ᠵᠠᠰᠠᠭ ᠠᠯᠪᠠᠨ ᠲᠠᠷᠬᠠᠭᠠᠭᠰᠠᠨ ﹇2023﹈ 9 ᠳ᠋ᠦ᠋ᠭᠡᠷ ᠲᠣᠭᠠᠲᠤ | | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠡ ᠨᠦᠭᠦᠳ ᠲᠤ ᠄ | ︽ ᠬᠤᠸᠠᠳᠧ ᠰᠢᠶᠠᠨ ᠤ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ | ᠲᠤᠰᠬᠠᠢ ᠠᠵᠢᠯᠯᠠᠭ᠎ᠠ ᠶᠢᠨ ᠠᠵᠢᠯ ᠤᠨ ᠲᠥᠰᠥᠯ︾ ᠢ ᠠᠷᠪᠠᠨ ᠳᠥᠷᠪᠡᠳᠦᠭᠡᠷ ᠬᠤᠭᠤᠴᠠᠭᠠᠨ ᠤ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ 21 ᠳ᠋ᠦ᠋ᠭᠡᠷ ᠤᠳᠠᠭ᠎ᠠ ᠶᠢᠨ ᠬᠤᠷᠠᠯ ᠠᠴᠠ ᠬᠢᠨᠠᠨ | ᠵᠥᠪᠯᠡᠵᠦ ᠪᠠᠲᠤᠯᠠᠪᠠ ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | 2023 ᠣᠨ ᠤ 5 ᠰᠠᠷ᠎ᠠ ᠶᠢᠨ 31 | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠬᠤᠸᠠᠳᠧ ᠰᠢᠶᠠᠨ ᠤ ᠣᠢ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠶᠢᠨ ᠠᠵᠢᠯ ᠤᠨ ᠲᠥᠰᠥᠯ | ︽ᠪᠥᠬᠦ ᠤᠯᠤᠰ ᠤᠨ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠶᠢᠨ ᠠᠵᠢᠯ ᠤᠨ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ | ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠲᠥᠰᠥᠯ︾ | ᠪᠠ ︽ᠤᠯᠠᠭᠠᠨᠴᠠᠪ ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ | ᠲᠤᠰᠬᠠᠢ ᠠᠵᠢᠯᠯᠠᠭ᠎ᠠ ᠠᠵᠢᠯ ᠤᠨ ᠲᠥᠰᠥᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ | ᠦᠨᠡᠨᠬᠦ ᠴᠢᠩᠭᠠᠳᠬᠠᠨ᠂ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦ ᠶᠢᠨ ᠲᠤᠰᠠᠳᠠ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | | ᠨᠢᠭᠡ᠂ ᠭᠤᠣᠯ ᠡᠭᠦᠷᠭᠡ | ︵ᠨᠢᠭᠡ︶ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠭᠦᠨ᠎ᠡ᠃ ︽ᠣᠶ ᠰᠢᠭᠤᠢ ᠶᠢᠨ ᠬᠠᠤᠯᠢ︾᠂ ︽ᠨᠤᠲᠤᠭ ᠪᠡᠯᠴᠢᠭᠡᠷ ᠤᠨ ᠬᠠᠤᠯᠢ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ᠤᠯᠤᠰ ᠠᠴᠠ ᠪᠠᠭᠤᠯᠭᠠᠭᠰᠠᠨ ᠳᠠᠭᠠᠭᠤᠯᠢ ᠤᠳᠤᠨ ᠤ ᠠᠯᠤᠰ | ᠰᠡᠷᠡᠯ ᠤᠨ ᠮᠠᠭᠠᠳᠯᠠᠯᠲᠠ ᠶᠢᠨ ᠵᠢᠷᠤᠭ ᠂ ᠣᠷᠣᠨ ᠨᠤᠲᠤᠭ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ᠂ | ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠤᠰᠬᠠᠯ ᠂ ᠤᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠵᠡᠷᠭᠡ ᠪᠠᠷ ᠭᠤᠣᠯ | ᠰᠦᠪᠡᠭᠴᠢ ᠪᠣᠯᠭᠠᠨ ᠪᠦᠬᠦ ᠲᠠᠯ᠎ᠠ ᠶᠢᠨ ᠥᠪᠡᠷ ᠤᠨ ᠪᠠᠶᠢᠴᠠᠭᠠᠯᠲᠠ ᠶᠢ ᠥᠷᠨᠢᠭᠦᠯᠵᠦ ᠂ 2022 ᠣᠨ ᠠᠴᠠ ᠨᠠᠰᠢᠬᠢ | ᠡᠯ᠎ᠡ ᠲᠦᠷᠦᠯ ᠤᠨ ᠤᠢ ᠮᠣᠳᠣ ᠡᠪᠡᠰᠦ ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠴᠢᠩᠭ᠎ᠠ ᠪᠥᠭᠡᠳ ᠲᠦᠷᠭᠡᠨ | ᠪᠠᠶᠢᠴᠠᠭᠠᠨ ᠰᠢᠢᠳᠪᠦᠷᠢᠯᠡᠵᠦ ᠂ ᠬᠠᠤᠯᠢ ᠠᠴᠠ ᠵᠥᠷᠢᠴᠡᠭᠰᠡᠨ ᠭᠤᠣᠯ ᠴᠣᠭᠴᠠ ᠶᠢᠨ ᠬᠠᠷᠢᠭᠤᠴᠠᠯᠭᠠᠲᠠᠨ ᠪᠠ | ᠬᠡᠷᠡᠭ ᠲᠤ ᠬᠤᠯᠪᠣᠭᠳᠠᠭᠰᠠᠨ ᠠᠯᠪᠠᠨ ᠲᠤᠰᠢᠶᠠᠯᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ ᠂ ᠤᠢ ᠮᠣᠳᠣ | ᠡᠪᠡᠰᠦ ᠪᠡᠯᠴᠢᠭᠡᠷ ᠢ ᠰᠦᠢᠳᠬᠡᠭᠰᠡᠨ ᠬᠦᠨᠳᠦ ᠶᠡᠭᠡ ᠣᠨᠴᠠ ᠶᠡᠭᠡ ᠬᠡᠷᠡᠭ ᠡᠭᠦᠰᠬᠦ ᠶᠢ ᠡᠷᠡᠰ ᠬᠤᠷᠢᠭᠯᠠᠨ᠎ᠠ ᠃ | ᠴᠢᠬᠤᠯᠠ ᠶᠡᠭᠡ ᠠᠰᠠᠭᠤᠳᠠᠯ ᠳᠤ ᠬᠤᠯᠪᠣᠭᠳᠠᠭᠰᠠᠨ ᠢ ᠨᠢ ᠨᠡᠬᠡᠮᠵᠢᠯᠡᠨ᠎ᠡ᠃ | ︵ᠬᠤᠶᠠᠷ︶ ᠲᠦᠷ ᠴᠠᠭ ᠡᠵᠡᠯᠡᠨ ᠬᠡᠷᠡᠭᠯᠡᠭᠰᠡᠨ ᠵᠢᠴᠢ ᠠᠭᠤᠷᠬᠠᠢ ᠶᠢᠨ ᠠᠵᠤ ᠠᠬᠤᠶᠢᠯᠠᠯ ᠤᠨ ᠣᠶ ᠰᠢᠭᠤᠢ | ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠠᠰᠠᠭᠤᠳᠠᠯ ᠢ ᠪᠥᠬᠦ ᠲᠠᠯ᠎ᠠ ᠪᠠᠷ ᠢᠯᠭᠠᠷᠠᠭᠤᠯᠤᠨ | ᠴᠡᠭᠴᠡᠯᠡᠨ᠎ᠡ᠃ 2018 ᠣᠨ ᠠᠴᠠ ᠨᠠᠰᠢᠬᠢ ᠵᠥᠪᠰᠢᠶᠡᠷᠡᠯ ᠢᠶᠠᠷ ᠡᠯ᠎ᠡ ᠲᠥᠷᠥᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠲᠦᠷ ᠴᠠᠭ ᠡᠵᠡᠯᠡᠨ ᠬᠡᠷᠡᠭᠯᠡᠭᠰᠡᠨ ᠣᠶᠢᠲᠤ ᠭᠠᠵᠠᠷ ᠡᠪᠡᠰᠦᠲᠦ ᠭᠠᠵᠠᠷ ᠢ | ᠬᠤᠭᠤᠴᠠᠭ᠎ᠠ ᠲᠤᠯᠪᠠᠯ ᠪᠤᠴᠠᠭᠠᠬᠤ᠂ ᠰᠡᠷᠭᠦᠭᠡᠬᠦ ᠣᠶ ᠰᠢᠭᠤᠢ ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ | ᠨᠥᠬᠦᠴᠡᠯ ᠵᠢᠴᠢ ᠣᠶ ᠰᠢᠭᠤᠢ ᠡᠪᠡᠰᠦ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ | ᠢᠯᠭᠠᠷᠠᠭᠤᠯᠤᠨ ᠪᠠᠶᠢᠴᠠᠭᠠᠨ᠎ᠠ᠃ 2021 ᠣᠨ ᠠᠴᠠ ᠨᠠᠰᠢᠬᠢ ᠡᠯ᠎ᠡ ᠲᠥᠷᠥᠯ ᠤᠨ ᠠᠭᠤᠷᠬᠠᠢ ᠶᠢᠨ ᠠᠵᠤ | ᠠᠬᠤᠶᠢᠯᠠᠯ ᠤᠨ ᠣᠶᠢᠲᠤ ᠭᠠᠵᠠᠷ ᠡᠪᠡᠰᠦᠲᠦ ᠭᠠᠵᠠᠷ ᠢ ᠬᠠᠤᠯᠢ ᠲᠣᠭᠲᠠᠭᠠᠯ ᠠᠴᠠ ᠵᠥᠷᠢᠴᠡᠨ ᠡᠪᠳᠡᠭᠰᠡᠨ ᠪᠠᠶᠢᠳᠠᠯ ᠢ | ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠭᠰᠠᠨ᠂ ᠣᠶ ᠰᠢᠭᠤᠢ ᠡᠪᠡᠰᠦ ᠪᠡᠯᠴᠢᠭᠡᠷ ᠤᠨ | ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠭᠰᠡᠨ ᠵᠢᠴᠢ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠪᠠᠶᠢᠳᠠᠯ ᠢ | ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠨ᠎ᠠ᠃ | ︵ᠭᠤᠷᠪᠠ︶ ᠣᠶ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠪᠥᠬᠦ ᠲᠠᠯ᠎ᠠ ᠪᠠᠷ ᠬᠤᠷᠢᠶᠠᠨ ᠠᠪᠤᠨ᠎ᠠ᠃ | ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ᠂ ᠵᠠᠭᠤᠴᠢᠯᠠᠭᠤᠷ ᠢᠶᠠᠷ ᠢᠯᠡᠴᠢᠯᠡᠬᠦ᠂ ᠰᠡᠷᠡᠮᠵᠢᠯᠡᠭᠦᠯᠦᠨ ᠪᠣᠯᠵᠣᠨ | ᠶᠠᠷᠢᠯᠴᠠᠬᠤ᠂ ᠠᠯᠪᠠᠳᠠᠯᠭ᠎ᠠ ᠪᠠᠷ ᠬᠡᠷᠡᠭᠵᠢᠭᠦᠯᠬᠦ ᠵᠡᠷᠭᠡ ᠶᠡᠷᠦᠩᠬᠡᠶᠢᠯᠡᠭᠰᠡᠨ ᠠᠷᠭ᠎ᠠ ᠪᠠᠷᠢᠯ ᠢ ᠭᠦᠢᠴᠡᠳ ᠬᠡᠷᠡᠭᠯᠡᠨ᠂ | ᠡᠪᠳᠡᠭᠳᠡᠭᠰᠡᠨ ᠣᠶᠢᠲᠤ ᠭᠠᠵᠠᠷ ᠪᠠ ᠡᠪᠡᠰᠦᠲᠦ ᠭᠠᠵᠠᠷ ᠤᠨ ᠡᠬᠢ ᠪᠠᠶᠠᠯᠢᠭ ᠢ ᠬᠠᠤᠯᠢ ᠲᠣᠭᠲᠠᠭᠠᠯ ᠶᠣᠰᠣᠭᠠᠷ | ᠬᠤᠷᠢᠶᠠᠨ ᠠᠪᠬᠤ ᠶᠢ ᠠᠬᠢᠭᠤᠯᠤᠨ᠎ᠠ᠃ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠵᠡᠷᠭᠡ ᠬᠠᠮᠢᠶ᠎ᠠ ᠪᠦᠬᠦᠢ | ᠪᠠᠷᠢᠮᠵᠢᠶ᠎ᠠ ᠪᠠ ᠲᠣᠭᠲᠠᠭᠠᠯ ᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠤ ᠬᠥᠮᠥᠨ ᠪᠠ ᠪᠡᠶᠡᠯᠡᠭᠦᠯᠬᠦ | ᠴᠠᠭ ᠤᠨ ᠬᠢᠵᠠᠭᠠᠷ ᠢ ᠲᠣᠳᠣᠷᠬᠠᠶᠢᠯᠠᠨ᠂ ᠨᠢᠭᠡᠳᠦᠭᠡᠷ ᠣᠶᠢᠵᠢᠭᠤᠯᠬᠤ ︵ᠡᠪᠡᠰᠦ ᠳᠠᠷᠢᠬᠤ︶ ᠤᠯᠠᠷᠢᠯ ᠳᠤ ᠣᠶ | ᠰᠢᠭᠤᠢ ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠪᠠ ᠣᠶ ᠰᠢᠭᠤᠢ ᠡᠪᠡᠰᠦ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠡ᠃ | ︵ᠳᠥᠷᠪᠡ︶ ᠬᠠᠤᠯᠢ ᠲᠣᠭᠲᠠᠭᠠᠯ ᠠᠴᠠ ᠵᠥᠷᠢᠴᠡᠭᠰᠡᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠢᠯᠭᠠᠷᠠᠭᠤᠯᠤᠨ ᠵᠠᠯᠠᠷᠠᠭᠤᠯᠤᠨ᠎ᠠ᠃ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠨᠡᠶᠢᠲᠡᠯᠡᠭᠰᠡᠨ ᠣᠶ ᠰᠢᠭᠤᠢ ᠡᠪᠡᠰᠦ ᠪᠡᠯᠴᠢᠭᠡᠷ ᠲᠤ ᠬᠤᠯᠪᠣᠭᠳᠠᠭᠰᠠᠨ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ | ᠡᠮᠬᠢᠯᠡᠨ ᠳᠢᠭᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠭᠤᠯᠭ᠎ᠠ ᠶᠢ ᠡᠷᠡᠰ ᠵᠠᠯᠠᠷᠠᠭᠤᠯᠤᠨ᠂ ᠣᠲᠣ ᠶᠢᠨ | ᠬᠡᠷᠡᠭᠵᠢᠭᠦᠯᠵᠦ ᠪᠠᠶᠢᠭ᠎ᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠳᠡᠭᠡᠳᠦ ᠪᠠᠶᠢᠷᠢ ᠶᠢᠨ ᠬᠠᠤᠯᠢ ᠯᠤᠭ᠎ᠠ | ᠨᠢᠭᠡᠳᠦᠯᠲᠡᠢ ᠪᠠᠶᠢᠯᠭᠠᠬᠤ ᠶᠢ ᠦᠨᠡᠨᠬᠦ ᠪᠠᠲᠤᠯᠠᠵᠤ᠂ ᠬᠡᠯᠪᠡᠶᠢᠬᠦ ᠦᠭᠡᠢ᠂ ᠬᠤᠪᠢᠷᠠᠭᠤᠯᠬᠤ ᠦᠭᠡᠢ ᠪᠠᠶᠢᠬᠤ ᠶᠢ | ᠪᠠᠲᠤᠯᠠᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠦᠭᠡᠢ | ᠨᠢᠭᠡ ᠳᠤ ᠂ ᠣᠶ ᠰᠢᠭᠤᠢ ᠡᠪᠡᠰᠦ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ 2018 | ᠣᠨ ᠠᠴᠠ ᠨᠠᠰᠢ ᠵᠥᠪᠰᠢᠶᠡᠷᠡᠭᠰᠡᠨ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠷ | ᠴᠠᠭ ᠡᠵᠡᠯᠡᠨ ᠬᠡᠷᠡᠭᠯᠡᠭᠰᠡᠨ ᠣᠶᠢᠲᠤ ᠭᠠᠵᠠᠷ ᠡᠪᠡᠰᠦᠲᠦ ᠭᠠᠵᠠᠷ ᠤᠨ ᠬᠤᠭᠤᠴᠠᠭ᠎ᠠ ᠲᠤᠯᠪᠠᠯ ᠪᠤᠴᠠᠭᠠᠬᠤ᠂ ᠣᠶ | ᠰᠢᠭᠤᠢ ᠡᠪᠡᠰᠦ ᠪᠡᠯᠴᠢᠭᠡᠷ ᠤᠨ ᠦᠢᠯᠡᠳᠪᠦᠷᠢᠯᠡᠯ ᠤᠨ ᠨᠥᠬᠦᠴᠡᠯ ᠢ ᠰᠡᠷᠭᠦᠭᠡᠬᠦ ᠡᠰᠡᠬᠦ ᠪᠠ ᠣᠶ ᠰᠢᠭᠤᠢ ᠡᠪᠡᠰᠦ | ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠨ᠎ᠠ︔ | 2021 ᠣᠨ ᠠᠴᠠ ᠨᠠᠰᠢᠬᠢ ᠡᠯ᠎ᠡ ᠲᠥᠷᠥᠯ ᠤᠨ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ | ᠵᠥᠷᠢᠴᠡᠨ ᠣᠶᠢᠲᠤ ᠭᠠᠵᠠᠷ ᠡᠪᠡᠰᠦᠲᠦ ᠭᠠᠵᠠᠷ ᠢ ᠡᠵᠡᠯᠡᠨ ᠬᠡᠷᠡᠭᠯᠡᠵᠦ ᠰᠡᠷᠭᠦᠭᠡᠨ ᠵᠠᠰᠠᠭᠰᠠᠨ ᠡᠰᠡᠬᠦ ᠶᠢ ᠪᠥᠬᠦ | ᠲᠠᠯ᠎ᠠ ᠪᠠᠷ ᠪᠠᠶᠢᠴᠠᠭᠠᠨ ᠲᠣᠳᠣᠯᠠᠪᠠ᠃ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠤᠨ | ᠳᠠᠭᠠᠯᠳᠤᠭᠤᠯᠤᠯ ᠬᠦᠰᠦᠨᠦᠭᠲᠦ ᠶᠢᠨ ︽ᠵᠢᠭᠰᠠᠭᠠᠨ ᠪᠠᠶᠢᠴᠠᠭᠠᠵᠤ ᠬᠠᠷᠭᠤᠭᠤᠯᠤᠨ ᠪᠠᠶᠢᠴᠠᠭᠠᠭᠠᠳ ᠢᠯᠡᠷᠡᠭᠦᠯᠦᠭᠰᠡᠨ | ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠰᠢᠢᠳᠪᠦᠷᠢᠯᠡᠬᠦ | ᠡᠬᠡ ᠲᠠᠩᠰᠠ︾ ᠪᠠᠷ ᠯᠠᠪᠯᠠᠯᠲᠠ ᠪᠣᠯᠭᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠎ᠠ᠃ | ᠬᠤᠶᠠᠷ ᠲᠤ᠂ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠪᠠᠭᠤᠯᠭᠠᠭᠰᠠᠨ 2022 | ᠣᠨ ᠤ ᠬᠤᠶᠠᠳᠤᠭᠠᠷ ᠬᠤᠭᠤᠴᠠᠭ᠎ᠠ ᠪᠠ 2023 ᠣᠨ ᠤ ᠡᠯ᠎ᠡ ᠬᠤᠭᠤᠴᠠᠭᠠᠨ ᠳᠤ ᠬᠦᠷᠭᠡᠭᠰᠡᠨ ᠰᠡᠵᠢᠭᠯᠡᠯᠲᠡᠢ | ᠵᠢᠷᠤᠭ ᠤᠨ ᠲᠣᠯᠪᠤ ᠶᠢ ᠥᠪᠡᠰᠦᠪᠡᠨ ᠪᠠᠶᠢᠴᠠᠭᠠᠬᠤ ᠪᠠᠷ ᠳᠡᠮᠵᠢᠨ ᠬᠠᠤᠯᠢ ᠠᠴᠠ ᠵᠥᠷᠢᠴᠡᠭᠰᠡᠨ ᠵᠢᠷᠤᠭ ᠤᠨ ᠲᠣᠯᠪᠤ ᠳᠤ | ᠲᠣᠭᠠᠴᠠᠭᠳᠠᠬᠤ ᠶᠢ ᠨᠤᠲᠠᠯᠠᠵᠤ ᠪᠥᠬᠦ ᠲᠠᠯ᠎ᠠ ᠪᠠᠷ ᠪᠠᠶᠢᠴᠠᠭᠠᠨ᠎ᠠ᠃ | ᠭᠤᠷᠪᠠ ᠳᠤ ᠂ 2022 ᠣᠨ ᠠᠴᠠ ᠨᠠᠰᠢ ᠡᠭᠦᠰᠦᠭᠰᠡᠨ ᠵᠥᠪᠰᠢᠶᠡᠷᠡᠯ ᠦᠭᠡᠢ ᠪᠠᠷ ᠤᠷᠢᠳᠠᠪᠠᠷ ᠡᠵᠡᠯᠡᠭᠰᠡᠨ᠂ | ᠬᠡᠪᠴᠢᠶ᠎ᠡ ᠠᠴᠠ ᠬᠡᠲᠦᠷᠡᠭᠦᠯᠦᠨ ᠡᠵᠡᠯᠡᠨ ᠬᠡᠷᠡᠭᠯᠡᠭᠰᠡᠨ᠂ ᠣᠨᠳᠣᠣ ᠭᠠᠵᠠᠷ ᠲᠤ ᠡᠵᠡᠯᠡᠨ ᠬᠡᠷᠡᠭᠯᠡᠭᠰᠡᠨ ᠪᠥᠭᠡᠳ ᠣᠶᠢᠲᠤ | ᠭᠠᠵᠠᠷ ᠡᠪᠡᠰᠦᠲᠦ ᠭᠠᠵᠠᠷ ᠢ ᠡᠪᠳᠡᠨ ᠰᠦᠢᠳᠬᠡᠭᠰᠡᠨ᠂ ᠣᠶᠢᠲᠤ ᠭᠠᠵᠠᠷ ᠡᠪᠡᠰᠦᠲᠦ ᠭᠠᠵᠠᠷ ᠢ ᠬᠠᠤᠯᠢ ᠪᠤᠰᠤ ᠪᠠᠷ | ᠬᠠᠭᠠᠯᠪᠤᠷᠢᠯᠠᠭᠰᠠᠨ᠂ ᠤᠢ ᠮᠣᠳᠣ ᠶᠢ ᠳᠤᠷ᠎ᠠ ᠪᠠᠷ ᠢᠶᠠᠨ ᠣᠭᠲᠣᠯᠵᠤ ᠬᠤᠯᠠᠭᠠᠶᠢᠯᠠᠨ ᠣᠭᠲᠣᠯᠣᠭᠰᠠᠨ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠪᠦᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠨ᠎ᠠ᠃ ᠢᠯᠭᠠᠷᠠᠭᠤᠯᠤᠨ | ᠪᠠᠶᠢᠴᠠᠭᠠᠭᠠᠳ ᠣᠯᠵᠤ ᠮᠡᠳᠡᠭᠰᠡᠨ ᠢ ᠨᠢ ᠡᠮᠦᠨᠡᠬᠢ ᠬᠤᠶᠠᠷ ᠲᠥᠷᠥᠯ ᠤᠨ ᠠᠰᠠᠭᠤᠳᠠᠯ ᠤᠨ ᠡᠬᠡ ᠲᠠᠩᠰᠠᠨ ᠳᠤ | ᠪᠠᠭᠲᠠᠬᠤ ᠦᠭᠡᠢ ᠪᠠᠶᠢᠪᠠᠯ᠂ ᠠᠰᠠᠭᠤᠳᠠᠯ ᠤᠨ ᠡᠬᠡ ᠲᠠᠩᠰᠠ ᠶᠢ ᠨᠥᠬᠦᠪᠦᠷᠢᠯᠡᠨ ᠪᠠᠶᠢᠭᠤᠯᠤᠨ᠎ᠠ᠃ | ︵ᠬᠤᠶᠠᠷ︶ ᠬᠠᠤᠯᠢ ᠲᠣᠭᠲᠠᠭᠠᠯ ᠶᠣᠰᠣᠭᠠᠷ᠂ ᠲᠥᠪ ᠴᠢᠩᠭ᠎ᠠ ᠪᠠᠷ ᠴᠡᠭᠴᠡᠯᠡᠨ ᠰᠠᠶᠢᠵᠢᠷᠠᠭᠤᠯᠤᠨ᠎ᠠ | ᠪᠠᠶᠢᠴᠠᠭᠠᠬᠤ ᠶᠢᠨ ᠳᠠᠭᠠᠤ ᠵᠠᠰᠠᠬᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠵᠠᠰᠠᠬᠤ | ᠱᠠᠭᠠᠷᠳᠠᠯᠭ᠎ᠠ ᠶᠣᠰᠣᠭᠠᠷ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠢ | ᠡᠲᠡᠭᠡᠳ ᠢ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠨ᠎ᠡ᠃ | ᠬᠡᠷᠡᠭ ᠢ ᠪᠠᠶᠢᠴᠠᠭᠠᠨ ᠰᠢᠢᠳᠪᠦᠷᠢᠯᠡᠵᠦ ᠳᠠᠭᠤᠰᠤᠭᠰᠠᠨ ᠤ ᠳᠠᠷᠠᠭ᠎ᠠ᠂ ᠬᠠᠤᠯᠢ ᠠᠴᠠ ᠵᠥᠷᠢᠴᠡᠭᠰᠡᠨ ᠪᠠᠷᠢᠯᠭ᠎ᠠ᠂ | ᠪᠠᠷᠢᠯᠭ᠎ᠠ ᠶᠢᠨ ᠡᠳ᠋ ᠢ ᠨᠤᠷᠠᠭᠠᠬᠤ ᠶᠣᠰᠣᠲᠠᠢ ᠶᠢ ᠨᠢ ᠬᠠᠤᠯᠢ ᠶᠣᠰᠣᠭᠠᠷ ᠨᠤᠷᠠᠭᠠᠵᠤ ᠳᠠᠭᠤᠰᠬᠠᠨ᠂ ᠨᠥᠬᠦᠵᠦ | ᠭᠦᠢᠴᠡᠳᠬᠡᠬᠦ ᠶᠣᠰᠣᠲᠠᠢ ᠶᠢ ᠨᠢ ᠨᠥᠬᠦᠵᠦ ᠭᠦᠢᠴᠡᠳᠬᠡᠬᠦ ᠭᠠᠷᠳᠠᠮ ᠢ ᠨᠢ ᠪᠣᠳᠠᠲᠠᠶᠢᠵᠢᠭᠤᠯᠵᠤ᠂ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠶᠣᠰᠣᠲᠠᠢ ᠶᠢ ᠨᠢ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠡ᠃ ᠤᠷᠭᠤᠮᠠᠯ ᠤᠨ | ᠬᠤᠴᠢᠯᠭ᠎ᠠ ᠶᠢ ᠰᠡᠷᠭᠦᠭᠡᠬᠦ ᠳᠤ ︽ᠬᠡᠨ ᠡᠪᠳᠡᠪᠡᠯ ᠲᠡᠷᠡ ᠬᠠᠷᠢᠭᠤᠴᠠᠵᠤ ᠲᠡᠷᠡ ᠵᠠᠰᠠᠬᠤ︾ ᠵᠠᠷᠴᠢᠮ ᠶᠣᠰᠣᠭᠠᠷ᠂ | ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠪᠠ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠠᠷᠭ᠎ᠠ ᠮᠠᠶ᠋ᠢᠭ ᠢᠶᠠᠷ ᠳᠡᠮᠵᠢᠨ᠂ ᠬᠠᠤᠯᠢ ᠠᠴᠠ ᠵᠥᠷᠢᠴᠡᠭᠰᠡᠨ | ᠬᠠᠷᠢᠭᠤᠴᠠᠯᠭ᠎ᠠ ᠲᠠᠢ ᠬᠥᠮᠥᠨ ᠤ ᠬᠠᠷᠢᠭᠤᠴᠠᠯᠭ᠎ᠠ ᠶᠢ ᠨᠡᠬᠡᠮᠵᠢᠯᠡᠵᠦ᠂ ᠣᠶᠢᠲᠤ ᠭᠠᠵᠠᠷ ᠡᠪᠡᠰᠦᠲᠦ ᠭᠠᠵᠠᠷ ᠢ ᠡᠪᠳᠡᠵᠦ | ᠰᠦᠢᠳᠬᠡᠭᠰᠡᠨ ᠠᠮᠢ ᠠᠬᠤᠢ ᠶᠢ ᠵᠠᠰᠠᠨ ᠰᠡᠷᠭᠦᠭᠡᠬᠦ ᠶᠢ ᠬᠤᠭᠤᠴᠠᠭ᠎ᠠ ᠬᠢᠵᠠᠭᠠᠷᠯᠠᠨ ᠪᠡᠶᠡᠯᠡᠭᠦᠯᠦᠨ᠎ᠡ︔ | ᠬᠠᠷᠢᠭᠤᠴᠠᠯᠭ᠎ᠠ ᠶᠢᠨ ᠪᠡᠶᠡᠴᠢ ᠴᠣᠭᠴᠠ ᠦᠭᠡᠢ ᠪᠠᠶᠢᠪᠠᠯ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠠᠴᠠ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠬᠠᠷᠢᠭᠤᠴᠠᠵᠤ ᠂ ᠣᠬᠤᠷ ᠬᠤᠭᠤᠴᠠᠭᠠᠨ ᠤ ᠳᠣᠲᠣᠷ᠎ᠠ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠪᠡᠶᠡᠯᠡᠭᠦᠯᠬᠦ ᠶᠢᠨ ᠠᠷᠭ᠎ᠠ ᠦᠭᠡᠢ ᠪᠠᠶᠢᠪᠠᠯ ᠂ ᠰᠢᠶᠠᠨ ᠤ ᠤᠢ ᠰᠢᠭᠤᠢ | ᠡᠪᠡᠰᠦ ᠪᠡᠯᠴᠢᠭᠡᠷ ᠤᠨ ᠲᠣᠪᠴᠢᠶ᠎ᠠ ᠠᠴᠠ ᠠᠮᠢ ᠠᠬᠤᠢ ᠶᠢ ᠰᠡᠷᠭᠦᠭᠡᠨ ᠵᠠᠰᠠᠬᠤ ᠲᠥᠰᠥᠯ ᠢ ᠲᠣᠭᠲᠠᠭᠠᠵᠤ ᠂ | ᠰᠢᠭᠤᠶᠢᠲᠤ ᠭᠠᠵᠠᠷ ᠢ ᠬᠠᠮᠠᠭᠠᠯᠠᠨ ᠰᠡᠷᠭᠦᠭᠡᠬᠦ ᠪᠠ ᠵᠠᠰᠠᠬᠤ ᠲᠥᠯᠥᠪᠯᠡᠭᠡ ᠳᠤ ᠵᠢᠯ ᠳᠠᠷᠠᠭᠠᠯᠠᠨ ᠣᠷᠣᠭᠤᠯᠵᠤ ᠂ | ᠬᠤᠯᠪᠣᠭᠳᠠᠯ ᠪᠦᠬᠦᠢ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠥᠷᠨᠢᠭᠦᠯᠵᠦ ᠂ | ᠰᠡᠷᠭᠦᠭᠡᠨ ᠵᠠᠰᠠᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠨ᠎ᠠ ᠃ ︽ᠭᠤᠷᠪᠠ ᠶᠢ ᠪᠣᠳᠠᠲᠠᠶᠢᠵᠢᠭᠤᠯᠬᠤ︾ ᠶᠢᠨ | ᠴᠡᠭᠴᠡᠯᠡᠨ ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠷᠡᠴᠢᠯᠡᠨ 2022 ᠣᠨ ᠤ | ᠬᠤᠶᠠᠳᠤᠭᠠᠷ ᠬᠤᠭᠤᠴᠠᠭᠠᠨ ᠤ ᠪᠠ 2023 ᠣᠨ ᠤ ᠡᠯ᠎ᠡ ᠬᠤᠭᠤᠴᠠᠭᠠᠨ ᠤ ᠰᠡᠵᠢᠭᠯᠡᠯᠲᠡᠢ ᠠᠰᠠᠭᠤᠳᠠᠯ ᠢ | ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠭᠰᠠᠨ ᠡᠯ᠎ᠡ ᠵᠦᠢᠯ ᠤᠨ ᠮᠡᠳᠡᠭᠡ ᠵᠠᠩᠭᠢ ᠶᠢ ︽ᠤᠢ | ᠰᠢᠭᠤᠢ ᠶᠢ ᠱᠠᠯᠠᠪᠳᠠᠭᠤᠯᠤᠨ ᠪᠠᠶᠢᠴᠠᠭᠠᠬᠤ ᠵᠢᠴᠢ ᠤᠢ ᠰᠢᠭᠤᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ︾ᠪᠣᠯᠣᠨ︽ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ | ᠬᠠᠮᠢᠶᠠᠷᠤᠯᠲᠠ ᠶᠢᠨ ᠲᠠᠪᠴᠠᠩ︾ ᠳᠤ ᠪᠦᠬᠦ ᠲᠠᠯ᠎ᠠ ᠪᠠᠷ᠂ ᠣᠨᠣᠪᠴᠢᠲᠠᠢ ᠪᠠᠷ ᠪᠢᠴᠢᠵᠦ ᠣᠷᠣᠭᠤᠯᠤᠨ᠎ᠠ᠃ ᠲᠦᠷ ᠴᠠᠭ | ᠡᠵᠡᠯᠡᠨ ᠬᠡᠷᠡᠭᠯᠡᠭᠰᠡᠨ ᠵᠢᠴᠢ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ︽ᠵᠢᠭᠰᠠᠭᠠᠨ ᠪᠠᠶᠢᠴᠠᠭᠠᠵᠤ ᠬᠠᠷᠭᠤᠭᠤᠯᠤᠨ ᠪᠠᠶᠢᠴᠠᠭᠠᠭᠠᠳ | ᠢᠯᠡᠷᠡᠭᠦᠯᠦᠭᠰᠡᠨ ᠣᠶ ᠰᠢᠭᠤᠢ ᠡᠪᠡᠰᠦ ᠪᠡᠯᠴᠢᠭᠡᠷ ᠢ ᠡᠪᠳᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ | ᠰᠢᠢᠳᠪᠦᠷᠢᠯᠡᠭᠰᠡᠨ ᠡᠬᠡ ᠲᠠᠩᠰᠠ︾ ᠶᠢᠨ ᠴᠡᠭᠴᠡᠯᠡᠨ ᠵᠠᠰᠠᠭᠰᠠᠨ ᠦᠷ᠎ᠡ ᠳ᠋ᠦᠩ ᠤᠨ ᠬᠦᠰᠦᠨᠦᠭ ᠲᠤ ᠲᠠᠭᠯᠠᠨ | ᠪᠢᠴᠢᠨ᠎ᠡ᠃ | ︵ᠭᠤᠷᠪᠠ︶ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠢᠯᠭᠠᠷᠠᠭᠤᠯᠤᠨ ᠵᠠᠯᠠᠷᠠᠭᠤᠯᠬᠤ ᠲᠥᠷᠥ ᠶᠢᠨ | ᠪᠣᠳᠣᠯᠭ᠎ᠠ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠡᠶᠢᠲᠡᠯᠡᠭᠰᠡᠨ ᠣᠶ ᠰᠢᠭᠤᠢ ᠡᠪᠡᠰᠦ | ᠪᠡᠯᠴᠢᠭᠡᠷ ᠲᠤ ᠬᠤᠯᠪᠣᠭᠳᠠᠬᠤ ᠲᠥᠷᠥ ᠶᠢᠨ ᠪᠣᠳᠣᠯᠭ᠎ᠠ᠂ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠡᠮᠬᠢᠯᠡᠨ | ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠣᠲᠣ ᠶᠢᠨ ᠬᠡᠷᠡᠭᠵᠢᠭᠦᠯᠵᠦ ᠪᠠᠶᠢᠭ᠎ᠠ | ᠲᠥᠷᠥ ᠶᠢᠨ ᠪᠣᠳᠣᠯᠭ᠎ᠠ᠂ ᠪᠢᠴᠢᠭ ᠮᠠᠲ᠋ᠧᠷᠢᠶᠠᠯ ᠨᠢ ᠳᠡᠭᠡᠳᠦ ᠪᠠᠶᠢᠷᠢ ᠶᠢᠨ ᠬᠠᠤᠯᠢ ᠲᠠᠢ ᠨᠢᠭᠡᠳᠦᠯ ᠦᠭᠡᠢ ᠪᠠᠶᠢᠪᠠᠯ᠂ | ᠬᠠᠤᠯᠢ ᠲᠣᠭᠲᠠᠭᠠᠯ ᠠᠴᠠ ᠵᠥᠷᠢᠴᠡᠭᠰᠡᠨ ᠠᠭᠤᠯᠭ᠎ᠠ ᠶᠢ ᠡᠷᠡᠰ ᠵᠠᠯᠠᠷᠠᠭᠤᠯᠵᠤ᠂ ᠬᠦᠴᠦᠨ ᠦᠭᠡᠢ ᠪᠣᠯᠭᠠᠬᠤ | ᠶᠣᠰᠣᠲᠠᠢ ᠶᠢ ᠨᠢ ᠲᠡᠷᠡ ᠳᠠᠷᠤᠢ ᠳᠤᠨᠢ ᠬᠦᠴᠦᠨ ᠦᠭᠡᠢ ᠪᠣᠯᠭᠠᠬᠤ ᠶᠢᠨ ᠬᠠᠮᠲᠤ ᠬᠠᠤᠯᠢ ᠲᠣᠭᠲᠠᠭᠠᠯ ᠠᠴᠠ | ᠵᠥᠷᠢᠴᠡᠭᠰᠡᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠡᠬᠡ ᠲᠠᠩᠰᠠ ᠶᠢ ᠪᠠᠶᠢᠭᠤᠯᠤᠨ᠎ᠠ᠃ | ︵ᠳᠥᠷᠪᠡ︶ ᠲᠠᠩᠰᠠ ᠡᠪᠬᠡᠮᠡᠯ ᠢ ᠪᠦᠷᠢᠨᠰᠢᠭᠦᠯᠵᠦ ᠂ ᠬᠠᠮᠢᠶᠠᠷᠤᠯᠲᠠ ᠶᠢ ᠵᠢᠷᠤᠮᠵᠢᠭᠤᠯᠤᠨ᠎ᠠ | ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ︽ᠨᠢᠭᠡ ᠬᠡᠷᠡᠭ ᠨᠢᠭᠡ ᠲᠠᠩᠰᠠ ᠡᠪᠬᠡᠮᠡᠯ︾ ᠤᠨ | ᠶᠣᠰᠣᠭᠠᠷ ᠬᠢᠨᠠᠨ ᠬᠠᠷᠭᠤᠭᠤᠯᠬᠤ ᠠᠰᠠᠭᠤᠳᠠᠯ ᠤᠨ ᠨᠠᠷᠢᠨ ᠬᠠᠭᠤᠳᠠᠰᠤ ᠪᠠ ᠵᠢᠷᠤᠭ ᠤᠨ ᠲᠣᠯᠪᠤ ᠶᠢ ᠬᠢᠨᠠᠨ | ᠬᠠᠷᠭᠤᠭᠤᠯᠬᠤ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠡᠬᠡ ᠲᠠᠩᠰᠠ ᠪᠠ ᠲᠠᠩᠰᠠ ᠡᠪᠬᠡᠮᠡᠯ ᠢ | ᠪᠠᠶᠢᠭᠤᠯᠤᠨᠪᠦ᠋ᠷᠢᠨᠰᠢᠭᠦᠯᠦᠨᠡ᠃ ᠲᠠᠩᠰᠠ ᠡᠪᠬᠡᠮᠡᠯ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ | ᠪᠠᠶᠢᠴᠠᠭᠠᠨ ᠰᠢᠢᠳᠪᠦᠷᠢᠯᠡᠬᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠣᠶᠢᠲᠤ ᠭᠠᠵᠠᠷ ᠡᠪᠡᠰᠦᠲᠦ ᠭᠠᠵᠠᠷ ᠤᠨ | ᠭᠠᠷᠳᠠᠮ ᠢ ᠨᠥᠬᠦᠵᠦ ᠭᠦᠢᠴᠡᠳᠬᠡᠬᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠢ ᠢᠯᠭᠠᠷᠠᠭᠤᠯᠤᠨ ᠵᠠᠯᠠᠷᠠᠭᠤᠯᠬᠤ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠵᠢᠴᠢ ᠡᠬᠡ ᠲᠠᠩᠰᠠ᠂ | ᠲᠤᠭ᠎ᠠ ᠪᠠᠷᠢᠮᠲᠠ ᠶᠢᠨ ᠬᠥᠮᠥᠷᠭᠡ ᠵᠡᠷᠭᠡ ᠶᠢ ᠪᠠᠭᠲᠠᠭᠠᠨ᠎ᠠ᠃ | ᠭᠤᠷᠪᠠ᠂ ᠠᠵᠢᠯ ᠤᠨ ᠠᠯᠬᠤᠮ ᠳᠠᠷᠠᠭ᠎ᠠ ᠪᠠ ᠱᠠᠲᠤ ᠦᠶ᠎ᠡ ᠶᠢᠨ ᠡᠭᠦᠷᠭᠡ | ︵ᠨᠢᠭᠡ︶ ᠪᠡᠯᠡᠳᠬᠡᠨ ᠪᠠᠶᠢᠷᠢᠯᠠᠭᠤᠯᠬᠤ ᠱᠠᠲᠤ ᠦᠶ᠎ᠡ ︵5 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ︶ | | ︽ᠪᠥᠬᠦ ᠤᠯᠤᠰ ᠤᠨ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠶᠢ ᠥᠷᠨᠢᠭᠦᠯᠬᠦ ᠲᠤᠬᠠᠢ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠮᠡᠳᠡᠭᠳᠡᠯ︾ ︵ᠣᠶ ᠰᠢᠭᠤᠢ ᠡᠬᠢ ᠪᠠᠶᠠᠯᠢᠭ ᠲᠠᠷᠬᠠᠭᠠᠭᠰᠠᠨ ﹇2023﹈ 30 ᠳ᠋ᠤᠭᠠᠷ ᠲᠣᠭᠠᠲᠤ︶᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠡᠪᠡᠰᠦ ᠪᠡᠯᠴᠢᠭᠡᠷ ᠡᠪᠳᠡᠬᠦ ᠠᠵᠢᠯᠯᠠᠭ᠎ᠠ ᠳᠤ ᠴᠣᠬᠢᠯᠲᠠ | ᠥᠭᠬᠦ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠪᠠ ︽ᠤᠯᠠᠭᠠᠨᠴᠠᠪ ᠬᠤᠲᠠ ᠶᠢᠨ ᠣᠶ ᠰᠢᠭᠤᠢ | ᠡᠪᠡᠰᠦ ᠪᠡᠯᠴᠢᠭᠡᠷ ᠲᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠶᠣᠰᠣᠭᠠᠷ᠂ | ︽ᠬᠤᠸᠠᠳᠧ ᠰᠢᠶᠠᠨ ᠤ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ ᠂ ᠲᠤᠰᠬᠠᠢ ᠠᠵᠢᠯᠯᠠᠭ᠎ᠠ ᠶᠢ | ᠪᠠᠶᠢᠷᠢᠯᠠᠭᠤᠯᠤᠨ ᠥᠷᠨᠢᠭᠦᠯᠪᠡ ᠃ ᠨᠡᠶᠢᠭᠡᠮ ᠳᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠵᠠᠬᠢᠳᠠᠯ | ᠰᠣᠷᠪᠤᠯᠵᠢᠯᠠᠭ᠎ᠠ ᠶᠢ ᠢᠯᠡᠴᠢᠯᠡᠨ ᠮᠡᠳᠡᠭᠦᠯᠬᠦ ᠤᠲᠠᠰᠤ 0474 ︱ 7902436 ᠶᠢ ᠨᠡᠶᠢᠲᠡᠯᠡᠪᠡ᠃ | ︵ᠬᠤᠶᠠᠷ︶ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠱᠠᠲᠤ ᠦᠶ᠎ᠡ ︵6 ᠳ᠋ᠤᠭᠠᠷ ᠰᠠᠷ᠎ᠠ ᠶᠢᠨ | 1 ᠤ ᠡᠳᠦᠷ ᠠᠴᠠ 7 ᠳ᠋ᠤᠭᠠᠷ ᠰᠠᠷ᠎ᠠ ᠶᠢᠨ 15 ᠤ ᠡᠳᠦᠷ︶ | 1. ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠡᠳᠦᠷ ᠲᠤᠲᠤᠮ ᠤᠨ ᠲᠣᠭᠤᠷᠢᠨ | ᠪᠠᠶᠢᠴᠠᠭᠠᠯᠲᠠ᠂ ᠣᠯᠠᠨ ᠲᠦᠮᠡᠨ ᠤ ᠢᠯᠡᠴᠢᠯᠡᠨ ᠮᠡᠳᠡᠭᠦᠯᠦᠯᠲᠡ᠂ ᠵᠠᠭᠤᠴᠢᠯᠠᠭᠤᠷ ᠤᠨ ᠢᠯᠡᠴᠢᠯᠡᠨ ᠮᠡᠳᠡᠭᠦᠯᠦᠯᠲᠡ | ᠵᠡᠷᠭᠡ ᠰᠦᠪᠡᠭᠴᠢ ᠶᠢ ᠦᠨᠳᠦᠰᠦᠯᠡᠵᠦ᠂ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ 2022 | ᠣᠨ ᠤ ᠬᠤᠶᠠᠳᠤᠭᠠᠷ ᠬᠤᠭᠤᠴᠠᠭ᠎ᠠ᠂ 2023 ᠣᠨ ᠤ ᠡᠯ᠎ᠡ ᠬᠤᠭᠤᠴᠠᠭᠠᠨ ᠳᠤ ᠬᠦᠷᠭᠡᠭᠰᠡᠨ ᠰᠡᠵᠢᠭᠲᠡᠢ ᠵᠢᠷᠤᠭ | ᠳᠦᠷᠰᠦ ᠶᠢᠨ ᠲᠤᠬᠠᠢ ᠶᠢᠨ ᠭᠠᠵᠠᠷ ᠤᠨ ᠥᠪᠡᠷᠲᠡᠭᠡᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠲᠠᠢ | ᠤᠶᠠᠯᠳᠤᠭᠤᠯᠤᠨ᠂ ᠡᠭᠦᠨ ᠤ ᠬᠠᠮᠲᠤ ᠥᠪᠡᠷᠲᠡᠭᠡᠨ ᠪᠠᠶᠢᠴᠠᠭᠠᠭᠰᠠᠨ ᠦᠷ᠎ᠡ ᠪᠦᠲᠦᠭᠡᠯ ᠤᠨ ᠴᠢᠭᠯᠡᠯᠲᠦ ᠲᠤᠭ᠎ᠠ | ᠪᠠᠷᠢᠮᠲᠠ ᠶᠢ ᠪᠣᠶ ᠪᠣᠯᠭᠠᠵᠤ᠂ ᠬᠠᠤᠯᠢ ᠠᠴᠠ ᠵᠥᠷᠢᠴᠡᠭᠰᠡᠨ ᠠᠰᠠᠭᠤᠳᠠᠯ ᠢᠶᠠᠷ ᠨᠤᠲᠠᠯᠠᠭᠳᠠᠭᠰᠠᠨ ᠪᠠᠶᠢᠪᠠᠯ᠂ ᠬᠠᠤᠯᠢ | ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ | ᠥᠭᠡᠷᠡᠴᠢᠯᠡᠨ᠂ ᠬᠡᠷᠡᠭ ᠲᠤ ᠬᠤᠯᠪᠣᠭᠳᠠᠭᠰᠠᠨ ᠣᠶᠢᠲᠤ ᠭᠠᠵᠠᠷ ᠡᠪᠡᠰᠦᠲᠦ ᠭᠠᠵᠠᠷ ᠢ ᠬᠤᠷᠢᠶᠠᠪᠠᠰᠤ ᠵᠣᠬᠢᠬᠤ ᠶᠢ ᠨᠢ | ᠴᠥᠮ ᠬᠤᠷᠢᠶᠠᠵᠤ᠂ ᠤᠷᠭᠤᠮᠠᠯ ᠤᠨ ᠬᠤᠴᠢᠯᠭ᠎ᠠ ᠶᠢ ᠴᠠᠭ ᠲᠤᠬᠠᠢ ᠳᠤᠨᠢ ᠰᠡᠷᠭᠦᠭᠡᠵᠦ᠂ ᠣᠶᠢᠲᠤ ᠭᠠᠵᠠᠷ ᠡᠪᠡᠰᠦᠲᠦ | ᠭᠠᠵᠠᠷ ᠢ ᠦᠨᠡᠨᠬᠦ ᠬᠡᠷᠡᠭᠯᠡᠬᠦ ᠴᠢᠬᠤᠯᠠᠲᠠᠢ ᠪᠠᠶᠢᠪᠠᠯ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ | ᠪᠣᠳᠠᠲᠠᠶᠢᠵᠢᠭᠤᠯᠤᠭᠰᠠᠨ ᠤ ᠳᠠᠷᠠᠭ᠎ᠠ ᠬᠠᠮᠢᠶ᠎ᠠ ᠪᠦᠬᠦᠢ ᠭᠠᠷᠳᠠᠮ ᠢ ᠨᠥᠬᠦᠵᠦ ᠭᠦᠢᠴᠡᠳᠬᠡᠨ᠎ᠡ᠃ | 2. ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠥᠪᠡᠰᠦᠪᠡᠨ ᠪᠠᠶᠢᠴᠠᠭᠠᠵᠤ ᠢᠯᠡᠷᠡᠭᠦᠯᠦᠭᠰᠡᠨ | ᠠᠰᠠᠭᠤᠳᠠᠯ ᠤᠨ ᠦᠨᠳᠦᠰᠦᠨ ᠪᠠᠶᠢᠳᠠᠯ᠂ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ | ᠵᠦᠢᠯ ᠤᠨ ᠮᠡᠳᠡᠭᠡ ᠵᠠᠩᠭᠢ ᠶᠢ ︽ᠣᠶ ᠰᠢᠭᠤᠢ ᠶᠢᠨ ᠰᠢᠮᠳᠠᠭᠤᠯᠤᠨ ᠪᠠᠶᠢᠴᠠᠭᠠᠬᠤ ᠵᠢᠴᠢ ᠣᠶ ᠰᠢᠭᠤᠢ ᠶᠢᠨ | ᠶᠠᠪᠤᠳᠠᠯ ᠤᠨ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ︾ ᠪᠠ ︽ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠲᠠᠪᠴᠠᠩ︾ ᠳᠤ ᠪᠥᠬᠦ ᠲᠠᠯ᠎ᠠ ᠪᠠᠷ ᠣᠨᠣᠪᠴᠢᠲᠠᠶ | ᠣᠷᠤᠭᠤᠯᠤᠨ᠎ᠠ᠃ ᠲᠦᠷ ᠴᠠᠭ ᠡᠵᠡᠯᠡᠨ ᠬᠡᠷᠡᠭᠯᠡᠬᠦ ᠪᠠ ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠪᠤᠰᠤ ᠪᠠᠷ | ᠡᠵᠡᠯᠡᠨ ᠬᠡᠷᠡᠭᠯᠡᠬᠦ ᠠᠰᠠᠭᠤᠳᠠᠯ ᠳᠤ᠂ ︽ᠵᠢᠭᠰᠠᠭᠠᠨ ᠪᠠᠶᠢᠴᠠᠭᠠᠵᠤ ᠬᠠᠷᠭᠤᠭᠤᠯᠤᠨ ᠪᠠᠶᠢᠴᠠᠭᠠᠭᠠᠳ ᠢᠯᠡᠷᠡᠭᠦᠯᠦᠭᠰᠡᠨ | ᠣᠶ ᠰᠢᠭᠤᠢ ᠡᠪᠡᠰᠦ ᠪᠡᠯᠴᠢᠭᠡᠷ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ ᠰᠢᠢᠳᠪᠦᠷᠢᠯᠡᠬᠦ ᠡᠬᠡ | ᠲᠠᠩᠰᠠ︾ ᠶᠢᠨ ᠵᠠᠭᠪᠤᠷ ᠶᠣᠰᠣᠭᠠᠷ᠂ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ 2023 ᠣᠨ ᠤ 7 ᠳ᠋ᠤᠭᠠᠷ | ᠰᠠᠷ᠎ᠠ ᠶᠢᠨ 15 ᠤ ᠡᠳᠦᠷ ᠠᠴᠠ ᠡᠮᠦᠨ᠎ᠡ ᠰᠢᠶᠠᠨ ᠤ ᠵᠠᠰᠠᠭ ᠤᠨ ᠣᠷᠳᠣᠨ ᠪᠠ ᠬᠤᠲᠠ ᠶᠢᠨ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠳᠤ ᠮᠡᠳᠡᠭᠦᠯᠦᠨ᠎ᠡ᠃ | ︵ᠭᠤᠷᠪᠠ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵7 ᠳ᠋ᠤᠭᠠᠷ ᠰᠠᠷ᠎ᠠ ᠶᠢᠨ 16 ᠤ ᠡᠳᠦᠷ — | 10 ᠳ᠋ᠤᠭᠠᠷ ᠰᠠᠷ᠎ᠠ ᠶᠢᠨ 31 ᠤ ᠡᠳᠦᠷ︶ | ᠲᠥᠪᠯᠡᠷᠡᠭᠦᠯᠦᠨ ᠴᠡᠭᠴᠡᠯᠡᠨ ᠵᠠᠰᠠᠬᠤ ᠪᠠ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠵᠤ᠂ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠵᠠᠰᠠᠵᠤ | ᠂ ᠣᠶ ᠰᠢᠭᠤᠢ ᠶᠢᠨ ᠰᠢᠮᠳᠠᠭᠤᠯᠤᠨ ᠪᠠᠶᠢᠴᠠᠭᠠᠬᠤ᠂ ᠨᠤᠲᠤᠭ ᠪᠡᠯᠴᠢᠭᠡᠷ ᠤᠨ ᠬᠤᠪᠢᠷᠠᠯᠲᠠ ᠶᠢᠨ ᠵᠢᠷᠤᠭ ᠲᠣᠯᠪᠤ ᠶᠢ | ᠰᠢᠢᠳᠪᠦᠷᠢᠯᠡᠬᠦ ᠵᠡᠷᠭᠡ ᠠᠵᠢᠯ ᠲᠠᠢ ᠤᠶᠠᠯᠳᠤᠭᠤᠯᠤᠨ᠎ᠠ᠃ | 1. ᠰᠢᠶᠠᠨ ᠤ ᠤᠳᠤᠷᠢᠳᠬᠤ ᠳᠤᠭᠤᠶᠢᠯᠠᠩ ᠤᠨ ᠬᠢᠨ ᠦᠷᠭᠦᠯᠵᠢᠯᠡᠨ ᠬᠢᠨᠠᠨ ᠵᠢᠯᠤᠭᠤᠳᠴᠤ ᠪᠠᠶᠢᠴᠠᠭᠠᠬᠤ ᠶᠢ | ᠵᠣᠬᠢᠶᠠᠨ ᠪᠠᠶᠢᠭᠤᠯᠵᠤ ᠂ ᠬᠠᠮᠤᠭ ᠤᠨ ᠰᠢᠨ᠎ᠡ ᠬᠦᠷᠭᠡᠭᠰᠡᠨ ᠰᠡᠵᠢᠭ ᠲᠠᠢ ᠵᠢᠷᠤᠭ ᠤᠨ ᠲᠣᠯᠪᠤ ᠵᠡᠷᠭᠡ ᠰᠦᠪᠡᠭᠴᠢ ᠶᠢ | ᠦᠨᠳᠦᠰᠦᠯᠡᠨ ᠳᠤᠲᠠᠭᠳᠠᠯ ᠲᠠᠢ ᠲᠠᠯ᠎ᠠ ᠶᠢ ᠨᠢ ᠪᠠᠶᠢᠴᠠᠭᠠᠵᠤ ᠨᠥᠬᠦᠪᠦᠷᠢᠯᠡᠪᠡ ᠃ ᠢᠯᠠᠩᠭᠤᠶ᠎ᠠ ᠬᠡᠷᠡᠭ ᠤᠨ ᠪᠠᠶᠢᠳᠠᠯ ᠨᠢ | ᠬᠦᠨᠳᠦ ᠨᠣᠴᠢᠲᠠᠢ ᠂ ᠰᠢᠨᠵᠢ ᠴᠢᠨᠠᠷ ᠨᠢ ᠬᠠᠷ᠎ᠠ ᠬᠤᠣᠷᠲᠠᠢ ᠂ ᠥᠰᠢᠯᠳᠦᠨ ᠬᠡᠷᠡᠭ ᠦᠢᠯᠡᠳᠦᠭᠰᠡᠨ᠂ ᠨᠡᠶᠢᠭᠡᠮ ᠤᠨ | ᠠᠩᠬᠠᠷᠤᠯ ᠤᠨ ᠬᠡᠮᠵᠢᠶ᠎ᠡ ᠪᠠᠷ ᠥᠨᠳᠥᠷ ᠂ ᠪᠠᠶᠢᠴᠠᠭᠠᠨ ᠰᠢᠢᠳᠪᠦᠷᠢᠯᠡᠬᠦ ᠳᠤ ᠬᠦᠴᠢᠷ ᠶᠡᠬᠡᠲᠡᠢ ᠤᠢ ᠰᠢᠭᠤᠢ ᠡᠪᠡᠰᠦ | ᠪᠡᠯᠴᠢᠭᠡᠷ ᠢ ᠡᠪᠳᠡᠭᠰᠡᠨ ᠠᠰᠠᠭᠤᠳᠠᠯ ᠳᠤ ᠴᠢᠭᠯᠡᠭᠦᠯᠦᠨ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠬᠤ ᠠᠵᠢᠯ ᠢ | ᠦᠷᠨᠢᠭᠦᠯᠦᠨ᠎ᠡ᠃ | 2. ᠬᠠᠤᠯᠢ ᠲᠣᠭᠲᠠᠭᠠᠯ ᠶᠣᠰᠣᠭᠠᠷ᠂ ᠲᠥᠷᠥᠯ ᠬᠤᠪᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠲᠥᠷᠥ ᠶᠢᠨ | ᠪᠣᠳᠣᠯᠭ᠎ᠠ ᠶᠢᠨ ᠵᠠᠭᠠᠭ ᠬᠢᠵᠠᠭᠠᠷ ᠢ ᠡᠵᠡᠮᠳᠡᠨ᠂ ᠦᠨᠡᠨ ᠠᠴᠠ ᠵᠥᠪ ᠢ ᠡᠷᠢᠵᠦ ᠴᠡᠭᠴᠡᠯᠡᠨ ᠵᠠᠰᠠᠬᠤ ᠶᠢ ᠰᠠᠶᠢᠲᠤᠷ | ᠠᠳᠬᠤᠨ᠎ᠠ᠃ ᠣᠶᠢᠲᠤ ᠭᠠᠵᠠᠷ ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠭᠰᠡᠨ ᠪᠠ ᠡᠪᠳᠡᠭᠰᠡᠨ᠂ ᠣᠶ ᠰᠢᠭᠤᠢ | ᠡᠪᠡᠰᠦ ᠪᠡᠯᠴᠢᠭᠡᠷ ᠢ ᠡᠪᠳᠡᠵᠦ ᠠᠲᠠᠷ ᠬᠠᠭᠠᠯᠪᠤᠷᠢᠯᠠᠭᠰᠠᠨ᠂ ᠣᠶ ᠮᠣᠳᠣ ᠶᠢ ᠳᠤᠷ᠎ᠠ ᠪᠠᠷ ᠢᠶᠠᠨ ᠣᠭᠲᠣᠯᠵᠤ | ᠬᠤᠯᠠᠭᠠᠶᠢᠯᠠᠨ ᠣᠭᠲᠣᠯᠣᠭᠰᠠᠨ ᠵᠡᠷᠭᠡ ᠬᠡᠷᠡᠭ ᠢ ᠬᠠᠤᠯᠢ ᠶᠣᠰᠣᠭᠠᠷ ᠪᠣᠳᠠᠲᠠᠶᠢᠵᠢᠭᠤᠯᠤᠨ ᠪᠠᠶᠢᠴᠠᠭᠠᠨ ᠰᠢᠢᠳᠪᠦᠷᠢᠯᠡᠵᠦ | ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ | ᠪᠤᠳᠠᠲᠠᠶᠢᠵᠢᠭᠤᠯᠤᠨ᠎ᠠ᠃ ᠬᠠᠷᠭᠤᠭᠤᠯᠤᠨ ᠪᠠᠶᠢᠴᠠᠭᠠᠬᠤ ᠪᠠ ᠬᠡᠷᠡᠭ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ | ᠵᠠᠰᠠᠬᠤ ᠶᠠᠪᠤᠴᠠ ᠳᠤ᠂ ᠬᠠᠷᠢᠯᠴᠠᠨ ᠲᠦᠯᠬᠢᠯᠴᠡᠬᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ | ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠳᠠᠭᠠᠨ ᠨᠠᠵᠠᠭᠠᠢ ᠪᠠᠷ ᠠᠷᠭᠠᠴᠠᠬᠤ᠂ ᠣᠯᠵᠤ ᠮᠡᠳᠡᠬᠦ ᠶᠣᠰᠣᠲᠠᠢ | ᠠᠰᠠᠭᠤᠳᠠᠯ ᠢ ᠣᠯᠵᠤ ᠮᠡᠳᠡᠭᠰᠡᠨ ᠦᠭᠡᠢ᠂ ᠣᠯᠵᠤ ᠮᠡᠳᠡᠭᠰᠡᠨ ᠠᠰᠠᠭᠤᠳᠠᠯ ᠢ ᠳᠡᠭᠡᠭᠰᠢ ᠮᠡᠳᠡᠭᠦᠯᠬᠦ ᠦᠭᠡᠢ ᠪᠤᠶᠤ | ᠵᠣᠷᠢᠭᠤᠳᠠ ᠨᠢᠭᠤᠵᠤ ᠳᠠᠷᠤᠭᠠᠳ ᠮᠡᠳᠡᠭᠦᠯᠬᠦ ᠦᠭᠡᠢ ᠪᠠᠶᠢᠪᠠᠯ᠂ ᠳᠦᠷᠢᠮ ᠲᠣᠭᠲᠠᠭᠠᠯ ᠬᠠᠤᠯᠢ ᠴᠠᠭᠠᠵᠠ ᠰᠠᠬᠢᠯᠭ᠎ᠠ | ᠪᠠᠲᠤ ᠶᠣᠰᠣᠭᠠᠷ ᠴᠢᠩᠭ᠎ᠠ ᠰᠢᠢᠳᠪᠤᠷᠢᠯᠡᠨ᠎ᠡ᠃ | ︵ᠳᠥᠷᠪᠡ︶ ᠳ᠋ᠦᠩᠨᠡᠯᠲᠡ ᠶᠢᠨ ᠱᠠᠲᠤ ᠦᠶ᠎ᠡ ︵11 ᠳ᠋ᠦ᠋ᠭᠡᠷ ᠰᠠᠷ᠎ᠠ︶ | ᠲᠤᠰᠬᠠᠢ ᠠᠵᠢᠯᠯᠠᠭ᠎ᠠ ᠶᠢ ᠪᠥᠬᠦ ᠲᠠᠯ᠎ᠠ ᠪᠠᠷ ᠳ᠋ᠦᠩᠨᠡᠬᠦ ᠶᠢᠨ ᠬᠠᠮᠲᠤ ᠵᠥᠪᠰᠢᠶᠡᠷᠡᠯ ᠦᠭᠡᠢ ᠪᠠᠷ ᠤᠷᠢᠳᠠᠪᠠᠷ ᠡᠵᠡᠯᠡᠬᠦ᠂ | ᠬᠡᠪᠴᠢᠶ᠎ᠡ ᠠᠴᠠ ᠬᠡᠲᠦᠷᠡᠭᠦᠯᠦᠨ ᠡᠵᠡᠯᠡᠨ ᠬᠡᠷᠡᠭᠯᠡᠬᠦ᠂ ᠣᠨᠳᠣᠣ ᠭᠠᠵᠠᠷ ᠲᠤ ᠡᠵᠡᠯᠡᠨ ᠬᠡᠷᠡᠭᠯᠡᠬᠦ ᠶᠢᠨ ᠬᠠᠮᠲᠤ ᠣᠶᠢᠲᠤ | ᠭᠠᠵᠠᠷ ᠡᠪᠡᠰᠦᠲᠦ ᠭᠠᠵᠠᠷ ᠢ ᠡᠪᠳᠡᠨ ᠰᠦᠢᠳᠬᠡᠬᠦ᠂ ᠣᠶ ᠰᠢᠭᠤᠢ ᠡᠪᠡᠰᠦᠲᠦ ᠭᠠᠵᠠᠷ ᠢ ᠬᠠᠤᠯᠢ ᠪᠤᠰᠤ ᠪᠠᠷ | ᠬᠠᠭᠠᠯᠪᠤᠷᠢᠯᠠᠬᠤ᠂ ᠣᠶ ᠮᠣᠳᠣ ᠶᠢ ᠳᠤᠷ᠎ᠠ ᠪᠠᠷ ᠢᠶᠠᠨ ᠣᠭᠲᠣᠯᠬᠤ ᠪᠠ ᠬᠤᠯᠠᠭᠠᠶᠢᠯᠠᠨ ᠣᠭᠲᠣᠯᠬᠤ ᠵᠡᠷᠭᠡ | ᠠᠰᠠᠭᠤᠳᠠᠯ ᠳᠤ ᠴᠢᠭᠯᠡᠭᠦᠯᠦᠨ᠂ ᠣᠶᠢᠲᠤ ᠭᠠᠵᠠᠷ ᠡᠪᠡᠰᠦᠲᠦ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠶᠢᠲᠤ ᠭᠠᠵᠠᠷ ᠡᠪᠡᠰᠦᠲᠦ ᠭᠠᠵᠠᠷ ᠤᠨ ᠬᠠᠮᠠᠭᠠᠯᠠᠯᠲᠠ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠣᠶ ᠰᠢᠭᠤᠢ ᠡᠪᠡᠰᠦ ᠪᠡᠯᠴᠢᠭᠡᠷ ᠢ | ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠪᠡᠶᠡᠯᠡᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ | ᠳ᠋ᠦᠩᠨᠡᠵᠦ᠂ 11 ᠰᠠᠷ᠎ᠠ ᠶᠢᠨ 5 ᠤ ᠡᠳᠦᠷ ᠠᠴᠠ ᠡᠮᠦᠨ᠎ᠡ ᠠᠵᠢᠯ ᠢᠶᠠᠨ ᠥᠷᠨᠢᠭᠦᠯᠦᠭᠰᠡᠨ ᠪᠠᠶᠢᠳᠠᠯ᠂ ᠠᠷᠭ᠎ᠠ | ᠬᠡᠮᠵᠢᠶ᠎ᠡ ᠠᠪᠤᠭᠰᠠᠨ ᠠᠰᠠᠭᠤᠳᠠᠯ ᠢ ᠴᠡᠭᠴᠡᠯᠡᠨ ᠵᠠᠰᠠᠭᠰᠠᠨ ᠦᠷ᠎ᠡ ᠳ᠋ᠦᠩ᠂ ᠣᠷᠣᠰᠢᠵᠤ ᠪᠠᠶᠢᠭ᠎ᠠ ᠠᠰᠠᠭᠤᠳᠠᠯ ᠪᠠ | ᠠᠵᠢᠯ ᠤᠨ ᠰᠠᠨᠠᠭᠤᠯᠭ᠎ᠠ ᠵᠡᠷᠭᠡ ᠠᠭᠤᠯᠭ᠎ᠠ ᠪᠠᠨ ᠰᠢᠶᠠᠨ ᠤ ᠵᠠᠰᠠᠭ ᠤᠨ ᠣᠷᠳᠣᠨ ᠪᠠ ᠬᠤᠲᠠ ᠶᠢᠨ ᠣᠶ ᠰᠢᠭᠤᠢ | ᠡᠪᠡᠰᠦ ᠪᠡᠯᠴᠢᠭᠡᠷ ᠤᠨ ᠲᠣᠪᠴᠢᠶ᠎ᠠ ᠳᠤ ᠪᠢᠴᠢᠭ ᠢᠶᠠᠷ ᠮᠡᠳᠡᠭᠦᠯᠦᠨ᠎ᠡ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠬᠤᠸᠠᠳᠧ ᠰᠢᠶᠠᠨ ᠤ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ | ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ ᠂ ᠪᠦᠷᠢᠯᠳᠦᠭᠦᠨ ᠨᠢ ᠳᠣᠣᠷᠠᠬᠢ ᠮᠡᠲᠦ ᠄ | ᠳᠤᠭᠤᠶᠢᠯᠠᠩ ᠤᠨ ᠳᠠᠷᠤᠭ᠎ᠠ᠄ ᠰᠢᠶᠣᠣ ᠵᠧᠨ ᠢᠦᠢ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠢᠶᠠ ᠴᠢᠶᠠᠩ ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ | ᠳᠠᠷᠤᠭ᠎ᠠ | ᠸᠧᠨ ᠬᠤᠩ ᠸᠧᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶᠠᠨ ᠤ ᠳᠠᠷᠤᠭ᠎ᠠ | ᠪᠦᠷᠢᠯᠳᠦᠭᠦᠨ᠄ ᠵᠠᠩ ᠴᠢᠩ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ | ᠶᠧ ᠰᠢᠨ ᠯᠧᠢ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ | ᠦ᠋ ᠶᠦᠨ ᠣᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ᠤᠨ | ᠳᠠᠷᠤᠭ᠎ᠠ | ᠵᠠᠩ ᠬᠦᠢ ᠫᠢᠩ ᠤᠢ ᠰᠢᠭᠤᠢ ᠶᠢᠨ ᠠᠵᠢᠯ ᠤᠨ ᠥᠷᠲᠡᠭᠡᠨ ᠤ ᠳᠠᠷᠤᠭ᠎ᠠ | ᠵᠠᠩ ᠴᠦᠨ ᠶᠢᠩ ᠲᠠᠯ᠎ᠠ ᠨᠤᠲᠤᠭ ᠤᠨ ᠠᠵᠢᠯᠯᠠᠬᠤ ᠥᠷᠲᠡᠭᠡᠨ ᠤ ᠳᠠᠷᠤᠭ᠎ᠠ | ᠵᠣᠣ ᠯᠢ ᠵᠢᠶᠦ᠋ᠨ ᠣᠶ ᠰᠢᠭᠤᠢ ᠡᠪᠡᠰᠦᠲᠦ ᠨᠤᠭᠤ ᠭᠠᠵᠠᠷ ᠪᠠ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ | ᠲᠥᠪ ᠤᠨ ᠡᠷᠬᠢᠯᠡᠭᠴᠢ | ᠸᠧᠢ ᡁᠢ ᠭᠦᠸᠧ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠨᠢᠭᠡᠳᠦᠭᠡᠷ ᠠᠩᠭᠢ ᠶᠢᠨ ᠳᠠᠷᠤᠭ᠎ᠠ | ᠪᠠᠨ ᠵᠢᠶᠠᠨ ᠪᠦᠦ ᠴᠠᠩᠱᠦ᠋ᠨ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠸᠠᠩ ᠭᠦᠸᠧ ᠭᠤᠸᠠᠩ ᠴᠣᠣᠶᠠᠩ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠹᠦ᠋ ᠰᠢᠦᠢ ᠹᠧᠩ ᠳᠣᠯᠣᠳᠤᠭᠠᠷ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠶᠠᠩ ᠯᠧᠢ ᠳᠡᠪᠡᠭᠡᠲᠦ ᠰᠢᠶᠠᠩ ᠤᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠬᠠᠨ ᠹᠦ᠋ ᠭᠦᠨᠤᠯᠠᠭᠠᠨᠬᠤᠳᠳᠤᠭ ᠰᠢᠶᠠᠩ ᠤᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠬᠤ᠋ ᠷᠦᠢ ᠵᠧᠨ ᠪᠠᠶᠠᠨᠲᠠᠯ᠎ᠠ ᠰᠢᠶᠠᠩ ᠤᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ ᠂ ᠠᠯᠪᠠᠨ ᠭᠡᠷ ᠢ ᠰᠢᠶᠠᠨ ᠤ ᠤᠢ ᠰᠢᠭᠤᠢ | ᠡᠪᠡᠰᠦ ᠪᠡᠯᠴᠢᠭᠡᠷ ᠤᠨ ᠲᠣᠪᠴᠢᠶ᠎ᠠ ᠳᠤ ᠭᠠᠷᠭᠠᠵᠤ ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠥᠪᠡᠰᠦᠪᠡᠨ ᠪᠠᠶᠢᠴᠠᠭᠠᠭᠰᠠᠨ ᠦᠷ᠎ᠡ ᠪᠦᠲᠦᠭᠡᠯ ᠤᠨ ᠦᠨᠡᠨ | ᠪᠣᠳᠠᠲᠤ ᠴᠢᠨᠠᠷ ᠲᠤ ᠬᠠᠷᠢᠭᠤᠴᠠᠨ᠎ᠠ ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠢᠶᠠ ᠴᠢᠶᠠᠩ ᠬᠠᠪᠰᠤᠷᠭᠠᠨ | ᠬᠠᠷᠢᠭᠤᠴᠠᠵᠤ ᠂ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠶᠧ ᠰᠢᠨ ᠯᠧᠢ ᠬᠠᠪᠰᠤᠷᠭᠠᠨ ᠬᠠᠷᠢᠭᠤᠴᠠᠵᠤ ᠂ | ᠡᠳᠦᠷ ᠲᠤᠳᠤᠮ ᠤᠨ ᠠᠵᠢᠯ ᠤᠨ ᠠᠵᠢᠯᠯᠠᠭᠠᠨ ᠢ ᠬᠠᠷᠢᠭᠤᠴᠠᠵᠤ ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠵᠤ ᠲᠣᠬᠢᠷᠠᠭᠤᠯᠤᠨ᠎ᠠ᠃ ᠡᠯ᠎ᠡ ᠪᠦᠷᠢᠯᠳᠦᠭᠦᠨ ᠨᠢᠭᠡᠴᠡ ᠨᠢ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ | ᠪᠦᠬᠦᠢ ᠠᠵᠢᠯ ᠢ ᠬᠠᠷᠢᠭᠤᠴᠠᠨ ᠥᠷᠨᠢᠭᠦᠯᠦᠨ᠎ᠡ᠂ ᠪᠣᠳᠠᠲᠠᠢ ᠠᠵᠢᠯ ᠤᠨ ᠬᠤᠪᠢᠶᠠᠷᠢᠯᠠᠯ ᠨᠢ ᠳᠣᠣᠷᠠᠬᠢ ᠮᠡᠲᠦ᠄ | ᠣᠶ ᠰᠢᠭᠤᠢ ᠡᠪᠡᠰᠦ ᠪᠡᠯᠴᠢᠭᠡᠷ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ︵ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠪᠠ ᠬᠡᠭᠡᠷ᠎ᠡ ᠶᠢᠨ ᠠᠮᠢᠲᠠᠨ ᠤ | ᠬᠠᠮᠠᠭᠠᠯᠠᠯᠲᠠ ᠶᠢᠨ ᠲᠥᠪ︶ ᠨᠢ ᠠᠰᠠᠭᠤᠳᠠᠯ ᠢ ᠵᠢᠭᠰᠠᠭᠠᠨ ᠪᠠᠶᠢᠴᠠᠭᠠᠵᠤ ᠵᠢᠯᠤᠭᠤᠳᠬᠤ᠂ ᠠᠰᠠᠭᠤᠳᠠᠯ ᠢ ᠬᠢᠨᠠᠨ | ᠬᠠᠷᠭᠤᠭᠤᠯᠵᠤ ᠰᠤᠳᠤᠯᠤᠨ ᠮᠠᠭᠠᠳᠯᠠᠬᠤ᠂ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠶᠢ | ᠵᠢᠯᠤᠭᠤᠳᠬᠤ᠂ ᠬᠢᠨᠠᠨ ᠵᠢᠯᠤᠭᠤᠳᠬᠤ᠂ ᠲᠣᠬᠢᠷᠠᠭᠤᠯᠬᠤ ᠶᠢ ᠬᠠᠷᠢᠭᠤᠴᠠᠨ᠎ᠠ︔ ︽ᠣᠶ ᠰᠢᠭᠤᠢ ᠶᠢᠨ ᠰᠢᠪᠠᠳᠠᠨ | ᠪᠠᠶᠢᠴᠠᠭᠠᠯᠲᠠ ᠵᠢᠴᠢ ᠣᠶ ᠰᠢᠭᠤᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠰᠢᠰᠲ᠋ᠧᠮ︾ ᠪᠠ ︽ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ | ᠲᠠᠪᠴᠠᠩ︾ ᠳᠤ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠪᠰᠢᠭᠦᠯᠦᠭᠰᠡᠨ 2022 | ᠣᠨ ᠤ ᠬᠤᠶᠠᠳᠤᠭᠠᠷ ᠬᠤᠭᠤᠴᠠᠭ᠎ᠠ᠂ 2023 ᠣᠨ ᠤ ᠡᠯ᠎ᠡ ᠬᠤᠭᠤᠴᠠᠭᠠᠨ ᠤ ᠰᠡᠵᠢᠭᠯᠡᠯᠲᠡᠢ ᠵᠢᠷᠤᠭ ᠲᠣᠯᠪᠤ ᠶᠢᠨ | ᠥᠪᠡᠰᠦᠪᠡᠨ ᠪᠠᠶᠢᠴᠠᠭᠠᠭᠰᠠᠨ ᠲᠤᠭ᠎ᠠ ᠪᠠᠷᠢᠮᠲᠠ ᠪᠠ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠭᠰᠠᠨ | ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠪᠥᠬᠦ ᠬᠤᠲᠠ ᠶᠢᠨ ᠥᠪᠡᠰᠦᠪᠡᠨ ᠪᠠᠶᠢᠴᠠᠭᠠᠭᠰᠠᠨ | ᠦᠷ᠎ᠡ ᠪᠦᠲᠦᠭᠡᠯ ᠤᠨ ᠲᠤᠭ᠎ᠠ ᠪᠠᠷᠢᠮᠲᠠ ᠪᠠ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢ ᠬᠤᠷᠢᠶᠠᠩᠭᠤᠶᠢᠯᠠᠪᠠ︔ | ᠠᠭᠤᠷᠬᠠᠢ ᠶᠢᠨ ᠠᠵᠤ ᠠᠬᠤᠶᠢᠯᠠᠯ ᠤᠨ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠠᠰᠠᠭᠤᠳᠠᠯ ᠢ ᠬᠢᠨᠠᠨ | ᠬᠠᠷᠭᠤᠭᠤᠯᠵᠤ ᠰᠤᠳᠤᠯᠤᠨ ᠮᠠᠭᠠᠳᠯᠠᠬᠤ᠂ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠶᠢ ᠬᠢᠨᠠᠨ | ᠬᠠᠷᠭᠤᠭᠤᠯᠬᠤ ᠵᠡᠷᠭᠡ︔ ᠥᠪᠡᠷᠲᠡᠭᠡᠨ ᠵᠠᠰᠠᠬᠤ ᠣᠷᠣᠨ ᠤ ᠲᠤᠰᠬᠠᠢ ᠠᠵᠢᠯᠯᠠᠭ᠎ᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠯᠦᠭᠡ ᠵᠣᠯᠭᠠᠭᠤᠯᠤᠨ ᠬᠤᠯᠪᠣᠭ᠎ᠠ ᠠᠪᠴᠤ᠂ ᠡᠬᠡ ᠲᠠᠩᠰᠠ᠂ ᠠᠬᠢᠴᠠ ᠶᠢᠨ ᠪᠠᠶᠢᠳᠠᠯ | ᠂ ᠳ᠋ᠦᠩᠨᠡᠯᠲᠡ ᠶᠢᠨ ᠮᠡᠳᠡᠭᠦᠯᠦᠯᠲᠡ ᠵᠡᠷᠭᠡ ᠶᠢ ᠬᠤᠷᠢᠶᠠᠩᠭᠤᠶᠢᠯᠠᠨ ᠳᠡᠭᠡᠭᠰᠢ ᠮᠡᠳᠡᠭᠦᠯᠦᠨ᠎ᠡ᠃ | ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ︵ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠥᠪ︶᠂ ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠪᠠ | ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠲᠥᠪ ᠨᠢ 2018 ᠣᠨ ᠠᠴᠠ ᠨᠠᠰᠢ ᠵᠥᠪᠰᠢᠶᠡᠷᠡᠭᠰᠡᠨ ᠡᠯ᠎ᠡ | ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠶᠢᠲᠤ ᠭᠠᠵᠠᠷ ᠪᠡᠯᠴᠢᠭᠡᠷ ᠢ ᠲᠦᠷ ᠴᠠᠭ | ᠡᠵᠡᠯᠡᠨ ᠬᠡᠷᠡᠭᠯᠡᠬᠦ ᠶᠢ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠬᠢᠨᠠᠨ ᠬᠠᠷᠭᠤᠭᠤᠯᠵᠤ ᠰᠤᠳᠤᠯᠤᠨ ᠮᠠᠭᠠᠳᠯᠠᠬᠤ᠂ | ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠶᠢ ᠬᠢᠨᠠᠨ ᠬᠠᠷᠭᠤᠭᠤᠯᠬᠤ ᠵᠡᠷᠭᠡ ᠶᠢ ᠬᠠᠷᠢᠭᠤᠴᠠᠨ᠎ᠠ︔ | ᠬᠠᠤᠯᠢ ᠴᠠᠭᠠᠵᠠ ᠬᠠᠤᠯᠢ ᠲᠣᠭᠲᠠᠭᠠᠯ ᠯᠤᠭ᠎ᠠ ᠬᠠᠷᠰᠢᠯᠳᠤᠬᠤ ᠪᠢᠴᠢᠭ ᠮᠠᠲ᠋ᠧᠷᠢᠶᠠᠯ᠂ ᠲᠥᠷᠥ ᠶᠢᠨ ᠪᠣᠳᠣᠯᠭ᠎ᠠ ᠶᠢ | ᠡᠮᠬᠢᠯᠡᠨ ᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠵᠤ᠂ ᠬᠤᠰᠢᠭᠤ ᠰᠢᠶᠠᠨ ᠢ ᠵᠢᠯᠣᠭᠤᠳᠤᠨ ᠬᠢᠨᠠᠨ ᠵᠢᠯᠤᠭᠤᠳᠴᠤ | ᠪᠠᠶᠢᠭᠠᠳ ᠢᠯᠭᠠᠷᠠᠭᠤᠯᠤᠨ ᠵᠠᠯᠠᠷᠠᠭᠤᠯᠬᠤ ᠵᠡᠷᠭᠡ ᠠᠵᠢᠯ ᠢ ᠦᠷᠨᠢᠭᠦᠯᠦᠨ᠎ᠡ᠃ | ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠂ ᠡᠯ᠎ᠡ | ᠰᠢᠶᠠᠩ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ | ᠬᠢᠨᠠᠨ ᠵᠢᠯᠤᠭᠤᠳᠴᠤ ᠰᠢᠪᠠᠳᠠᠨ ᠭᠦᠢᠴᠡᠳᠬᠡᠬᠦ ᠶᠢ ᠬᠠᠷᠢᠭᠤᠴᠠᠵᠤ ᠂ ᠭᠤᠣᠯᠳᠠᠯᠭ᠎ᠠ ᠲᠠᠢ ᠠᠰᠠᠭᠤᠳᠠᠯ ᠢ ᠪᠠᠶᠢᠴᠠᠭᠠᠨ | ᠬᠠᠷᠭᠤᠭᠤᠯᠬᠤ ᠠᠵᠢᠯ ᠢ ᠲᠦᠷᠦᠭᠦᠯᠡᠨ ᠥᠷᠨᠢᠭᠦᠯᠦᠨ᠎ᠡ ︔ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠤᠨ | ᠰᠦᠪᠡᠭᠴᠢ ᠡᠬᠡ ᠳᠠᠩᠰᠠ ᠪᠠᠶᠢᠭᠤᠯᠬᠤ᠂ ᠪᠠᠶᠢᠴᠠᠭᠠᠨ ᠰᠢᠢᠳᠪᠦᠷᠢᠯᠡᠵᠦ ᠰᠢᠪᠠᠳᠠᠨ ᠰᠢᠢᠳᠪᠦᠷᠢᠯᠡᠬᠦ᠂ ᠬᠢᠨᠠᠨ | ᠬᠠᠷᠭᠤᠭᠤᠯᠵᠤ ᠰᠤᠳᠤᠯᠤᠨ ᠮᠠᠭᠠᠳᠯᠠᠬᠤ ᠵᠡᠷᠭᠡ ᠶᠢ ᠬᠠᠷᠢᠭᠤᠴᠠᠨ᠎ᠠ᠃ | ᠤᠢ ᠰᠢᠭᠤᠢ ᠶᠢᠨ ᠠᠵᠢᠯ ᠤᠨ ᠦᠷᠳᠡᠭᠡ ᠂ ᠨᠤᠲᠤᠭ ᠪᠡᠯᠴᠢᠭᠡᠷ ᠤᠨ ᠠᠵᠢᠯ ᠤᠨ ᠦᠷᠳᠡᠭᠡ ᠨᠦᠭᠦᠳ ᠡᠯ᠎ᠡ | ᠬᠤᠰᠢᠭᠤ ᠰᠢᠶᠠᠨ ᠤ ᠮᠡᠷᠭᠡᠵᠢᠯ ᠬᠢᠭᠡᠳ ᠯᠠᠪᠯᠠᠯᠭ᠎ᠠ ᠶᠢᠨ ᠦᠢᠯᠡᠴᠢᠯᠡᠭᠡᠨ ᠢ ᠬᠠᠷᠢᠭᠤᠴᠠᠨ ᠡᠭᠦᠷᠭᠡᠯᠡᠵᠦ ᠂ ᠲᠤᠬᠠᠢ ᠶᠢᠨ | ᠭᠠᠵᠠᠷ ᠤᠨ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠮᠡᠷᠭᠡᠵᠢᠯ ᠤᠨ ᠴᠢᠨᠠᠷᠲᠠᠢ ᠠᠵᠢᠯ ᠢ ᠬᠠᠮᠵᠢᠯᠴᠠᠨ | ᠦᠷᠨᠢᠭᠦᠯᠦᠨ᠎ᠡ᠃ | ᠲᠠᠪᠤ ᠂ ᠠᠵᠢᠯ ᠤᠨᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠷᠠᠭᠤᠯᠤᠨ᠎ᠠ᠃ ᠯᠠᠪᠳᠠᠭᠤᠨ ᠪᠠᠲᠤᠲᠠᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠂ ᠰᠢᠯᠢᠳᠡᠭ ᠰᠢᠯᠢᠳᠡᠭ | ᠬᠦᠴᠦᠨ ᠢ ᠲᠠᠲᠠᠵᠤ ᠂ ᠠᠵᠢᠯ ᠤᠨ ᠲᠤᠰᠬᠠᠢ ᠠᠩᠭᠢ ᠶᠢ ᠪᠦᠷᠢᠯᠳᠦᠭᠦᠯᠦᠨ᠎ᠡ︔ ᠬᠠᠤᠯᠢ ᠠᠴᠠ ᠵᠥᠷᠢᠴᠡᠭᠰᠡᠨ | ᠠᠰᠠᠭᠤᠳᠠᠯ ᠤᠨ ᠰᠦᠪᠡᠭᠴᠢ ᠶᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠬᠦᠯᠢᠶᠡᠬᠦ ᠦᠭᠡᠢ ᠲᠦᠰᠢᠭᠯᠡᠬᠦ ᠦᠭᠡᠢ | ᠪᠠᠶᠢᠵᠤ᠂ ᠣᠶ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠪᠥᠬᠦ ᠲᠠᠯ᠎ᠠ ᠪᠠᠷ᠂ ᠲᠤᠶᠢᠯᠪᠤᠷᠢᠲᠠᠢ | ᠪᠠᠶᠢᠴᠠᠭᠠᠨ ᠰᠢᠢᠳᠪᠦᠷᠢᠯᠡᠵᠦ᠂ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠨ᠎ᠠ᠂ ᠡᠭᠦᠨ ᠳᠤ ᠵᠥᠪᠬᠡᠨ | ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠪᠠᠭᠤᠯᠭᠠᠭᠰᠠᠨ ᠡᠯ᠎ᠡ ᠬᠤᠭᠤᠴᠠᠭᠠᠨ ᠤ | ᠰᠡᠵᠢᠭᠯᠡᠯᠲᠡᠢ ᠵᠢᠷᠤᠭ ᠢᠶᠠᠷ ᠬᠢᠵᠠᠭᠠᠷᠯᠠᠵᠤ ᠪᠣᠯᠬᠤ ᠦᠭᠡᠢ︔ ᠲᠥᠷᠥᠯ ᠬᠤᠪᠢᠶᠠᠨ ᠯᠠᠪᠳᠠᠭᠤᠨ ᠢᠶᠠᠷ ᠰᠢᠢᠳᠪᠦᠷᠢᠯᠡᠵᠦ᠂ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠳᠤ ᠬᠠᠷᠢᠶᠠᠯᠠᠭᠳᠠᠬᠤ ᠬᠡᠷᠡᠭ ᠢ ᠲᠦᠷᠭᠡᠨ ᠰᠢᠢᠳᠪᠦᠷᠢᠯᠡᠵᠦ ᠲᠦᠷᠭᠡᠨ | ᠳᠠᠭᠤᠰᠬᠠᠵᠤ᠂ ᠶᠠᠯ᠎ᠠ ᠬᠢᠭᠰᠡᠨ ᠰᠡᠵᠢᠭᠯᠡᠯᠲᠡᠢ ᠪᠠᠶᠢᠪᠠᠯ ᠴᠠᠭ ᠲᠤᠬᠠᠢ ᠳᠤᠨᠢ ᠬᠠᠤᠯᠢ ᠪᠠᠷᠢᠬᠤ ᠪᠠᠶᠢᠭᠤᠯᠭ᠎ᠠ ᠳᠤ | ᠰᠢᠯᠵᠢᠭᠦᠯᠦᠨ ᠬᠦᠷᠭᠡᠵᠦ ᠰᠢᠢᠳᠪᠤᠷᠢᠯᠡᠭᠦᠯᠦᠨ᠎ᠡ︔ ᠠᠰᠠᠭᠤᠳᠠᠯ ᠤᠨ ᠨᠠᠷᠢᠨ ᠲᠠᠩᠰᠠ ᠶᠢ ᠴᠢᠩᠭ᠎ᠠ ᠠᠩᠬᠠᠷᠴᠤ | ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠵᠠᠰᠠᠬᠤ ᠬᠠᠷᠢᠭᠤᠴᠠᠯᠭᠠᠲᠠᠨ᠂ ᠴᠠᠭ ᠤᠨ ᠬᠦᠰᠦᠨᠦᠭᠲᠦ ᠶᠢ | ᠲᠣᠳᠣᠷᠬᠠᠶᠢᠯᠠᠵᠤ ᠂ ᠲᠤᠰᠬᠠᠢ ᠠᠵᠢᠯᠯᠠᠭ᠎ᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠨ᠎ᠠ᠃ | ︵ᠬᠤᠶᠠᠷ︶ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ | ᠣᠨᠤᠴᠢᠲᠠᠢ ᠪᠠᠷ ᠴᠣᠬᠢᠯᠲᠠ ᠥᠭᠭᠦᠨ᠎ᠡ᠃ ᠠᠰᠠᠭᠤᠳᠠᠯ ᠤᠯᠠᠨ ᠡᠭᠦᠰᠬᠦ ᠂ ᠤᠯᠠᠨ ᠡᠭᠦᠰᠳᠡᠭ ᠭᠤᠣᠯᠳᠠᠯᠭ᠎ᠠ ᠲᠠᠢ | ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ ᠂ ᠠᠮᠢ ᠠᠬᠤᠢ ᠶᠢ ᠬᠦᠨᠳᠦ ᠨᠣᠴᠢᠲᠠᠢ ᠡᠪᠳᠡᠭᠰᠡᠨ᠂ | ᠬᠠᠵᠠᠭᠤ ᠠᠴᠠ ᠨᠢ ᠱᠦᠷᠭᠦᠭᠡᠭᠰᠡᠨ᠂ ᠵᠣᠬᠢᠴᠠᠭᠤᠯᠤᠭᠰᠠᠨ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠩᠬᠠᠷᠤᠯ ᠢ | ᠲᠠᠲᠠᠭᠰᠠᠨ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠤᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ | ᠠᠰᠠᠭᠤᠳᠠᠯ ᠳᠤ ᠡᠷᠡᠰ ᠴᠢᠩᠭ᠎ᠠ ᠣᠪᠣᠷ ᠂ ᠬᠦᠴᠦᠲᠡᠢ ᠠᠷᠭ᠎ᠠ ᠬᠡᠮᠵᠢᠶ᠎ᠡ ᠪᠠᠷ ᠦᠨᠡᠨᠬᠦ ᠠᠳᠬᠤᠨ ᠦᠨᠡᠨᠬᠦ ᠬᠠᠮᠢᠶᠠᠷᠴᠤ ᠂ | ᠴᠢᠩᠭ᠎ᠠ ᠠᠳᠬᠤᠨ ᠴᠢᠩᠭ᠎ᠠ ᠬᠠᠮᠢᠶᠠᠷᠴᠤ ᠂ ᠵᠣᠷᠢᠭᠲᠠᠢ ᠪᠠᠷ ᠰᠡᠯᠡᠮ᠎ᠡ ᠪᠠᠨ ᠳᠡᠯᠭᠡᠵᠦ ᠂ ᠨᠡᠶᠢᠲᠡᠯᠢᠭ ᠵᠢᠱᠢᠶ᠎ᠡ ᠶᠢ | ᠬᠦᠴᠦᠲᠡᠢ ᠠᠳᠬᠤᠵᠤ ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠦᠷᠳᠡᠭᠦᠯᠬᠦ ᠰᠦᠷ ᠬᠦᠴᠦᠲᠦ | ᠪᠠᠶᠢᠳᠠᠯ ᠢ ᠪᠤᠢ ᠪᠣᠯᠭᠠᠵᠤ ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤᠯᠠᠨ᠎ᠠ᠃ | ︵ᠭᠤᠷᠪᠠ︶ ᠬᠦᠴᠦ ᠪᠠᠨ ᠬᠠᠮᠲᠤᠳᠬᠠᠨ ᠬᠠᠮᠵᠢᠯᠴᠠᠬᠤ ᠶᠢ ᠴᠢᠩᠭᠠᠳᠬᠠᠵᠤ᠂ ᠴᠡᠭᠴᠡᠯᠡᠨ ᠵᠠᠰᠠᠬᠤ ᠦᠷ᠎ᠡ | ᠪᠦᠲᠦᠮᠵᠢ ᠶᠢ ᠦᠨᠡᠨᠬᠦ ᠪᠠᠲᠤᠯᠠᠨ᠎ᠠ᠃ ᠣᠶ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠲᠤᠰᠬᠠᠢ | ᠠᠵᠢᠯᠯᠠᠭ᠎ᠠ ᠶᠢᠨ ᠪᠠᠶᠢᠳᠠᠯ ᠢᠶᠠᠨ ᠲᠡᠷᠡ ᠳᠠᠷᠤᠢ ᠳᠤᠨᠢ ᠣᠶ ᠰᠢᠭᠤᠢ ︵ᠡᠪᠡᠰᠦ︶ ᠶᠢᠨ ᠳᠠᠷᠤᠭ᠎ᠠ ᠳᠤ ᠬᠠᠷᠢᠭᠤ | ᠮᠡᠳᠡᠭᠦᠯᠵᠦ᠂ ᠬᠠᠤᠯᠢ ᠬᠡᠷᠡᠭᠵᠢᠭᠦᠯᠬᠦ ᠬᠦᠴᠦᠨ ᠢ ᠨᠢᠭᠡᠳᠦᠯᠲᠡᠢ ᠲᠥᠯᠥᠪᠯᠡᠨ᠂ ᠳᠣᠲᠣᠭᠠᠳᠤ ᠶᠢ ᠬᠠᠮᠠᠭᠠᠯᠠᠬᠤ᠂ | ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠲᠠᠷᠢᠶᠠᠯᠠᠩ ᠵᠡᠷᠭᠡ ᠰᠠᠯᠠᠭ᠎ᠠ ᠮᠥᠴᠢᠷ | ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠳᠡᠮᠵᠢᠯᠭᠡ ᠣᠯᠬᠤ ᠪᠠᠷ | ᠴᠢᠷᠮᠠᠶᠢᠵᠤ᠂ ᠬᠠᠮᠲᠤᠷᠠᠨ ᠬᠠᠤᠯᠢ ᠬᠡᠷᠡᠭᠵᠢᠭᠦᠯᠵᠦ ᠂ ᠬᠠᠮᠲᠤᠷᠠᠨ ᠬᠡᠷᠡᠭ ᠰᠢᠢᠳᠪᠦᠷᠢᠯᠡᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠬᠤ ᠶᠢ ᠴᠢᠩᠭᠠᠳᠬᠠᠨ᠎ᠠ︔ | ᠬᠡᠷᠡᠭ ᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ | ᠬᠡᠷᠡᠭ ᠢ ᠬᠥᠳᠡᠯᠦᠩᠭᠦᠢ ᠪᠠᠷ ᠬᠦᠴᠦᠨ ᠦᠭᠡᠢ ᠪᠣᠯᠭᠠᠬᠤ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ᠎ᠠ᠃ | ︵ᠳᠥᠷᠪᠡ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠨ᠎ᠠ᠃ ᠥᠷᠭᠡᠨ ᠳᠡᠯᠭᠡᠷᠡᠩᠭᠦᠢ ᠪᠠᠷ ᠤᠬᠠᠭᠤᠯᠵᠤ ᠂ ᠥᠷᠭᠡᠨ ᠤᠯᠠᠨ ᠺᠠᠳ᠋ᠷ ᠤᠯᠠᠨ | ᠲᠦᠮᠡᠨ ᠳᠤ ᠤᠢ ᠰᠢᠭᠤᠢ ᠡᠪᠡᠰᠦ ᠪᠡᠯᠴᠢᠭᠡᠷ ᠢ ᠡᠪᠳᠡᠬᠦ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ | ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ ᠂ ᠲᠤᠰᠬᠠᠢ ᠠᠵᠢᠯᠯᠠᠭ᠎ᠠ ᠶᠢ ᠤᠬᠠᠮᠰᠠᠷ ᠠᠴᠠ ᠪᠠᠨ | ᠳᠡᠮᠵᠢᠬᠦ ᠪᠠ ᠲᠡᠭᠦᠨ ᠳᠤ ᠬᠠᠮᠵᠢᠯᠴᠠᠨ᠎ᠠ᠃ ᠢᠯᠡ ᠲᠣᠳᠣ ᠪᠠᠶᠢᠬᠤ ᠶᠢ ᠪᠠᠷᠢᠮᠲᠠᠯᠠᠵᠤ᠂ ᠨᠡᠶᠢᠭᠡᠮ ᠨᠡᠶᠢᠲᠡ ᠳᠤ | ᠲᠤᠰᠬᠠᠢ ᠴᠡᠭᠴᠡᠯᠡᠨ ᠵᠠᠰᠠᠬᠤ ᠵᠠᠬᠢᠳᠠᠯ ᠰᠣᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠬᠦ ᠤᠲᠠᠰᠤ᠂ ᠵᠠᠬᠢᠳᠠᠯ ᠤᠨ | ᠬᠠᠶᠢᠷᠴᠠᠭ ᠢ ᠨᠡᠶᠢᠲᠡᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ | ᠨᠠᠪᠲᠠᠷᠡᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠣᠶ ᠰᠢᠭᠤᠢ | ᠡᠪᠡᠰᠦ ᠪᠡᠯᠴᠢᠭᠡᠷ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ | ᠬᠠᠤᠯᠢ ᠶᠢ ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ | | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ | | | |