︽ᠤᠷᠠᠨ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢ ᠬᠠᠶᠢᠴᠢᠯᠠᠨ᠎ᠠ︾ — ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠰᠢᠤᠸᠠᠢ ᠶᠢᠨ ᠬᠤᠸᠠ ᠶᠢᠨ ᠪᠦᠲᠦᠭᠡᠯ ᠤᠨ ᠰᠣᠯᠢᠯᠴᠠᠭᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2023/7/10
    ᠣᠶᠢᠷ᠎ᠠ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠰᠢᠤᠸᠠᠢ ᠶᠢᠨ ᠬᠤᠸᠠ ᠶᠢᠨ ᠪᠦᠲᠦᠭᠡᠯ ᠤᠨ ᠰᠣᠯᠢᠯᠴᠠᠭᠠᠨ ᠤ ᠬᠤᠷᠠᠯ ᠮᠠᠨ ᠤ ᠰᠢᠶᠠᠨ ᠳᠤ ᠬᠤᠷᠠᠯᠳᠤᠪᠠ᠃ ᠵᠥᠩ ᠶᠢᠩ ᠪᠢᠶᠣᠣ ᠭᠧ ᠰᠣᠶᠣᠯ ᠤᠨ ᠵᠠᠭᠤᠴᠢᠯᠠᠭᠤᠷ ︵ᠪᠡᠭᠡᠵᠢᠩ︶ ᠤᠨ ᠬᠢᠵᠠᠭᠠᠷᠲᠤ ᠺᠣᠮᠫᠠᠨᠢ᠂ ᠡᠵᠢ ᠮᠧᠶ ᠨᠠᠷᠠᠲᠤ ᠲᠡᠮᠳᠡᠭᠲᠦ ᠶᠢᠨ ᠡᠭᠦᠳᠦᠭᠴᠢ ᠸᠠᠩ ᠸᠧᠨ ᠴᠢ ᠵᠢᠴᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃
01.jpg
    ᠰᠣᠯᠢᠯᠴᠠᠭᠠᠨ ᠤ ᠬᠤᠷᠠᠯ ᠳᠡᠭᠡᠷ᠎ᠡ᠂ ᠵᠥᠩ ᠶᠢᠩ ᠪᠢᠶᠣᠣ ᠭᠧ ᠰᠣᠶᠣᠯ ᠤᠨ ᠵᠠᠭᠤᠴᠢᠯᠠᠭᠤᠷ ᠤᠨ ᠺᠣᠮᠫᠠᠨᠢ ︵ᠪᠡᠭᠡᠵᠢᠩ︶ ᠶᠢᠨ ᠬᠢᠵᠠᠭᠠᠷᠲᠤ ᠺᠣᠮᠫᠠᠨᠢ᠂ᠳ᠋ᠠ ᠮᠠ ᠮᠧᠶ ᠶᠢᠨ ᠨᠡᠷᠡᠲᠦ ᠲᠡᠮᠳᠡᠭ ᠤᠨ ᠡᠭᠦᠳᠦᠭᠴᠢ ᠸᠠᠩ ᠸᠧᠨ ᠴᠢ ᠵᠢᠴᠢ ᠰᠣᠶᠣᠯ ᠤᠨ ᠵᠢᠭᠤᠯᠴᠢᠯᠠᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠶᠠᠷ ᠤᠨ ᠦᠭᠡ ᠬᠡᠯᠡᠬᠦ ᠳᠡᠭᠡᠨ ᠰᠢᠤᠸᠠᠢ ᠶᠢᠨ ᠬᠤᠸᠠ ᠶᠢᠨ ᠤᠷᠠᠯᠢᠭ ᠤᠨ ᠠᠮᠵᠢᠯᠲᠠ ᠪᠦᠲᠦᠮᠵᠢ᠂ ᠪᠣᠳᠠᠰ ᠤᠨ ᠪᠤᠰᠤ ᠥᠪ ᠤᠨ ᠵᠠᠯᠭᠠᠮᠵᠢᠯᠠᠯ ᠵᠡᠷᠭᠡ ᠲᠠᠯ᠎ᠠ  ᠪᠠᠷ ᠦᠵᠡᠭᠦᠯᠦᠭᠰᠡᠨ ᠬᠤᠪᠢ ᠨᠡᠮᠡᠷᠢ ᠶᠢ ᠲᠤᠰ ᠲᠤᠰ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠡᠭᠦᠨ ᠤ ᠬᠠᠮᠲᠤ ᠮᠠᠨ ᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠶᠢ ᠨᠤᠲᠠᠯᠠᠵᠤ ᠂ ᠰᠢᠯᠢᠳᠡᠭ ᠤᠯᠠᠮᠵᠢᠯᠠᠭᠴᠢ ᠨᠡᠩ ᠤᠯᠠᠨ ᠱᠠᠪᠢ ᠠᠪᠴᠤ ᠂ ᠮᠠᠨ ᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠪᠡ᠃

02.jpg

    ᠳᠠᠷᠠᠭ᠎ᠠ ᠨᠢ ᠂ ᠵᠦᠸᠧᠽᠢ ᠰᠢᠶᠠᠨ ᠠᠴᠠ ᠢᠷᠡᠭᠰᠡᠨ ᠰᠥᠸᠧ ᠭᠠᠢ ᠰᠢᠶᠠᠩ ᠱᠠᠪᠢ ᠨᠠᠷ ᠢᠶᠠᠨ ᠲᠥᠯᠥᠭᠡᠯᠡᠨ ᠰᠢᠤᠸᠠᠢ

ᠪᠠᠭᠰᠢ ᠠᠴᠠ ᠰᠤᠷᠤᠯᠴᠠᠭᠰᠠᠨ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ ᠂ ᠰᠢᠤᠸᠠᠢ ᠶᠢᠨ ᠬᠤᠸᠠ ᠶᠢᠨ ᠱᠠᠪᠢ ᠨᠠᠷ 

ᠥᠪᠡᠷ ᠥᠪᠡᠷ ᠤᠨ ᠪᠦᠲᠦᠭᠡᠯ ᠢᠶᠠᠨ ᠳᠡᠯᠭᠡᠨ ᠦᠵᠡᠭᠦᠯᠵᠦ ᠂ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠲᠤᠬᠠᠢ

ᠰᠡᠳᠭᠢᠭᠳᠡᠯ ᠢᠶᠠᠨ ᠬᠤᠪᠢᠶᠠᠯᠴᠠᠵᠤ ᠂ ᠪᠠᠭᠰᠢ ᠱᠠᠪᠢ ᠨᠠᠷ ᠬᠤᠭᠤᠷᠣᠨᠳᠤ ᠪᠠᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠢᠶᠠᠨ

ᠪᠡᠯᠡᠭᠯᠡᠪᠡ ᠃

03.jpg

   

    ᠥᠪᠥᠷ ᠮᠣᠩᠭᠤᠯ ᠤᠨ ᠯᠢᠶᠠᠩ ᠳ᠋ᠣᠣ ᠰᠣᠶᠣᠯ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ

ᠲᠡᠷᠢᠭᠦᠨ ᠲᠤᠰᠢᠶᠠᠯᠲᠠᠨ ᠯᠢᠶᠠᠩ ᠶᠦᠩ ᠬᠤᠩ ᠴᠠᠭᠠᠰᠤᠨ ᠬᠠᠶᠢᠴᠢᠯᠠᠮᠠᠯ ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ

ᠲᠠᠯ᠎ᠠ ᠪᠠᠷ ᠦᠵᠡᠯᠲᠡ ᠪᠠ ᠰᠠᠨᠠᠭᠤᠯᠭ᠎ᠠ ᠳᠤᠷᠠᠳᠪᠠ᠃ ᠲᠠᠷᠠᠭᠠᠴᠢ ᠶᠢᠨ ᠠᠯᠬᠤᠮ ᠳᠤ ᠴᠠᠭᠠᠰᠤᠨ ᠬᠠᠶᠢᠴᠢᠯᠠᠮᠠᠯ ᠤᠨ

ᠤᠷᠠᠯᠢᠭᠴᠢᠳ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰ ᠬᠦᠷᠢᠶᠡᠨ ᠳᠤ ᠪᠠᠷᠢᠮᠵᠢᠶᠠᠵᠢᠭᠤᠯᠬᠤ᠂

ᠵᠠᠬ᠎ᠠ ᠳᠡᠯᠭᠡᠭᠦᠷᠴᠢᠯᠡᠬᠦ᠂ ᠰᠢᠰᠲ᠋ᠧᠮᠵᠢᠭᠦᠯᠬᠦ ᠤᠬᠠᠭᠠᠯᠠᠭ᠎ᠠ ᠬᠢᠵᠦ᠂ ᠬᠤᠸᠠᠳᠧ ᠶᠢᠨ ᠴᠠᠭᠠᠰᠤᠨ ᠬᠠᠶᠢᠴᠢᠯᠠᠮᠠᠯ ᠢ 

ᠬᠤᠸᠠᠳᠧ ᠶᠢᠨ ᠨᠡᠷ᠎ᠡ ᠶᠢᠨ ᠬᠠᠭᠤᠳᠠᠰᠤ ᠪᠣᠯᠭᠠᠨ ᠪᠥᠬᠦ ᠤᠯᠤᠰ ᠲᠤ ᠭᠠᠷᠭᠠᠬᠤ ᠪᠠᠷ ᠴᠢᠷᠮᠠᠶᠢᠨ᠎ᠠ᠃

    ᠲᠤᠰ ᠤᠳᠠᠭ᠎ᠠ ᠶᠢᠨ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ

ᠬᠥᠮᠥᠵᠢᠭᠦᠯᠬᠦ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠬᠤ ᠶᠢ

ᠠᠬᠢᠭᠤᠯᠬᠤ ᠪᠠᠷ ᠬᠠᠷᠠᠯᠲᠠ ᠪᠣᠯᠭᠠᠵᠤ ᠂ ᠳᠤᠮᠳᠠᠳᠤ ᠶᠢᠨ ᠦᠨᠳᠦᠰᠦᠲᠡᠨ ᠤ ᠥᠪᠡᠷᠮᠢᠴᠡ ᠤᠶᠤᠨ ᠰᠠᠨᠠᠭᠠᠨ ᠤ ᠪᠡᠯᠭᠡ

ᠲᠡᠮᠳᠡᠭ ᠢ ᠳᠡᠯᠭᠡᠨ ᠦᠵᠡᠭᠦᠯᠬᠦ ᠶᠢᠨ ᠬᠠᠮᠲᠤ ᠂ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢ

ᠬᠥᠮᠥᠵᠢᠭᠦᠯᠬᠦ ᠰᠢᠰᠲ᠋ᠧᠮ ᠢ ᠴᠢᠨᠠᠭᠰᠢᠳᠠ ᠰᠦᠪᠡᠭᠴᠢᠯᠡᠨ ᠲᠡᠭᠦᠯᠳᠡᠷᠵᠢᠭᠦᠯᠵᠦ ᠂ ᠪᠣᠳᠠᠰ ᠤᠨ ᠪᠤᠰᠤ ᠰᠣᠶᠣᠯ ᠤᠨ ᠥᠪ ᠤᠨ

ᠤᠷ᠎ᠠ ᠮᠡᠷᠭᠡᠵᠢᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃

04.jpg

   

    ᠣᠶᠢᠯᠠᠭᠠᠭᠰᠠᠨ ᠢᠶᠠᠷ᠂ ᠰᠢᠤᠸᠠᠢ ᠶᠢᠨ ᠬᠤᠸᠠ ᠬᠠᠷᠠᠬᠠᠨ ᠪᠠᠭ᠎ᠠ ᠠᠴᠠ ᠪᠠᠨ ᠤᠷᠠᠯᠢᠭ ᠲᠤ ᠪᠠᠭ᠋ᠠᠲᠠᠢ᠂ ᠲᠤᠯᠤᠭᠠᠨ

ᠨᠠᠰᠤᠨ ᠠᠴᠠ ᠪᠠᠨ ᠡᠬᠢᠯᠡᠨ ᠴᠠᠭᠠᠰᠤᠨ ᠬᠠᠶᠢᠴᠢᠯᠠᠮᠠᠯ ᠢ ᠰᠤᠷᠴᠤ᠂ ᠣᠲᠣ ᠪᠣᠯᠲᠠᠯ᠎ᠠ ᠵᠢᠷᠠ ᠭᠠᠷᠤᠢ ᠨᠠᠰᠤᠲᠠᠢ ᠪᠣᠯᠲᠠᠯ᠎ᠠ ᠪᠠᠨ  

ᠴᠦᠬᠦᠷᠡᠯ ᠦᠭᠡᠢ ᠰᠢᠮᠳᠠᠨ ᠰᠤᠷᠤᠯᠴᠠᠭᠰᠠᠭᠠᠷ᠃ ᠰᠢᠤᠸᠠᠢ ᠶᠢᠨ ᠬᠤᠸᠠ ᠰᠤᠷᠭᠠᠭᠤᠯᠢ ᠳᠤ ᠰᠠᠭᠤᠵᠤ ᠥᠩᠭᠡᠷᠡᠭᠰᠡᠨ ᠦᠭᠡᠢ ᠂

ᠡᠳᠦᠭᠡ ᠬᠠᠷᠢᠨ ᠴᠠᠭᠠᠰᠤᠨ ᠬᠠᠶᠢᠴᠢᠯᠠᠮᠠᠯ ᠤᠨ ᠤᠷᠠᠯᠢᠭ ᠢ ᠤᠯᠠᠮᠵᠢᠯᠠᠬᠤ ᠶᠢᠨ ᠲᠥᠯᠥᠭᠡ ᠂ ᠤᠯᠠᠭᠠᠨᠴᠠᠪ ᠬᠤᠳᠠ ᠶᠢᠨ ᠶᠡᠭᠡ

ᠰᠤᠷᠭᠠᠭᠤᠯ᠊ ᠂ ᠳᠤᠮᠳᠠᠳᠤ ᠰᠤᠷᠭᠠᠭᠤᠯᠢ ᠂ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠂ ᠲᠡᠷᠡᠴᠢᠯᠡᠨ ᠨᠡᠶᠢᠭᠡᠮ

ᠲᠣᠭᠤᠷᠢᠭ ᠂ ᠬᠤᠰᠢᠭᠤ ᠰᠢᠶᠠᠨ ᠳᠤ ᠪᠦᠷ ᠰᠢᠤᠸᠠᠢ ᠶᠢᠨ ᠬᠤᠸᠠ ᠶᠢᠨ ᠤᠯᠠ ᠮᠥᠷ ᠲᠠᠢ ᠂ ᠰᠢᠤᠸᠠᠢ ᠶᠢᠨ ᠬᠤᠸᠠ ᠶᠢᠨ 

ᠴᠠᠭᠠᠰᠤᠨ ᠬᠠᠶᠢᠴᠢᠯᠠᠮᠠᠯ ᠤᠨ ᠤᠷᠠᠯᠢᠭ ᠨᠢ ᠤᠯᠠᠨ ᠠᠴᠠ ᠬᠡᠲᠦᠶᠢᠳᠦᠭᠰᠡᠨ᠂ ᠥᠪᠡᠷᠮᠢᠴᠡ ᠣᠨᠴᠠᠯᠢᠭ ᠲᠠᠢ᠂ ᠪᠠᠭ᠎ᠠ ᠪᠦᠲᠦᠭᠡᠯ

 ᠨᠢ ᠬᠤᠶᠠᠷ ᠰᠠᠨᠲ᠋ᠢᠮᠧᠲᠷ ᠬᠦᠷᠬᠦ ᠦᠭᠡᠢ ᠂ ᠶᠡᠭᠡ ᠪᠦᠲᠦᠭᠡᠯ ᠨᠢ ᠬᠤᠷᠢᠨ ᠬᠡᠳᠦᠨ ᠮᠧᠲᠷ ᠤᠷᠳᠤ ᠂ ᠢᠯᠡᠷᠡᠭᠦᠯᠦᠯ ᠤᠨ ᠠᠷᠭ᠎ᠠ

ᠪᠠᠷᠢᠯ ᠨᠢ ᠠᠮᠢᠳᠤᠯᠢᠭ ᠪᠥᠭᠡᠳ ᠬᠤᠪᠢᠷᠠᠯᠲᠠ ᠶᠡᠬᠡᠲᠡᠢ ᠂ ᠲᠠᠩ ᠥᠩᠭᠡ ᠶᠢᠨ ᠬᠠᠶᠢᠴᠢᠯᠠᠮᠠᠯ ᠲᠠᠢ ᠂ ᠪᠠᠰᠠ ᠥᠩᠭᠡ ᠲᠣᠬᠤᠬᠤ

ᠬᠠᠶᠢᠴᠢᠯᠠᠮᠠᠯ ᠲᠠᠢ ᠃ ᠰᠢᠤᠸᠠᠢ ᠶᠢᠨ ᠬᠤᠸᠠ ᠶᠢᠨ ᠵᠢᠯ ᠪᠦᠷᠢ ᠶᠢᠨ ᠰᠢᠨ᠎ᠡ ᠪᠠᠷ ᠡᠭᠦᠳᠦᠭᠰᠡᠨ ᠪᠦᠲᠦᠭᠡᠯ ᠵᠠᠭᠤ ᠭᠠᠷᠤᠢ

ᠪᠠᠶᠢᠵᠤ ᠂ ᠡᠭᠦᠨ ᠤ ᠳᠣᠲᠣᠷ᠎ᠠ ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠱᠠᠩᠨᠠᠯ ᠢ ᠭᠥᠷᠳᠡᠭᠰᠡᠨ

ᠪᠦᠲᠦᠭᠡᠯ ᠭᠤᠴᠢ ᠭᠠᠷᠤᠢ ᠪᠠᠶᠢᠵᠤ ᠂ ᠲᠤᠰ ᠪᠦᠷᠢ ᠠᠯᠳᠠ᠂ ᠮᠥᠩᠭᠦ ᠂ ᠭᠠᠤᠯᠢ ᠂ ᠰᠢᠯᠢᠳᠡᠭ ᠱᠠᠩᠨᠠᠯ ᠬᠦᠷᠲᠡᠵᠡᠢ ᠃ 2016

ᠣᠨ ᠳᠤ᠂ ᠰᠢᠤᠸᠠᠢ ᠶᠢᠨ ᠬᠤᠸᠠ ᠶᠢᠨ ᠴᠠᠭᠠᠰᠤᠨ ᠬᠠᠶᠢᠴᠢᠯᠠᠮᠠᠯ  ᠨᠢ ᠥᠪᠡᠷᠲᠡᠭᠡᠨ ᠵᠠᠰᠠᠬᠤ ᠣᠷᠣᠨ ᠤ ᠲᠠᠰ ᠤᠨ

ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢᠶᠠᠷ ᠦᠨᠡᠯᠡᠨ  ᠲᠤᠭᠲᠠᠭᠠᠭᠳᠠᠵᠤ ᠂ ᠲᠣᠰ ᠬᠥᠮᠥᠨ ᠨᠢ ᠴᠦ

ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠲᠥᠯᠥᠭᠡᠯᠡᠬᠦ

ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠪᠠᠷ ᠦᠨᠡᠯᠡᠨ ᠲᠣᠭᠲᠠᠭᠠᠭᠳᠠᠭᠰᠠᠨ ᠪᠠᠶᠢᠨ᠎ᠠ᠃ 2018 ᠣᠨ ᠤ 9 ᠰᠠᠷ᠎ᠠ ᠳᠤ᠂ ︽

ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠰᠤᠷᠤᠯᠴᠠᠯᠭ᠎ᠠ ᠶᠢᠨ ᠣᠳᠣᠨ︾ ᠬᠡᠮᠡᠭᠳᠡᠵᠦ᠂ ᠲᠣᠰ ᠵᠢᠯ ᠤᠨ 10

ᠰᠠᠷ᠎ᠠ ᠳᠤ ᠤᠯᠤᠰ ᠤᠨ ︽ᠠᠷᠠᠳ ᠢᠷᠭᠡᠳ ᠤᠨ ᠰᠤᠷᠤᠯᠴᠠᠯᠭ᠎ᠠ ᠶᠢᠨ ᠣᠳᠣᠨ︾ ᠢᠶᠠᠷ ᠦᠨᠡᠯᠡᠭᠳᠡᠪᠡ᠃ ᠤᠳᠤ ᠳᠤᠮᠳᠠᠳᠤ

ᠤᠯᠤᠰ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠴᠠᠭᠠᠰᠤᠨ

ᠬᠠᠶᠢᠴᠢᠯᠠᠮᠠᠯ ᠤᠨ ᠨᠡᠶᠢᠭᠡᠮᠯᠢᠭ ᠤᠨ ᠭᠡᠰᠢᠭᠦᠨ᠂ ᠤᠯᠠᠭᠠᠨᠴᠠᠪ ᠬᠤᠳᠠ ᠶᠢᠨ ᠤᠷᠠᠨ ᠪᠢᠴᠢᠯᠭᠡ ᠤᠷᠠᠨ ᠵᠢᠷᠤᠭ ᠤᠨ

ᠬᠦᠷᠢᠶᠡᠯᠡᠩ ᠤᠨ ᠠᠺᠠᠳᠧᠮᠢᠴᠢ ᠂ ᠬᠤᠸᠠᠳᠧ ᠰᠢᠶᠠᠨ ᠤ ᠦᠨᠳᠦᠰᠦᠲᠡᠨ ᠤ ᠨᠡᠶᠢᠭᠡᠮᠯᠢᠭ ᠤᠨ ᠲᠡᠷᠢᠭᠦᠯᠡᠭᠴᠢ ᠶᠢᠨ ᠲᠤᠰᠢᠶᠠᠯ ᠢ

ᠬᠠᠷᠢᠭᠤᠴᠠᠵᠤ ᠪᠤᠢ ᠃

    ᠪᠡᠭᠡᠵᠢᠩ ᠬᠤᠳᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠤᠨ ᠰᠠᠶᠢᠨ ᠳᠤᠷ᠎ᠠ ᠶᠢᠨ ᠠᠵᠢᠯᠯᠠᠭᠴᠢ

ᠶᠤᠸᠠᠨ ᠰᠢᠶᠠᠩ ᠭᠠᠨ᠂ ᠬᠤᠸᠠᠳᠧ ᠰᠢᠶᠠᠨ ᠤ ᠪᠣᠭᠤᠮᠲᠠ ᠶᠢᠨ ᠠᠵᠢᠯ ᠤᠨ ᠵᠥᠪᠯᠡᠯ ᠵᠢᠴᠢ ᠬᠤᠸᠠᠳᠧ ᠰᠢᠶᠠᠨ ᠤ ᠬᠠᠶᠢᠷ᠎ᠠ

ᠬᠠᠯᠠᠮᠵᠢ ᠬᠦᠷᠳᠡᠭᠴᠢ ᠵᠡᠷᠭᠡ ᠬᠤᠷᠢ ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2