︽ᠤᠷᠠᠨ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢ ᠬᠠᠶᠢᠴᠢᠯᠠᠨ᠎ᠠ︾ — ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠰᠢᠤᠸᠠᠢ ᠶᠢᠨ ᠬᠤᠸᠠ ᠶᠢᠨ ᠪᠦᠲᠦᠭᠡᠯ ᠤᠨ ᠰᠣᠯᠢᠯᠴᠠᠭᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2023/7/10
    ᠣᠶᠢᠷ᠎ᠠ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠰᠢᠤᠸᠠᠢ ᠶᠢᠨ ᠬᠤᠸᠠ ᠶᠢᠨ ᠪᠦᠲᠦᠭᠡᠯ ᠤᠨ ᠰᠣᠯᠢᠯᠴᠠᠭᠠᠨ ᠤ ᠬᠤᠷᠠᠯ ᠮᠠᠨ ᠤ ᠰᠢᠶᠠᠨ ᠳᠤ ᠬᠤᠷᠠᠯᠳᠤᠪᠠ᠃ ᠵᠥᠩ ᠶᠢᠩ ᠪᠢᠶᠣᠣ ᠭᠧ ᠰᠣᠶᠣᠯ ᠤᠨ ᠵᠠᠭᠤᠴᠢᠯᠠᠭᠤᠷ ︵ᠪᠡᠭᠡᠵᠢᠩ︶ ᠤᠨ ᠬᠢᠵᠠᠭᠠᠷᠲᠤ ᠺᠣᠮᠫᠠᠨᠢ᠂ ᠡᠵᠢ ᠮᠧᠶ ᠨᠠᠷᠠᠲᠤ ᠲᠡᠮᠳᠡᠭᠲᠦ ᠶᠢᠨ ᠡᠭᠦᠳᠦᠭᠴᠢ ᠸᠠᠩ ᠸᠧᠨ ᠴᠢ ᠵᠢᠴᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃

01.jpg

    ᠰᠣᠯᠢᠯᠴᠠᠭᠠᠨ ᠤ ᠬᠤᠷᠠᠯ ᠳᠡᠭᠡᠷ᠎ᠡ᠂ ᠵᠥᠩ ᠶᠢᠩ ᠪᠢᠶᠣᠣ ᠭᠧ ᠰᠣᠶᠣᠯ ᠤᠨ ᠵᠠᠭᠤᠴᠢᠯᠠᠭᠤᠷ ᠤᠨ ᠺᠣᠮᠫᠠᠨᠢ ︵

ᠪᠡᠭᠡᠵᠢᠩ︶ ᠶᠢᠨ ᠬᠢᠵᠠᠭᠠᠷᠲᠤ ᠺᠣᠮᠫᠠᠨᠢ᠂ᠳ᠋ᠠ ᠮᠠ ᠮᠧᠶ ᠶᠢᠨ ᠨᠡᠷᠡᠲᠦ ᠲᠡᠮᠳᠡᠭ ᠤᠨ ᠡᠭᠦᠳᠦᠭᠴᠢ ᠸᠠᠩ ᠸᠧᠨ ᠴᠢ

ᠵᠢᠴᠢ ᠰᠣᠶᠣᠯ ᠤᠨ ᠵᠢᠭᠤᠯᠴᠢᠯᠠᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠶᠠᠷ ᠤᠨ ᠦᠭᠡ ᠬᠡᠯᠡᠬᠦ ᠳᠡᠭᠡᠨ

ᠰᠢᠤᠸᠠᠢ ᠶᠢᠨ ᠬᠤᠸᠠ ᠶᠢᠨ ᠤᠷᠠᠯᠢᠭ ᠤᠨ ᠠᠮᠵᠢᠯᠲᠠ ᠪᠦᠲᠦᠮᠵᠢ᠂ ᠪᠣᠳᠠᠰ ᠤᠨ ᠪᠤᠰᠤ ᠥᠪ ᠤᠨ ᠵᠠᠯᠭᠠᠮᠵᠢᠯᠠᠯ ᠵᠡᠷᠭᠡ

ᠲᠠᠯ᠎ᠠ  ᠪᠠᠷ ᠦᠵᠡᠭᠦᠯᠦᠭᠰᠡᠨ ᠬᠤᠪᠢ ᠨᠡᠮᠡᠷᠢ ᠶᠢ ᠲᠤᠰ ᠲᠤᠰ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃

ᠡᠭᠦᠨ ᠤ ᠬᠠᠮᠲᠤ ᠮᠠᠨ ᠤ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠲᠠᠯ᠎ᠠ ᠪᠠᠷ

ᠭᠠᠷᠭᠠᠭᠰᠠᠨ ᠴᠢᠷᠮᠠᠶᠢᠯᠭ᠎ᠠ ᠶᠢ ᠨᠤᠲᠠᠯᠠᠵᠤ ᠂ ᠰᠢᠯᠢᠳᠡᠭ ᠤᠯᠠᠮᠵᠢᠯᠠᠭᠴᠢ ᠨᠡᠩ ᠤᠯᠠᠨ ᠱᠠᠪᠢ ᠠᠪᠴᠤ ᠂ ᠮᠠᠨ ᠤ

ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠪᠡ᠃

02.jpg

    ᠳᠠᠷᠠᠭ᠎ᠠ ᠨᠢ ᠂ ᠵᠦᠸᠧᠽᠢ ᠰᠢᠶᠠᠨ ᠠᠴᠠ ᠢᠷᠡᠭᠰᠡᠨ ᠰᠥᠸᠧ ᠭᠠᠢ ᠰᠢᠶᠠᠩ ᠱᠠᠪᠢ ᠨᠠᠷ ᠢᠶᠠᠨ ᠲᠥᠯᠥᠭᠡᠯᠡᠨ

ᠰᠢᠤᠸᠠᠢ ᠪᠠᠭᠰᠢ ᠠᠴᠠ ᠰᠤᠷᠤᠯᠴᠠᠭᠰᠠᠨ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ ᠂ ᠰᠢᠤᠸᠠᠢ ᠶᠢᠨ ᠬᠤᠸᠠ ᠶᠢᠨ 

ᠱᠠᠪᠢ ᠨᠠᠷ ᠥᠪᠡᠷ ᠥᠪᠡᠷ ᠤᠨ ᠪᠦᠲᠦᠭᠡᠯ ᠢᠶᠠᠨ ᠳᠡᠯᠭᠡᠨ ᠦᠵᠡᠭᠦᠯᠵᠦ ᠂ ᠴᠠᠭᠠᠰᠤᠨ ᠬᠠᠶᠢᠴᠢᠯᠠᠮᠠᠯ ᠤᠨ ᠤᠷᠠᠯᠢᠭ ᠤᠨ 

ᠲᠤᠬᠠᠢ ᠰᠡᠳᠭᠢᠭᠳᠡᠯ ᠢᠶᠠᠨ ᠬᠤᠪᠢᠶᠠᠯᠴᠠᠵᠤ ᠂ ᠪᠠᠭᠰᠢ ᠱᠠᠪᠢ ᠨᠠᠷ ᠬᠤᠭᠤᠷᠣᠨᠳᠤ ᠪᠠᠨ ᠴᠠᠭᠠᠰᠤᠨ ᠬᠠᠶᠢᠴᠢᠯᠠᠮᠠᠯ ᠤᠨ

ᠪᠦᠲᠦᠭᠡᠯ ᠢᠶᠠᠨ ᠪᠡᠯᠡᠭᠯᠡᠪᠡ ᠃

03.jpg

    ᠥᠪᠥᠷ ᠮᠣᠩᠭᠤᠯ ᠤᠨ ᠯᠢᠶᠠᠩ ᠳ᠋ᠣᠣ ᠰᠣᠶᠣᠯ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ

ᠡᠵᠡᠩᠨᠡᠯᠲᠡ ᠶᠢᠨ ᠲᠡᠷᠢᠭᠦᠨ ᠲᠤᠰᠢᠶᠠᠯᠲᠠᠨ ᠯᠢᠶᠠᠩ ᠶᠦᠩ ᠬᠤᠩ ᠴᠠᠭᠠᠰᠤᠨ ᠬᠠᠶᠢᠴᠢᠯᠠᠮᠠᠯ ᠤᠨ ᠵᠠᠬ᠎ᠠ ᠳᠡᠯᠭᠡᠭᠦᠷ ᠤᠨ

ᠡᠵᠡᠩᠨᠡᠨ ᠪᠣᠷᠣᠯᠠᠭᠤᠯᠬᠤ ᠲᠠᠯ᠎ᠠ ᠪᠠᠷ ᠦᠵᠡᠯᠲᠡ ᠪᠠ ᠰᠠᠨᠠᠭᠤᠯᠭ᠎ᠠ ᠳᠤᠷᠠᠳᠪᠠ᠃ ᠲᠠᠷᠠᠭᠠᠴᠢ ᠶᠢᠨ ᠠᠯᠬᠤᠮ ᠳᠤ

ᠴᠠᠭᠠᠰᠤᠨ ᠬᠠᠶᠢᠴᠢᠯᠠᠮᠠᠯ ᠤᠨ ᠤᠷᠠᠯᠢᠭᠴᠢᠳ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰ

ᠬᠦᠷᠢᠶᠡᠨ ᠳᠤ ᠪᠠᠷᠢᠮᠵᠢᠶᠠᠵᠢᠭᠤᠯᠬᠤ᠂ ᠵᠠᠬ᠎ᠠ ᠳᠡᠯᠭᠡᠭᠦᠷᠴᠢᠯᠡᠬᠦ᠂ ᠰᠢᠰᠲ᠋ᠧᠮᠵᠢᠭᠦᠯᠬᠦ ᠤᠬᠠᠭᠠᠯᠠᠭ᠎ᠠ ᠬᠢᠵᠦ᠂ 

ᠬᠤᠸᠠᠳᠧ ᠶᠢᠨ ᠴᠠᠭᠠᠰᠤᠨ ᠬᠠᠶᠢᠴᠢᠯᠠᠮᠠᠯ ᠢ ᠬᠤᠸᠠᠳᠧ ᠶᠢᠨ ᠨᠡᠷ᠎ᠡ ᠶᠢᠨ ᠬᠠᠭᠤᠳᠠᠰᠤ ᠪᠣᠯᠭᠠᠨ ᠪᠥᠬᠦ ᠤᠯᠤᠰ ᠲᠤ

ᠭᠠᠷᠭᠠᠬᠤ ᠪᠠᠷ ᠴᠢᠷᠮᠠᠶᠢᠨ᠎ᠠ᠃

    ᠲᠤᠰ ᠤᠳᠠᠭ᠎ᠠ ᠶᠢᠨ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠬᠦ

ᠴᠢᠳᠠᠪᠤᠷᠢᠲᠠᠨ ᠢ ᠬᠥᠮᠥᠵᠢᠭᠦᠯᠬᠦ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠶᠢᠭᠡᠮ ᠵᠢᠷᠤᠮᠲᠤ

ᠨᠡᠶᠢᠭᠡᠮ ᠲᠠᠢ ᠵᠣᠬᠢᠴᠠᠭᠤᠯᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ ᠂ ᠳᠤᠮᠳᠠᠳᠤ ᠶᠢᠨ ᠦᠨᠳᠦᠰᠦᠲᠡᠨ ᠤ

ᠥᠪᠡᠷᠮᠢᠴᠡ ᠤᠶᠤᠨ ᠰᠠᠨᠠᠭᠠᠨ ᠤ ᠪᠡᠯᠭᠡ ᠲᠡᠮᠳᠡᠭ ᠢ ᠳᠡᠯᠭᠡᠨ ᠦᠵᠡᠭᠦᠯᠬᠦ ᠶᠢᠨ ᠬᠠᠮᠲᠤ ᠂ ᠪᠣᠳᠠᠰ ᠤᠨ ᠪᠤᠰᠤ

ᠰᠣᠶᠣᠯ ᠤᠨ ᠥᠪ ᠤᠨ ᠵᠠᠯᠭᠠᠮᠵᠢᠯᠠᠭᠴᠢ ᠶᠢ ᠬᠥᠮᠥᠵᠢᠭᠦᠯᠬᠦ ᠰᠢᠰᠲ᠋ᠧᠮ ᠢ ᠴᠢᠨᠠᠭᠰᠢᠳᠠ ᠰᠦᠪᠡᠭᠴᠢᠯᠡᠨ

ᠲᠡᠭᠦᠯᠳᠡᠷᠵᠢᠭᠦᠯᠵᠦ ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠤᠯᠠᠮᠵᠢᠯᠠᠨ ᠬᠥᠭᠵᠢᠭᠦᠯᠬᠦ ᠶᠢ

ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠡᠢ᠃

04.jpg

    ᠣᠶᠢᠯᠠᠭᠠᠭᠰᠠᠨ ᠢᠶᠠᠷ᠂ ᠰᠢᠤᠸᠠᠢ ᠶᠢᠨ ᠬᠤᠸᠠ ᠬᠠᠷᠠᠬᠠᠨ ᠪᠠᠭ᠎ᠠ ᠠᠴᠠ ᠪᠠᠨ ᠤᠷᠠᠯᠢᠭ ᠲᠤ ᠪᠠᠭ᠋ᠠᠲᠠᠢ᠂ ᠲᠤᠯᠤᠭᠠᠨ

ᠨᠠᠰᠤᠨ ᠠᠴᠠ ᠪᠠᠨ ᠡᠬᠢᠯᠡᠨ ᠴᠠᠭᠠᠰᠤᠨ ᠬᠠᠶᠢᠴᠢᠯᠠᠮᠠᠯ ᠢ ᠰᠤᠷᠴᠤ᠂ ᠣᠲᠣ ᠪᠣᠯᠲᠠᠯ᠎ᠠ ᠵᠢᠷᠠ ᠭᠠᠷᠤᠢ ᠨᠠᠰᠤᠲᠠᠢ 

ᠪᠣᠯᠲᠠᠯ᠎ᠠ ᠪᠠᠨ  ᠴᠦᠬᠦᠷᠡᠯ ᠦᠭᠡᠢ ᠰᠢᠮᠳᠠᠨ ᠰᠤᠷᠤᠯᠴᠠᠭᠰᠠᠭᠠᠷ᠃ ᠰᠢᠤᠸᠠᠢ ᠶᠢᠨ ᠬᠤᠸᠠ ᠰᠤᠷᠭᠠᠭᠤᠯᠢ ᠳᠤ ᠰᠠᠭᠤᠵᠤ

ᠥᠩᠭᠡᠷᠡᠭᠰᠡᠨ ᠦᠭᠡᠢ ᠂ ᠡᠳᠦᠭᠡ ᠬᠠᠷᠢᠨ ᠴᠠᠭᠠᠰᠤᠨ ᠬᠠᠶᠢᠴᠢᠯᠠᠮᠠᠯ ᠤᠨ ᠤᠷᠠᠯᠢᠭ ᠢ ᠤᠯᠠᠮᠵᠢᠯᠠᠬᠤ ᠶᠢᠨ ᠲᠥᠯᠥᠭᠡ ᠂

ᠤᠯᠠᠭᠠᠨᠴᠠᠪ ᠬᠤᠳᠠ ᠶᠢᠨ ᠶᠡᠭᠡ ᠰᠤᠷᠭᠠᠭᠤᠯ᠊ ᠂ ᠳᠤᠮᠳᠠᠳᠤ ᠰᠤᠷᠭᠠᠭᠤᠯᠢ ᠂ ᠪᠠᠭ᠎ᠠ ᠰᠤᠷᠭᠠᠭᠤᠯᠢ ᠂ ᠬᠡᠦᠬᠡᠳ ᠤᠨ

ᠴᠡᠴᠡᠷᠯᠢᠭ ᠂ ᠲᠡᠷᠡᠴᠢᠯᠡᠨ ᠨᠡᠶᠢᠭᠡᠮ ᠲᠣᠭᠤᠷᠢᠭ ᠂ ᠬᠤᠰᠢᠭᠤ ᠰᠢᠶᠠᠨ ᠳᠤ ᠪᠦᠷ ᠰᠢᠤᠸᠠᠢ ᠶᠢᠨ ᠬᠤᠸᠠ ᠶᠢᠨ ᠤᠯᠠ

ᠮᠥᠷ ᠲᠠᠢ ᠂ ᠰᠢᠤᠸᠠᠢ ᠶᠢᠨ ᠬᠤᠸᠠ ᠶᠢᠨ ᠴᠠᠭᠠᠰᠤᠨ ᠬᠠᠶᠢᠴᠢᠯᠠᠮᠠᠯ ᠤᠨ ᠤᠷᠠᠯᠢᠭ ᠨᠢ ᠤᠯᠠᠨ ᠠᠴᠠ ᠬᠡᠲᠦᠶᠢᠳᠦᠭᠰᠡᠨ᠂

ᠥᠪᠡᠷᠮᠢᠴᠡ ᠣᠨᠴᠠᠯᠢᠭ ᠲᠠᠢ᠂ ᠪᠠᠭ᠎ᠠ ᠪᠦᠲᠦᠭᠡᠯ ᠨᠢ ᠬᠤᠶᠠᠷ ᠰᠠᠨᠲ᠋ᠢᠮᠧᠲᠷ ᠬᠦᠷᠬᠦ ᠦᠭᠡᠢ ᠂ ᠶᠡᠭᠡ ᠪᠦᠲᠦᠭᠡᠯ ᠨᠢ

ᠬᠤᠷᠢᠨ ᠬᠡᠳᠦᠨ ᠮᠧᠲᠷ ᠤᠷᠳᠤ ᠂ ᠢᠯᠡᠷᠡᠭᠦᠯᠦᠯ ᠤᠨ ᠠᠷᠭ᠎ᠠ ᠪᠠᠷᠢᠯ ᠨᠢ ᠠᠮᠢᠳᠤᠯᠢᠭ ᠪᠥᠭᠡᠳ ᠬᠤᠪᠢᠷᠠᠯᠲᠠ ᠶᠡᠬᠡᠲᠡᠢ ᠂

ᠲᠠᠩ ᠥᠩᠭᠡ ᠶᠢᠨ ᠬᠠᠶᠢᠴᠢᠯᠠᠮᠠᠯ ᠲᠠᠢ ᠂ ᠪᠠᠰᠠ ᠥᠩᠭᠡ ᠲᠣᠬᠤᠬᠤ ᠬᠠᠶᠢᠴᠢᠯᠠᠮᠠᠯ ᠲᠠᠢ ᠃ ᠰᠢᠤᠸᠠᠢ ᠶᠢᠨ

ᠬᠤᠸᠠ ᠶᠢᠨ ᠵᠢᠯ ᠪᠦᠷᠢ ᠶᠢᠨ ᠰᠢᠨ᠎ᠡ ᠪᠠᠷ ᠡᠭᠦᠳᠦᠭᠰᠡᠨ ᠪᠦᠲᠦᠭᠡᠯ ᠵᠠᠭᠤ ᠭᠠᠷᠤᠢ ᠪᠠᠶᠢᠵᠤ ᠂ ᠡᠭᠦᠨ ᠤ ᠳᠣᠲᠣᠷ᠎ᠠ

ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠱᠠᠩᠨᠠᠯ ᠢ ᠭᠥᠷᠳᠡᠭᠰᠡᠨ ᠪᠦᠲᠦᠭᠡᠯ ᠭᠤᠴᠢ ᠭᠠᠷᠤᠢ

ᠪᠠᠶᠢᠵᠤ ᠂ ᠲᠤᠰ ᠪᠦᠷᠢ ᠠᠯᠳᠠ᠂ ᠮᠥᠩᠭᠦ ᠂ ᠭᠠᠤᠯᠢ ᠂ ᠰᠢᠯᠢᠳᠡᠭ ᠱᠠᠩᠨᠠᠯ ᠬᠦᠷᠲᠡᠵᠡᠢ ᠃ 2016 ᠣᠨ ᠳᠤ᠂

ᠰᠢᠤᠸᠠᠢ ᠶᠢᠨ ᠬᠤᠸᠠ ᠶᠢᠨ ᠴᠠᠭᠠᠰᠤᠨ ᠬᠠᠶᠢᠴᠢᠯᠠᠮᠠᠯ  ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ

ᠪᠤᠰᠤ ᠰᠣᠶᠣᠯ ᠤᠨ ᠥᠪ ᠤᠨ ᠲᠥᠷᠥᠯ ᠵᠦᠢᠯ ᠢᠶᠠᠷ ᠦᠨᠡᠯᠡᠨ  ᠲᠤᠭᠲᠠᠭᠠᠭᠳᠠᠵᠤ ᠂ ᠲᠣᠰ ᠬᠥᠮᠥᠨ ᠨᠢ ᠴᠦ

ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ

ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠪᠠᠷ ᠦᠨᠡᠯᠡᠨ ᠲᠣᠭᠲᠠᠭᠠᠭᠳᠠᠭᠰᠠᠨ ᠪᠠᠶᠢᠨ᠎ᠠ᠃ 2018

ᠣᠨ ᠤ 9 ᠰᠠᠷ᠎ᠠ ᠳᠤ᠂ ︽ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠰᠤᠷᠤᠯᠴᠠᠯᠭ᠎ᠠ ᠶᠢᠨ ᠣᠳᠣᠨ︾

ᠬᠡᠮᠡᠭᠳᠡᠵᠦ᠂ ᠲᠣᠰ ᠵᠢᠯ ᠤᠨ 10 ᠰᠠᠷ᠎ᠠ ᠳᠤ ᠤᠯᠤᠰ ᠤᠨ ︽ᠠᠷᠠᠳ ᠢᠷᠭᠡᠳ ᠤᠨ ᠰᠤᠷᠤᠯᠴᠠᠯᠭ᠎ᠠ ᠶᠢᠨ ᠣᠳᠣᠨ︾

 ᠢᠶᠠᠷ ᠦᠨᠡᠯᠡᠭᠳᠡᠪᠡ᠃ ᠤᠳᠤ ᠳᠤᠮᠳᠠᠳᠤ ᠤᠯᠤᠰ ᠤᠨ ᠠᠷᠠᠳ ᠤᠨ ᠤᠳᠬ᠎ᠠ ᠤᠷᠠᠯᠢᠭᠴᠢᠳ ᠤᠨ ᠨᠡᠶᠢᠭᠡᠮᠯᠢᠭ ᠤᠨ

ᠭᠡᠰᠢᠭᠦᠨ᠂ ᠥᠪᠥᠷ ᠮᠣᠩᠭᠤᠯ ᠤᠨ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠤᠨ ᠭᠡᠰᠢᠭᠦᠨ᠂ ᠤᠯᠠᠭᠠᠨᠴᠠᠪ

ᠬᠤᠳᠠ ᠶᠢᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠠᠺᠠᠳᠧᠮᠢᠴᠢ ᠂ ᠬᠤᠸᠠᠳᠧ ᠰᠢᠶᠠᠨ ᠤ

ᠦᠨᠳᠦᠰᠦᠲᠡᠨ ᠤ ᠨᠡᠶᠢᠭᠡᠮᠯᠢᠭ ᠤᠨ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠤᠢ ᠃

    ᠪᠡᠭᠡᠵᠢᠩ ᠬᠤᠳᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠤᠨ ᠰᠠᠶᠢᠨ ᠳᠤᠷ᠎ᠠ ᠶᠢᠨ

ᠠᠵᠢᠯᠯᠠᠭᠴᠢ ᠶᠤᠸᠠᠨ ᠰᠢᠶᠠᠩ ᠭᠠᠨ᠂ ᠬᠤᠸᠠᠳᠧ ᠰᠢᠶᠠᠨ ᠤ ᠪᠣᠭᠤᠮᠲᠠ ᠶᠢᠨ ᠠᠵᠢᠯ ᠤᠨ ᠵᠥᠪᠯᠡᠯ ᠵᠢᠴᠢ ᠬᠤᠸᠠᠳᠧ

ᠰᠢᠶᠠᠨ ᠤ ᠬᠠᠶᠢᠷ᠎ᠠ ᠬᠠᠯᠠᠮᠵᠢ ᠬᠦᠷᠳᠡᠭᠴᠢ ᠵᠡᠷᠭᠡ ᠬᠤᠷᠢ ᠭᠠᠷᠤᠢ ᠬᠥᠮᠥᠨ ᠠᠵᠢᠯᠯᠠᠭ᠎ᠠ ᠳᠤ ᠣᠷᠣᠯᠴᠠᠪᠠ᠃

 

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 

 

 

 

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2