ᠪᠡᠭᠡᠵᠢᠩ ᠬᠤᠲᠠ ᠶᠢᠨ ᠳ᠋ᠦ᠋ᠩᠴᠧᠩ ᠲᠣᠭᠤᠷᠢᠭ ᠤᠨ ᠾᠧ ᠫᠢᠩ ᠯᠢ ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠵᠢᠴᠢ ᠲᠤᠰᠬᠠᠢ ᠮᠡᠷᠭᠡᠵᠢᠯᠲᠡᠳ ᠮᠠᠨ ᠤ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/14
    ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 7 ᠰᠠᠷ᠎ᠠ ᠶᠢᠨ 12 ᠤᠨ ᠡᠳᠦᠷ᠂ ᠪᠡᠭᠡᠵᠢᠩ ᠬᠤᠲᠠ ᠶᠢᠨ ᠳ᠋ᠦ᠋ᠩᠴᠸᠡᠭ ᠲᠣᠭᠤᠷᠢᠭ ᠤᠨ ᠾᠧ ᠫᠢᠩ ᠯᠢ ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠵᠢᠴᠢ ᠲᠤᠰᠬᠠᠢ ᠮᠡᠷᠭᠡᠵᠢᠯᠲᠡᠨ ᠨᠠᠷ ᠮᠠᠨ ᠤ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠦᠭᠰᠡᠨ ᠪᠥᠭᠡᠳ ᠬᠠᠪᠰᠤᠷᠤᠨ ᠲᠡᠳᠬᠦᠬᠦ ᠠᠵᠢᠯ ᠤᠨ ᠲᠤᠬᠠᠢ ᠮᠠᠨ ᠤ ᠬᠤᠷᠢᠶ᠎ᠠ ᠲᠠᠢ ᠶᠠᠷᠢᠯᠴᠠᠬᠤ ᠬᠤᠷᠠᠯ ᠬᠢᠪᠡ᠃

10.jpg

     ᠬᠤᠷᠠᠯ ᠳᠡᠭᠡᠷ᠎ᠡ᠂ ᠨᠠᠮ ᠤᠨ ᠡᠭᠦᠷ ᠤᠨ ᠱᠦᠵᠢ ᠵᠤᠤ ᠹᠧᠢ ᠂ ᠶᠠᠩ ᠢᠦᠢ ᠱᠦᠵᠢ ᠨᠠᠷ ᠤᠨ ᠬᠦᠷᠦᠯᠴᠡᠨ

ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ ᠂ ᠡᠭᠦᠨ ᠤ ᠬᠠᠮᠲᠤ ᠮᠠᠨ ᠤ ᠡᠮᠨᠡᠯᠭᠡ ᠶᠢᠨ

ᠬᠤᠷᠢᠶᠠᠨ ᠤ ᠪᠡᠭᠡᠵᠢᠩ ᠬᠤᠲᠠ ᠶᠢᠨ ᠳ᠋ᠦ᠋ᠩᠴᠧᠩ ᠲᠣᠭᠤᠷᠢᠭ ᠤᠨ ᠾᠧ ᠫᠢᠩ ᠯᠢ ᠡᠮᠨᠡᠯᠭᠡ ᠶᠢᠨ ᠬᠤᠷᠢᠶ᠎ᠠ ᠲᠠᠢ

ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠤᠭᠰᠠᠨ ᠠᠴᠠ ᠨᠠᠰᠢᠬᠢ ᠠᠵᠢᠯ ᠤᠨ ᠪᠠᠶᠢᠳᠠᠯ ᠵᠢᠴᠢ ᠬᠠᠪᠰᠤᠷᠤᠨ

ᠲᠡᠳᠬᠦᠭᠰᠡᠨ ᠦᠷ᠎ᠡ ᠪᠦᠲᠦᠮᠵᠢ ᠶᠢ ᠲᠠᠨᠢᠯᠴᠠᠭᠤᠯᠬᠤ ᠶᠢᠨ ᠬᠠᠮᠲᠤ ᠪᠡᠭᠡᠵᠢᠩ ᠬᠤᠲᠠ ᠶᠢᠨ ᠳ᠋ᠦ᠋ᠩᠴᠧᠩ

ᠲᠣᠭᠤᠷᠢᠭ ᠤᠨ ᠾᠧ ᠫᠢᠩ ᠯᠢ ᠡᠮᠨᠡᠯᠭᠡ ᠶᠢᠨ ᠬᠤᠷᠢᠶᠠᠨ ᠤ ᠤᠳᠤᠷᠢᠳᠤᠯᠭ᠎ᠠ ᠪᠣᠯᠣᠨ ᠲᠤᠰᠬᠠᠢ ᠮᠡᠷᠭᠡᠵᠢᠯᠲᠡᠳ ᠤᠨ

ᠬᠤᠶᠢᠰᠢᠳᠠ ᠶᠢᠨ ᠬᠠᠪᠰᠤᠷᠤᠨ ᠲᠡᠳᠬᠦᠬᠦ ᠠᠵᠢᠯ ᠳᠤ ᠦᠷᠭᠦᠯᠵᠢᠯᠡᠨ ᠳᠡᠮᠵᠢᠯᠭᠡ ᠦᠵᠡᠭᠦᠯᠬᠦ ᠶᠢ ᠬᠦᠰᠡᠪᠡ᠃

    ᠶᠠᠷᠢᠯᠴᠠᠬᠤ ᠬᠤᠷᠠᠯ ᠳᠡᠭᠡᠷ᠎ᠡ᠂ ᠮᠠᠨ ᠤ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠳᠡᠳ᠋

ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠨ ᠬᠠᠷᠢᠭᠤᠴᠠᠵᠤ ᠪᠠᠶᠢᠭ᠎ᠠ ᠯᠢ ᠰᠢᠩ ᠬᠠᠪᠰᠤᠷᠤᠨ ᠲᠡᠳᠬᠦᠬᠦ ᠠᠵᠢᠯ ᠤᠨ

ᠲᠤᠬᠠᠢ ᠶᠠᠷᠢᠶ᠎ᠠ ᠲᠠᠯᠪᠢᠪᠠ᠂ ᠲᠡᠷᠡ ᠮᠠᠨ ᠤ ᠬᠤᠷᠢᠶᠠᠨ ᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ

ᠵᠢᠴᠢ ᠣᠯᠣᠭᠰᠠᠨ ᠦᠷ᠎ᠡ ᠪᠦᠲᠦᠮᠵᠢ ᠪᠠᠨ ᠣᠯᠠᠨ ᠳᠤ ᠨᠠᠷᠢᠨ ᠲᠣᠳᠣᠷᠬᠠᠢ ᠬᠠᠷᠢᠭᠤ ᠮᠡᠳᠡᠭᠦᠯᠵᠦ᠂ ᠵᠠᠯᠭᠠᠭᠠᠳ

ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠸᠠᠳᠧ ᠰᠢᠶᠠᠨ ᠤ ᠠᠷᠠᠳ ᠣᠯᠠᠨ ᠳᠤ ᠨᠠᠩ

ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠨ᠎ᠠ ᠭᠡᠵᠦ ᠢᠯᠡᠷᠬᠡᠶᠢᠯᠡᠵᠡᠢ᠃

    ᠪᠡᠭᠡᠵᠢᠩ ᠬᠤᠲᠠ ᠶᠢᠨ ᠳ᠋ᠦ᠋ᠩᠴᠧᠩ ᠲᠣᠭᠤᠷᠢᠭ ᠤᠨ ᠾᠧ ᠫᠢᠩ ᠯᠢ ᠡᠮᠨᠡᠯᠭᠡ ᠶᠢᠨ ᠬᠤᠷᠢᠶᠠᠨ ᠤ ᠱᠦᠵᠢ ᠶᠠᠩ

ᠢᠦᠢ᠂ ᠫᠠᠨ ᠹᠠᠩ ᠳᠡᠳ᠋ ᠬᠤᠷᠢᠶᠠᠨ ᠳᠠᠷᠤᠭ᠎ᠠ᠂ ᠨᠠᠮ ᠤᠨ ᠠᠯᠪᠠᠨ ᠭᠡᠷ ᠤᠨ ᠶᠤᠸᠠᠨ ᠶᠤᠸᠠᠨ ᠡᠷᠬᠢᠯᠡᠭᠴᠢ ᠬᠤᠷᠠᠯ

ᠳᠡᠭᠡᠷ᠎ᠡ ᠲᠠᠪᠤᠨ ᠵᠢᠯ ᠤᠨ ᠲᠤᠷᠰᠢᠬᠢ ᠬᠤᠶᠠᠷ ᠲᠠᠯ᠎ᠠ ᠶᠢᠨ ᠬᠠᠪᠰᠤᠷᠤᠨ ᠲᠡᠳᠬᠦᠬᠦ ᠠᠵᠢᠯ ᠳᠤ ᠦᠨᠡᠯᠡᠯᠲᠡ ᠬᠢᠭᠰᠡᠨ

ᠪᠥᠭᠡᠳ ᠨᠡᠩ ᠶᠡᠭᠡ ᠬᠦᠰᠡᠯ ᠡᠷᠡᠮᠡᠯᠵᠡᠯ ᠲᠠᠯᠪᠢᠭᠰᠠᠨ ᠪᠠᠶᠢᠨ᠎ᠠ᠃

    ᠮᠠᠨ ᠤ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠮᠠ ᠵᠢᠶᠠᠨ ᠪᠢᠨ ᠪᠡᠭᠡᠵᠢᠩ

ᠬᠤᠲᠠ ᠶᠢᠨ ᠳ᠋ᠦ᠋ᠩᠴᠧᠩ ᠲᠣᠭᠤᠷᠢᠭ ᠤᠨ ᠾᠧ ᠫᠢᠩ ᠯᠢ ᠡᠮᠨᠡᠯᠭᠡ ᠶᠢᠨ ᠬᠤᠷᠢᠶᠠᠨ ᠤ ᠬᠠᠪᠰᠤᠷᠤᠨ ᠲᠡᠳᠬᠦᠬᠦ

ᠲᠤᠰᠬᠠᠢ ᠮᠡᠷᠭᠡᠵᠢᠯᠲᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠲᠤᠰᠬᠠᠢ

ᠮᠡᠷᠭᠡᠵᠢᠯᠲᠡᠳ ᠣᠨᠴᠠ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ︽

ᠤᠯᠠᠮᠵᠢᠯᠠᠬᠤ᠂ ᠬᠠᠪᠰᠤᠷᠬᠤ᠂ ᠳᠠᠭᠠᠭᠤᠯᠬᠤ︾ ᠪᠠᠷ ᠭᠠᠷᠳᠠᠴᠠ ᠪᠣᠯᠭᠠᠵᠤ᠂ ᠰᠢᠨ᠎ᠡ ᠮᠡᠷᠭᠡᠵᠢᠯ ᠰᠢᠨ᠎ᠡ

ᠲᠤᠬᠠᠶᠢᠯᠠᠭᠰᠠᠨ ᠠᠵᠢᠯ ᠢ ᠳᠡᠯᠭᠡᠷᠡᠭᠦᠯᠬᠦ᠂ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠ

ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠲᠠᠯ᠎ᠠ  ᠪᠠᠷ ᠦᠷᠭᠦᠯᠵᠢᠯᠡᠨ ᠬᠦᠴᠦ ᠣᠷᠣᠭᠤᠯᠵᠤ᠂

ᠡᠮᠨᠡᠯᠭᠡ ᠶᠢᠨ ᠬᠤᠷᠢᠶᠠᠨ ᠳᠤ ᠨᠢᠭᠡ ᠪᠦᠯᠦᠭ ᠮᠡᠷᠭᠡᠵᠢᠯ ᠢᠶᠠᠷ ᠴᠠᠭᠠᠷᠠᠭᠰᠠᠨ᠂ ᠴᠢᠳᠠᠪᠤᠷᠢ ᠪᠠᠷ ᠴᠠᠭᠠᠷᠠᠭᠰᠠᠨ᠂

ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠵᠦ

᠂ ᠡᠭᠦᠨ ᠤ ᠬᠠᠮᠲᠤ ᠮᠠᠨ ᠤ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠴᠤ ᠲᠡᠷᠢᠭᠦᠨ ᠤ ᠲᠤᠷᠰᠢᠯᠭ᠎ᠠ ᠪᠠᠷ

ᠲᠣᠯᠢ ᠪᠣᠯᠭᠠᠵᠤ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠨ᠂ ᠲᠣᠰ ᠪᠡᠶ᠎ᠡ ᠶᠢᠨ ᠬᠡᠪ ᠴᠢᠨᠠᠷ ᠢᠶᠠᠨ

ᠳᠡᠭᠡᠭᠰᠢᠯᠡᠭᠦᠯᠵᠦ᠂ ᠪᠥᠬᠦ ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠰᠢᠨ᠎ᠡ ᠰᠢᠪᠲᠤᠯᠤᠯᠲᠠ ᠲᠠᠢ

ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠢᠷᠭᠡᠳ ᠲᠤ ᠰᠢᠯᠢᠳᠡᠭ ᠡᠮᠴᠢᠯᠡᠭᠡᠨ ᠤ ᠦᠢᠯᠡᠴᠢᠯᠡᠭᠡ

ᠡᠳ᠋ᠯᠡᠭᠦᠯᠵᠦ᠂ ︽ᠬᠦᠨᠳᠦ ᠡᠪᠡᠳᠴᠢᠯᠡᠪᠡᠯ ᠭᠡᠷ ᠠᠴᠠ ᠪᠠᠨ ᠥᠯᠥ ᠭᠠᠷᠬᠤ︾ ᠬᠠᠷᠠᠯᠲᠠ ᠶᠢ ᠪᠡᠶᠡᠯᠡᠭᠦᠯᠬᠦ ᠶᠢ ᠦᠨᠡᠨ

ᠬᠦ ᠪᠠᠲᠤᠯᠠᠬᠤ ᠬᠡᠷᠡᠭᠲᠡᠢ᠃

11.jpg

    ᠳᠠᠷᠠᠭ᠎ᠠ ᠨᠢ ᠪᠡᠭᠡᠵᠢᠩ ᠬᠤᠲᠠ ᠶᠢᠨ ᠳ᠋ᠦ᠋ᠩᠴᠧᠩ ᠲᠣᠭᠤᠷᠢᠭ ᠤᠨ ᠾᠧ ᠫᠢᠩ ᠯᠢ ᠡᠮᠨᠡᠯᠭᠡ ᠶᠢᠨ ᠬᠤᠷᠢᠶᠠᠨ ᠤ

ᠬᠠᠪᠰᠤᠷᠤᠨ ᠲᠡᠳᠬᠦᠬᠦ ᠲᠤᠰᠬᠠᠢ ᠮᠡᠷᠭᠡᠵᠢᠯᠲᠡᠨ ᠮᠠᠨ ᠤ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠳᠤ

ᠠᠯᠪᠠᠨ ᠵᠢᠷᠤᠮ ᠤᠨ ᠡᠮᠴᠢᠯᠡᠭᠡ ᠬᠢᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2