ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠪᠡᠭᠡᠵᠢᠩ ᠬᠤᠲᠠ ᠶᠢᠨ ᠳ᠋ᠥᠩ ᠴᠧᠩ ᠲᠣᠭᠤᠷᠢᠭ ᠲᠤ ᠬᠦᠷᠴᠦ ᠬᠤᠯᠪᠤᠭᠠᠯᠠᠨ ᠬᠠᠪᠰᠤᠷᠤᠨ ᠲᠡᠳᠬᠦᠬᠦ ᠠᠵᠢᠯ  ᠢ  ᠵᠣᠯᠭᠠᠯᠴᠠᠭᠤᠯᠪᠠ
ᠨᠡᠶᠢᠲᠡᠯᠡᠭᠰᠡᠨ ᠴᠠᠭ᠄
2023/7/14
    ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠳ᠋ᠢᠶᠣᠣ ᠴᠦᠨ ᠬᠠᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠢ ᠳᠠᠭᠠᠭᠤᠯᠤᠨ ᠪᠡᠭᠡᠵᠢᠩ ᠤᠨ ᠳ᠋ᠥᠩ ᠴᠧᠩ ᠲᠣᠭᠤᠷᠢᠭ ᠲᠤ ᠬᠦᠷᠴᠦ ᠪᠠᠶᠢᠩᠭᠤ ᠶᠢᠨ ᠳᠡᠳ᠋ ᠲᠣᠭᠤᠷᠢᠭ ᠤᠨ ᠳᠠᠷᠤᠭ᠎ᠠ ᠯᠢ ᠶᠠᠨ ᠲᠠᠢ ᠬᠤᠯᠪᠤᠭᠠᠯᠠᠨ ᠬᠠᠪᠰᠤᠷᠤᠨ ᠲᠡᠳᠬᠦᠬᠦ ᠠᠵᠢᠯ ᠤᠨ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃

1.jpg

     ᠶᠠᠷᠢᠯᠴᠠᠬᠤ ᠬᠤᠷᠠᠯ ᠳᠡᠭᠡᠷ᠎ᠡ ᠂ ᠳ᠋ᠢᠶᠣᠣ ᠴᠦᠨ ᠬᠠᠢ ᠳ᠋ᠥᠩ ᠴᠧᠩ ᠲᠣᠭᠤᠷᠢᠭ ᠤᠨ ᠮᠠᠨ ᠤ ᠰᠢᠶᠠᠨ   ᠢ ᠬᠠᠪᠰᠤᠷᠤᠨ

ᠲᠡᠳᠬᠦᠬᠦ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ   ᠢ ᠲᠠᠨᠢᠯᠴᠠᠭᠤᠯᠵᠤ᠂ ᠳ᠋ᠥᠩ ᠴᠧᠩ ᠲᠣᠭᠤᠷᠢᠭ ᠤᠨ

ᠣᠷᠳᠣ ᠬᠤᠭᠤᠴᠠᠭᠠᠨ ᠤ ᠲᠤᠷᠰᠢ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ

ᠬᠠᠪᠰᠤᠷᠤᠯᠭ᠎ᠠ ᠳᠡᠮᠵᠢᠯᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ᠂ ᠥᠪᠥᠷ ᠮᠣᠩᠭᠤᠯ   ᠢ ᠲᠤᠰᠠᠯᠠᠨ

ᠲᠤᠰᠢᠶᠠᠯ ᠡᠭᠦᠷᠭᠡᠯᠡᠭᠦᠯᠦᠭᠰᠡᠨ ᠺᠠᠳ᠋ᠷ ᠴᠢᠳᠠᠪᠤᠷᠢᠲᠠᠨ ᠤ ᠠᠵᠢᠯ   ᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠬᠡᠬᠦ   ᠶᠢᠨ

ᠬᠠᠮᠲᠤ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠵᠣᠯᠭᠠᠯᠴᠠᠭ᠎ᠠ ᠪᠠᠷ ᠠᠵᠠ ᠲᠣᠬᠢᠶᠠᠯ ᠪᠠ ᠬᠥᠳᠡᠯᠭᠡᠬᠦ ᠬᠦᠴᠦᠨ

ᠪᠣᠯᠭᠠᠵᠤ᠂ ᠨᠥᠬᠦᠷᠯᠡᠯ ᠢᠶᠠᠨ ᠤᠯᠠᠮ ᠨᠢᠭᠡ ᠠᠯᠬᠤᠮ ᠵᠤᠵᠠᠭᠠᠳᠬᠠᠵᠤ᠂ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠬᠤ

 ᠶᠢ ᠬᠦᠰᠡᠵᠡᠢ᠃ ᠬᠤᠸᠠᠳᠧ ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠠᠵᠠ ᠲᠣᠬᠢᠶᠠᠯ ᠢ ᠠᠮᠵᠢᠵᠤ ᠂ ᠬᠠᠮᠵᠢᠯᠴᠠᠭ᠎ᠠ ᠪᠠᠨ

ᠭᠦᠨᠵᠡᠭᠡᠶᠢᠷᠡᠭᠦᠯᠵᠦ ᠂ ᠬᠠᠪᠰᠤᠷᠤᠨ ᠲᠡᠳᠬᠦᠬᠦ ᠰᠡᠳᠬᠢᠯᠭᠡ ᠪᠠᠨ ᠨᠠᠨᠳᠢᠩᠨᠠᠵᠤ ᠂ ᠬᠠᠪᠰᠤᠷᠤᠨ ᠲᠡᠳᠬᠦᠬᠦ ᠬᠦᠴᠦᠨ ᠢᠶᠠᠨ

ᠰᠠᠶᠢᠲᠤᠷ ᠬᠡᠷᠡᠭᠯᠡᠵᠦ ᠂ ᠨᠡᠩ ᠶᠡᠭᠡ ᠡᠷᠡᠰ ᠵᠣᠷᠢᠭ ᠂ ᠨᠡᠩ ᠲᠣᠳᠣᠷᠬᠠᠢ ᠰᠡᠳᠬᠢᠴᠡ᠂ ᠨᠡᠩ ᠣᠨᠣᠪᠴᠢᠲᠠᠢ ᠠᠷᠭ᠎ᠠ

ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ

ᠥᠷᠭᠡᠳᠬᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ ᠭᠡᠵᠡᠢ᠃

    ᠯᠢ ᠶᠠᠨ ᠢᠯᠡᠷᠬᠡᠶᠢᠯᠡᠬᠦ ᠳᠡᠭᠡᠨ᠂ ᠳ᠋ᠥᠩ ᠴᠧᠩ ᠲᠣᠭᠤᠷᠢᠭ ᠤᠨ ᠬᠢᠨ ᠴᠢᠬᠤᠯᠠ ᠶᠡᠭᠡ ᠤᠯᠤᠰ ᠲᠥᠷᠥ ᠶᠢᠨ

ᠬᠠᠷᠢᠭᠤᠴᠠᠯᠭ᠎ᠠ  ᠶᠢ ᠡᠷᠡᠰ ᠡᠭᠦᠷᠭᠡᠯᠡᠵᠦ᠂ ᠵᠥᠪᠯᠡᠨ ᠲᠣᠭᠲᠠᠭᠰᠠᠨ ᠤᠴᠢᠷ ᠶᠠᠪᠤᠳᠠᠯ ᠢ ᠪᠣᠳᠠᠲᠠᠢ ᠪᠠᠷ ᠰᠠᠶᠢᠲᠤᠷ ᠠᠳᠬᠤᠵᠤ᠂

ᠠᠵᠢᠯ ᠶᠠᠪᠤᠳᠠᠯ ᠬᠢᠵᠦ ᠦᠢᠯᠡᠰ ᠪᠣᠰᠬᠠᠬᠤ ᠣᠪᠣᠷ ᠢᠶᠠᠨ ᠪᠠᠷᠢᠮᠲᠠᠯᠠᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠨ

ᠠᠭᠤᠳᠠᠯᠵᠤ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠲᠠᠪᠴᠠᠩ

ᠪᠠᠶᠢᠭᠤᠯᠵᠤ᠂ ᠣᠯᠠᠨ ᠲᠠᠯ᠎ᠠ ᠶᠢᠨ ᠬᠢᠨ ᠣᠷᠣᠯᠴᠠᠵᠤ᠂ ᠤᠷᠲᠤ ᠬᠤᠭᠤᠴᠠᠭᠠᠨ ᠤ ᠬᠥᠭᠵᠢᠯᠲᠡ ᠪᠣᠯᠣᠨ ᠣᠬᠤᠷ

ᠬᠤᠭᠤᠴᠠᠭᠠᠨ ᠤ ᠦᠷ᠎ᠡ ᠪᠦᠲᠦᠮᠵᠢ ᠶᠢ ᠬᠠᠷᠢᠯᠴᠠᠨ ᠤᠶᠠᠯᠳᠤᠭᠤᠯᠬᠤ ᠳᠤ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ

ᠦᠷᠭᠦᠯᠵᠢᠯᠡᠨ ᠥᠷᠭᠡᠳᠬᠡᠵᠦ ᠂ ᠬᠤᠸᠠᠳᠧ ᠶᠢᠨ ᠰᠠᠶᠢᠨ ᠦᠢᠯᠡᠳᠬᠦᠨ᠂ ᠰᠠᠶᠢᠨ ᠡᠬᠢ ᠪᠠᠶᠠᠯᠢᠭ ᠢ ᠪᠡᠭᠡᠵᠢᠩ ᠳᠤ ᠢᠳᠡᠪᠬᠢᠲᠡᠢ

ᠲᠠᠨᠢᠯᠴᠠᠭᠤᠯᠵᠤ ᠂ ᠳ᠋ᠦᠩ ᠴᠧᠩ ᠲᠣᠭᠤᠷᠢᠭ ᠤᠨ ᠬᠤᠯᠪᠤᠭᠠᠯᠠᠵᠤ ᠬᠠᠪᠰᠤᠷᠤᠨ ᠲᠡᠳᠬᠦᠬᠦ ᠲᠠᠪᠴᠠᠩ ᠢᠶᠠᠷ ᠳᠠᠮᠵᠢᠭᠤᠯᠵᠤ ᠂ 

ᠬᠤᠸᠠᠳᠧ  ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠬᠤᠣᠰᠯᠠᠵᠤ ᠬᠠᠪᠰᠤᠷᠤᠨ ᠲᠡᠳᠬᠦᠬᠦ ᠠᠵᠢᠯ ᠢ

ᠦᠨᠡᠨᠬᠦ ᠭᠦᠨᠵᠡᠭᠡᠢ ᠪᠣᠳᠠᠲᠠᠢ ᠬᠢᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠦᠷ᠎ᠡ ᠪᠦᠲᠦᠮᠵᠢ

ᠣᠯᠵᠤ ᠂ ᠬᠠᠮᠲᠤᠪᠠᠷ ᠭᠠᠷ ᠬᠤᠯᠪᠣᠯᠴᠠᠨ ᠰᠢᠯᠢᠳᠡᠭ ᠰᠢᠯᠭᠠᠯᠲᠠ ᠶᠢᠨ ᠬᠠᠭᠤᠳᠠᠰᠤ ᠲᠤᠰᠢᠶᠠᠨ᠎ᠠ ᠭᠡᠪᠡ᠃

    ᠰᠣᠯᠢᠯᠴᠠᠭ᠎ᠠ ᠶᠢ ᠠᠬᠢᠭᠤᠯᠬᠤ ᠬᠤᠷᠠᠯ ᠳᠡᠭᠡᠷ᠎ᠡ ᠂ ᠮᠠᠨ ᠤ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠪᠠᠰᠠ ᠳ᠋ᠦᠩ

ᠴᠧᠩ ᠲᠣᠭᠤᠷᠢᠭ ᠤᠨ ᠨᠠᠶᠢᠵᠠ ᠨᠠᠷ ᠲᠤ ᠮᠣᠩᠭᠤᠯ ᠣᠨᠴᠠᠯᠢᠭ ᠲᠠᠢ ᠰᠣᠶᠣᠯ ᠤᠨ ᠲᠣᠭᠯᠠᠯᠲᠠ ᠳᠡᠪᠰᠢᠭᠦᠯᠵᠡᠢ ᠃ ᠮᠣᠩᠭᠤᠯ

ᠪᠥᠵᠢᠭ ︽ᠥᠨᠢᠳᠡ   ᠶᠢᠨ ᠮᠠᠭᠲᠠᠭᠠᠯ ᠳᠠᠭᠤᠤ︾ ᠲᠣᠭᠯᠠᠯᠲᠠ   ᠶᠢᠨ ᠬᠥᠰᠢᠭᠡ   ᠶᠢ ᠰᠡᠬᠦᠵᠦ᠂ ᠬᠤᠶᠠᠷ ᠬᠥᠮᠥᠨ ᠤ

ᠲᠠᠶᠢᠰᠠᠨ ᠤ ᠳᠠᠭᠤᠤ ᠪᠥᠵᠢᠭ ︽ᠤᠯᠠᠭᠠᠨ ᠳ᠋ᠧᠩ ᠡᠯᠭᠦᠭᠰᠡᠨ ᠨᠢ︾᠂ ᠳᠠᠭᠤᠤ ︽ᠠᠷᠠᠳ ᠤᠨ ᠲᠥᠷᠥ︾᠂ ᠣᠯᠠᠨ

ᠬᠥᠮᠥᠨ ᠤ ᠪᠥᠵᠢᠭ ︽ᠥᠯᠵᠡᠶᠢᠲᠦ ᠮᠠᠭᠲᠠᠭᠠᠯ︾᠂ ᠬᠤᠶᠠᠷ ᠤᠲᠠᠰᠤᠲᠤ ᠬᠤᠭᠤᠷ ᠤᠨ ᠭᠤᠴᠣᠯᠠᠯ ᠬᠥᠭᠵᠢᠮ ︽ᠮᠣᠷᠢᠨ

ᠤᠷᠤᠯᠳᠤᠭᠠᠨ︾᠂ ᠮᠣᠷᠢᠨ ᠬᠤᠭᠤᠷ ᠤᠨ ᠭᠤᠴᠣᠯᠠᠯ ᠬᠥᠭᠵᠢᠮ ︽ᠲᠦᠮᠡᠨ ᠠᠭᠲᠠ ᠶᠢᠨ ᠳᠡᠭᠦᠯᠢᠯᠲᠡ︾ ᠨᠢ

ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠣᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠴᠠᠭᠠᠰᠤᠨ

ᠬᠠᠶᠢᠴᠢᠯᠠᠮᠠᠯ ᠤᠨ ᠪᠣᠳᠠᠰ ᠤᠨ ᠪᠣᠰᠤ ᠥᠪ ᠤᠨ ᠵᠠᠯᠭᠠᠮᠵᠢᠯᠠᠭᠴᠢ ᠰᠢᠤᠸᠠᠢ ᠶᠢᠨ ᠬᠤᠸᠠ ᠲᠤᠬᠠᠢ ᠶᠢᠨ ᠲᠠᠯᠠᠪᠠᠶ ᠳᠤ

ᠴᠠᠭᠠᠰᠤᠨ ᠬᠠᠶᠢᠴᠢᠯᠠᠮᠠᠯ ᠤᠨ ᠪᠦᠲᠦᠭᠡᠯ ︽ᠳᠡᠭᠦᠯᠢᠨ ᠳᠠᠪᠬᠢᠭᠰᠠᠨ ᠠᠵᠢᠨᠠᠢ ᠬᠦᠯᠦᠭ︾ ᠢ ᠵᠣᠬᠢᠶᠠᠨ ᠪᠦᠲᠦᠭᠡᠵᠦ᠂

ᠤᠯᠠᠭᠠᠨᠮᠥ᠋ᠴᠢᠷ ᠤᠨ ᠭᠡᠰᠢᠭᠦᠳ ᠤᠨ ᠨᠠᠷᠢᠨ ᠨᠢᠮᠪᠠᠢ ᠨᠠᠶᠢᠷᠠᠭᠤᠯᠤᠭᠰᠠᠨ ᠪᠥᠵᠢᠭ᠂ ᠳᠠᠭᠤᠤ᠂ ᠬᠥᠭᠵᠢᠮ ᠤᠨ ᠠᠶ᠎ᠠ᠂ ᠰᠢ

ᠵᠦᠴᠦᠭᠡ ᠵᠡᠷᠭᠡ ᠦᠨᠳᠦᠰᠦᠲᠡᠨ ᠤ ᠣᠨᠴᠠᠯᠢᠭ ᠪᠠ ᠤᠯᠠᠮᠵᠢᠯᠠᠯᠲᠤ ᠰᠣᠶᠣᠯ ᠤᠨ ᠲᠣᠭᠯᠠᠯᠲᠠ ᠲᠠᠯ᠎ᠠ ᠨᠤᠲᠤᠭ ᠤᠨ ᠬᠤᠲᠠ

ᠪᠠᠯᠭᠠᠰᠤ ᠶᠢᠨ ᠥᠪᠡᠷᠮᠢᠴᠡ ᠣᠨᠴᠠᠯᠢᠭ ᠪᠠ ᠭᠤᠴᠤ ᠰᠠᠶᠢᠬᠠᠨ ᠢ ᠣᠯᠠᠨ ᠡᠰᠢᠵᠢᠭᠦᠯᠦᠨ ᠦᠵᠡᠭᠦᠯᠵᠦ᠂ ᠪᠡᠭᠡᠵᠢᠩ

ᠬᠤᠲᠠ ᠶᠢᠨ ᠳ᠋ᠥᠩ ᠴᠧᠩ ᠲᠣᠭᠤᠷᠢᠭ ᠤᠨ ᠣᠯᠠᠨ ᠵᠢᠯ ᠤᠨ ᠲᠤᠷᠰᠢ ᠬᠤᠸᠠᠳᠧ ᠰᠢᠶᠠᠨ ᠢ ᠬᠠᠯᠠᠮᠵᠢᠯᠠᠨ ᠲᠡᠳᠬᠦᠭᠰᠡᠨ ᠳᠤ

ᠲᠠᠯᠠᠷᠬᠠᠨ᠂ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠤᠶᠠᠷ

ᠭᠠᠵᠠᠷ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠵᠠᠬ᠎ᠠ ᠳᠡᠯᠭᠡᠭᠦᠷ ᠢᠶᠠᠷ

ᠬᠠᠷᠢᠯᠴᠠᠨ ᠬᠥᠳᠡᠯᠦᠯᠴᠡᠬᠦ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠤᠯᠠᠮ ᠨᠢᠭᠡ ᠠᠯᠬᠤᠮ

 ᠠᠬᠢᠭᠤᠯᠪᠠ ᠃

    ᠬᠤᠸᠠᠳᠧ ᠰᠢᠶᠠᠨ᠂ ᠳ᠋ᠥᠩ ᠴᠧᠩ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ

ᠣᠷᠣᠯᠴᠠᠪᠠ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2