ᠮᠠᠨ ᠤ ᠰᠢᠶᠠᠨ ᠤ ᠴᠠᠩᠱᠦ᠋ᠨ ᠪᠠᠯᠭᠠᠰᠤᠨ ᠤ ᠳᠣᠯᠤᠭᠠᠨᠬᠤᠳᠳᠤᠭ ᠲᠣᠰᠬᠤᠨ᠄ ︽ᠳᠥᠷᠪᠡ ᠶᠢ ᠴᠢᠬᠤᠯᠠᠴᠢᠯᠠᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2023/7/14
    ︽ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ︾ ᠃ ᠮᠠᠨ ᠤ ᠰᠢᠶᠠᠨ ᠤ ᠴᠠᠩᠱᠦ᠋ᠨ ᠪᠠᠯᠭᠠᠰᠤᠨ ᠤ ᠳᠣᠯᠤᠭᠠᠨᠬᠤᠳᠳᠤᠭ ᠲᠣᠰᠬᠤᠨ ᠤ ᠨᠠᠮ ᠤᠨ ᠡᠭᠦᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ ᠂ ︽ᠳᠥᠷᠪᠡ ᠶᠢ ᠴᠢᠬᠤᠯᠠᠴᠢᠯᠠᠬᠤ︾ ᠲᠣᠭᠤᠷᠢᠨ ᠳᠤ ᠂ ᠬᠥᠳᠡᠭᠡ ᠠᠵᠤ ᠠᠬᠤᠢ ᠶᠢᠨ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃

20.jpg

    ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ ᠂ ᠤᠯᠤᠰ ᠲᠦᠷᠦ ᠶᠢᠨ ᠢᠲᠡᠭᠡᠯ

ᠵᠣᠷᠢᠭ ᠢᠶᠠᠨ ᠪᠠᠲᠤᠳᠬᠠᠨ᠎ᠠ ᠃ 2023 ᠣᠨ ᠤ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ

᠄ ︽ᠬᠥᠳᠡᠭᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ

ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠬᠤ ᠬᠡᠷᠡᠭᠲᠡᠢ︾ ᠭᠡᠵᠦ ᠵᠢᠭᠠᠵᠤ ᠭᠠᠷᠭᠠᠵᠠᠢ᠃ ᠤᠯᠤᠰ ᠲᠦᠷᠦ ᠶᠢᠨ

ᠪᠠᠶᠢᠭᠤᠯᠤᠯᠲᠠ ᠶᠢᠨ ᠲᠠᠯ᠎ᠠ ᠪᠠᠷ ᠂ ᠴᠠᠩᠱᠦ᠋ᠨ ᠪᠠᠯᠭᠠᠰᠤᠨ ᠤ ᠳᠣᠯᠤᠭᠠᠨᠬᠤᠳᠳᠤᠭ ᠲᠣᠰᠬᠤᠨ ᠤ ᠨᠠᠮ ᠤᠨ ᠡᠭᠦᠷ

ᠦᠨᠳᠦᠰᠦᠨ ᠱᠠᠲᠤ ᠶᠢ ᠴᠢᠩᠭ᠎ᠠ ᠠᠳᠬᠤᠬᠤ ᠢᠯᠡ ᠲᠣᠳᠣ ᠤᠳᠤᠷᠢᠳᠤᠮᠵᠢ ᠶᠢ ᠲᠤᠪᠤᠶᠢᠯᠭᠠᠵᠦ ᠂ ᠬᠥᠳᠡᠭᠡ

ᠲᠣᠰᠬᠤᠨ ᠤ ᠵᠠᠰᠠᠯᠲᠠ ᠶᠢᠨ ᠭᠤᠣᠯ ᠬᠠᠷᠢᠭᠤᠴᠠᠯᠭ᠎ᠠ ᠶᠢ ᠴᠢᠩᠭᠠᠳᠬᠠᠵᠤ ᠂ ᠨᠠᠮ ᠤᠨ ᠪᠠᠶᠢᠭᠤᠯᠤᠯᠲᠠ ᠶᠢ ᠠᠳᠬᠤᠵᠤ

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠢ ᠠᠬᠢᠭᠤᠯᠵᠤ ᠂ ᠳᠡᠭᠡᠳᠦ

ᠱᠠᠲᠤᠨ ᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠤᠯᠠᠨ ᠲᠦᠮᠡᠨ ᠳᠤ ᠤᠯᠠᠮᠵᠢᠯᠠᠵᠤ ᠂

ᠳᠡᠭᠡᠳᠦ ᠱᠠᠲᠤᠨ ᠤ ᠲᠣᠬᠢᠷᠠᠭᠤᠯᠤᠭᠰᠠᠨ ᠡᠭᠦᠷᠭᠡ ᠶᠢ ᠪᠦᠬᠦ ᠰᠡᠳᠬᠢᠯ ᠪᠦᠬᠦ ᠬᠦᠴᠦᠨ ᠢᠶᠠᠷ ᠢᠶᠠᠨ

ᠨᠠᠶᠢᠳᠠᠪᠤᠷᠢᠵᠢᠭᠤᠯᠵᠤ ᠂ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢᠨ ᠦᠢᠯᠡᠳᠦᠯ ᠢ ᠦᠨᠡᠨᠬᠦ ᠰᠠᠶᠢᠲᠤᠷ

ᠪᠠᠳᠠᠷᠠᠭᠤᠯᠪᠠ ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ᠂ ᠪᠥᠬᠦ ᠲᠣᠰᠬᠤᠨ ᠳᠤ ᠣᠲᠣ 38

ᠨᠠᠮ ᠤᠨ ᠭᠡᠰᠢᠭᠦᠨ᠂ 9 ᠡᠮᠡᠭᠲᠡᠢ ᠨᠠᠮ ᠤᠨ ᠭᠡᠰᠢᠭᠦᠨ᠂ ᠲᠣᠰᠬᠤᠨ ᠤ ︽ᠬᠤᠶᠠᠷ ᠵᠥᠪᠯᠡᠯ︾ ᠤᠨ ᠳᠤᠮᠳᠠᠴᠢ ᠨᠠᠰᠤ

 ᠨᠢ 46᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ

ᠰᠤᠷᠤᠯᠭ᠎ᠠ ᠶᠢᠨ ᠨᠠᠮᠲᠠᠷ ᠲᠠᠢ᠃ ᠨᠠᠮ ᠤᠨ ᠡᠭᠦᠷ ᠠᠴᠠ ︽ᠬᠤᠶᠠᠷ ᠵᠥᠪᠯᠡᠯ︾ ᠤᠨ ᠪᠦᠷᠢᠯᠳᠦᠭᠦᠨ ᠢ ᠪᠦᠷᠢᠨ

ᠲᠣᠬᠢᠷᠠᠭᠤᠯᠵᠤ ᠬᠦᠴᠦᠷᠬᠡᠭᠵᠢᠭᠦᠯᠦᠭᠰᠡᠨ ᠰᠠᠭᠤᠷᠢᠨ ᠳᠡᠭᠡᠷ᠎ᠡ ᠂ ᠲᠤᠰ ᠲᠤᠰ ᠤᠨ ᠬᠠᠷᠢᠭᠤᠴᠠᠯᠭ᠎ᠠ ᠪᠠᠨ ᠲᠣᠳᠣᠷᠬᠠᠢ

ᠬᠤᠪᠢᠶᠠᠷᠢᠯᠠᠵᠤ ᠂ ᠬᠥᠮᠥᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ ᠶᠢ ᠪᠡᠶᠡᠯᠡᠭᠦᠯᠪᠡ ᠃ ᠡᠩᠨᠡᠭᠡᠨ ᠤ

ᠪᠠᠶᠢᠭᠤᠯᠤᠯᠲᠠ ᠶᠢᠨ ᠲᠠᠯ᠎ᠠ ᠪᠠᠷ ᠂ ᠨᠠᠮ ᠤᠨ ᠭᠡᠰᠢᠭᠦᠨ ᠺᠠᠳ᠋ᠷᠴᠤᠳ ᠤᠨ︽ᠠᠷᠠᠳ ᠤᠨ ᠲᠥᠯᠥᠭᠡ ᠪᠣᠳᠠᠲᠠᠢ ᠶᠠᠪᠤᠳᠠᠯ

ᠬᠢᠬᠦ ︾ ᠡᠷᠴᠢᠮ ᠢ ᠴᠢᠩᠭᠠᠳᠬᠠᠵᠤ ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠵᠤ ᠂ ︽ᠪᠢ

ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ ︾  ᠶᠢ ᠬᠡᠮᠵᠢᠶᠡᠵᠢᠭᠦᠯᠦᠨ ᠨᠠᠷᠢᠯᠢᠭᠵᠢᠭᠤᠯᠵᠤ ᠂ ᠰᠠᠷ᠎ᠠ ᠪᠦᠷᠢ ᠵᠠᠷᠯᠠᠨ

ᠮᠡᠳᠡᠭᠳᠡᠵᠦ ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ ᠠᠬᠢᠭᠤᠯᠬᠤ ᠶᠢ 

ᠠᠬᠢᠭᠤᠯᠤᠨ᠎ᠠ᠃

21.png

    ᠠᠵᠤ ᠦᠢᠯᠡᠰ ᠤᠨ ᠰᠠᠭᠤᠷᠢ ᠶᠢ ᠪᠠᠬᠢᠵᠢᠭᠦᠯᠬᠦ ᠶᠢ ᠴᠢᠬᠤᠯᠠᠴᠢᠯᠠᠵᠤ ᠂ ᠠᠵᠤ ᠦᠢᠯᠡᠰ ᠤᠨ ᠬᠥᠭᠵᠢᠯᠲᠡ ᠶᠢ

ᠠᠬᠢᠭᠤᠯᠤᠨ᠎ᠠ ᠃ ᠳᠣᠯᠤᠭᠠᠨᠬᠤᠳᠳᠤᠭ ᠲᠣᠰᠬᠤᠨ ᠢᠮᠠᠭᠲᠠ ᠲᠣᠰᠬᠤᠨ ᠤ ᠬᠠᠮᠲᠤ ᠶᠢᠨ ᠠᠵᠤ ᠠᠬᠤᠢ ᠶᠢ

ᠬᠥᠭᠵᠢᠭᠦᠯᠬᠦ ᠪᠠᠷ ᠭᠠᠷᠳᠠᠴᠠ ᠪᠣᠯᠭᠠᠵᠤ᠂ 6 ᠲᠦᠮᠡᠨ ᠲᠡᠭᠰᠢ ᠳᠥᠷᠪᠡᠯᠵᠢᠨ ᠮᠧᠲᠷ ᠶᠡᠷᠦᠩᠬᠡᠢ ᠲᠥᠯᠥᠪᠵᠢᠭᠦᠯᠦᠭᠰᠡᠨ

ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠨᠢᠭᠡ ᠪᠠᠶᠢᠭᠤᠯᠵᠤ᠂ 11 ᠡᠷᠦᠬᠡ ᠲᠡᠵᠢᠭᠡᠨ

ᠦᠷᠡᠵᠢᠭᠦᠯᠬᠦ ᠲᠣᠮᠣ ᠡᠷᠦᠬᠡ ᠶᠢ ᠣᠷᠣᠭᠤᠯᠤᠨ ᠪᠠᠷᠢᠮᠵᠢᠶᠠᠵᠢᠭᠤᠯᠤᠭᠰᠠᠨ ᠬᠠᠰᠢᠶᠠᠯᠠᠨ ᠲᠡᠵᠢᠭᠡᠵᠦ ᠨᠠᠷᠢᠯᠢᠭ

ᠠᠷᠠᠴᠢᠯᠠᠬᠤ ᠶᠢ ᠬᠡᠷᠡᠭᠵᠢᠭᠦᠯᠬᠦ ᠶᠢᠨ ᠬᠠᠮᠲᠤ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ᠂ ᠨᠠᠮ ᠤᠨ

ᠡᠭᠦᠷ ᠠᠴᠠ ᠳᠠᠭᠠᠭᠠᠯᠲᠠ ᠬᠢᠬᠦ ᠪᠠᠷ ᠳᠠᠮᠵᠢᠭᠤᠯᠤᠨ᠂ ᠪᠡᠯᠡ ᠮᠥᠩᠭᠦ ᠲᠠᠢ᠂ ᠲᠡᠵᠢᠭᠡᠨ ᠦᠷᠡᠵᠢᠭᠦᠯᠬᠦ ᠴᠢᠳᠠᠪᠤᠷᠢ

ᠦᠭᠡᠢ ᠲᠠᠷᠢᠶᠠᠴᠢᠨ ᠡᠷᠦᠬᠡ ᠶᠢ ᠬᠦᠷᠢᠶᠡᠯᠡᠩ ᠲᠣᠭᠤᠷᠢᠭ ᠤᠨ ᠲᠡᠵᠢᠭᠡᠨ ᠦᠷᠡᠵᠢᠭᠦᠯᠬᠦ ᠡᠷᠦᠬᠡ ᠲᠠᠢ ᠬᠤᠯᠪᠣᠭᠠᠯᠠᠵᠤ᠂

ᠪᠥᠬᠦ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠬᠠᠷᠠᠯᠲᠠ ᠶᠢ ᠬᠠᠮᠲᠤ ᠪᠠᠷ ᠪᠡᠶᠡᠯᠡᠭᠦᠯᠦᠨ᠎ᠡ︔ 

ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠭᠤᠯᠤᠨ ᠭᠠᠳᠠᠨ᠎ᠠ ᠬᠤᠳᠠᠯᠳᠤᠭ᠎ᠠ ᠡᠷᠭᠢᠯᠡᠬᠦ

ᠵᠠᠯᠠᠭᠤᠴᠤᠳ ᠢ ᠲᠣᠰᠬᠤᠨ ᠳᠠᠭᠠᠨ ᠪᠤᠴᠠᠭᠠᠨ ᠪᠡᠯᠡ ᠣᠷᠣᠭᠤᠯᠤᠨ ᠬᠤᠩ ᠶᠤᠸᠠᠨ ᠢᠳᠡᠰᠢᠨ ᠲᠣᠰᠣ ᠡᠳ᠋ᠰᠢᠭᠦᠯᠬᠦ

ᠦᠢᠯᠡᠳᠪᠦᠷᠢ ᠶᠢ ᠪᠦᠲᠦᠭᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠰᠠᠨ 4 ᠡᠷᠦᠬᠡ᠂ ᠡᠩ ᠤᠨ ᠡᠷᠦᠬᠡ ᠳᠤ 7

ᠬᠥᠮᠥᠨ ᠳᠤ ᠠᠵᠢᠯ ᠣᠯᠭᠤᠵᠤ᠂ ᠵᠢᠯ ᠪᠦᠷᠢ ᠶᠢᠨ ᠴᠠᠯᠢᠩ ᠤᠨ ᠣᠷᠣᠯᠭ᠎ᠠ ᠨᠢ ᠬᠥᠮᠥᠨ ᠳᠤᠮᠳᠠᠴᠢ ᠪᠠᠷ 2 ᠲᠦᠮᠡᠨ

ᠲᠥᠭᠦᠷᠢᠭ ᠠᠴᠠ ᠳᠡᠭᠡᠭᠰᠢ ᠪᠣᠯᠣᠨ᠎ᠠ᠃ ᠡᠭᠦᠨ ᠤ ᠬᠠᠮᠲᠤ᠂ ᠳᠣᠯᠤᠭᠠᠨᠬᠤᠳᠳᠤᠭ ᠲᠣᠰᠬᠤᠨ ᠳᠤ ᠨᠡᠭᠦᠷᠡᠰᠦ

ᠪᠣᠷᠣᠯᠠᠭᠤᠯᠬᠤ ᠭᠠᠵᠠᠷ 3᠂ ᠵᠣᠴᠢᠳ ᠤᠨ ᠪᠠᠭᠤᠳᠠᠯ 2 ᠪᠣᠶ᠃ ᠬᠥᠳᠡᠯᠮᠦᠷᠢ ᠬᠦᠴᠦᠨ ᠤ ᠭᠠᠷᠭᠠᠯᠲᠠ᠂ ᠲᠡᠭᠡᠭᠡᠪᠦᠷᠢ

ᠵᠡᠷᠭᠡ ᠠᠵᠤ ᠦᠢᠯᠡᠰ ᠤᠨ ᠳᠡᠮᠵᠢᠯᠭᠡ ᠲᠠᠢ ᠪᠠᠶᠢᠵᠤ᠂ ᠠᠰᠢᠭ ᠭᠥᠷᠳᠡᠭᠰᠡᠨ ᠲᠠᠷᠢᠶᠠᠴᠢᠨ ᠡᠷᠦᠬᠡ 85 ᠡᠷᠦᠬᠡ 190

ᠪᠣᠯᠵᠤ᠂ ᠬᠥᠮᠥᠨ ᠳᠤᠮᠳᠠᠴᠢ ᠶᠢᠨ ᠣᠷᠣᠯᠭ᠎ᠠ 3000 ᠲᠥᠭᠦᠷᠢᠭ ᠨᠡᠮᠡᠭᠳᠡᠪᠡ᠃

    ᠣᠷᠴᠢᠨ ᠠᠬᠤᠢ ᠶᠢ ᠴᠡᠭᠴᠡᠯᠡᠨ ᠵᠠᠰᠠᠬᠤ ᠶᠢ ᠴᠢᠬᠤᠯᠠᠴᠢᠯᠠᠵᠤ ᠂ ᠦᠵᠡᠰᠬᠦᠯᠡᠩᠲᠦ ᠰᠠᠶᠢᠬᠠᠨ ᠬᠥᠳᠡᠭᠡ

ᠲᠣᠰᠬᠤᠨ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ

ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠬᠤ ᠶᠢᠨ ᠲᠥᠯᠥᠭᠡ᠂ ᠳᠣᠯᠤᠭᠠᠨᠬᠤᠳᠳᠤᠭ 

ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠬᠢᠨ ︽ᠨᠠᠮ ᠤᠨ ᠡᠭᠦᠷ + ᠲᠠᠷᠢᠶᠠᠴᠢᠨ ᠡᠷᠦᠬᠡ︾ ᠶᠢᠨ

ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠦᠢᠯᠡᠴᠢᠯᠡᠭᠡᠨ ᠤ ᠵᠠᠭᠪᠤᠷ ᠪᠠ ︽ᠡᠭᠦᠳᠡᠨ

ᠡᠮᠦᠨᠡᠬᠢ ᠭᠤᠷᠪᠠ ᠶᠢ ᠳᠠᠭᠠᠭᠠᠴᠢᠯᠠᠬᠤ ᠳᠦᠷᠢᠮ︾ ᠢ ᠰᠤᠳᠤᠯᠤᠨ ᠲᠣᠭᠲᠠᠭᠠᠪᠠ᠃ 2023 ᠣᠨ ᠳᠤ ᠂ ᠰᠢᠶᠠᠨ᠂

ᠪᠠᠯᠭᠠᠰᠤ ᠬᠤᠶᠠᠷ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠠᠨᠠᠭᠠᠴᠢᠯᠠᠭᠰᠠᠨ︽ᠬᠤᠣᠰ ᠰᠠᠷ᠎ᠠ ᠶᠢᠨ

ᠠᠵᠢᠯᠯᠠᠭ᠎ᠠ︾  ᠶᠢ ᠴᠤᠤᠷᠢᠶᠠᠲᠤᠨ ᠳᠠᠭᠠᠬᠤ ᠶᠢᠨ ᠲᠥᠯᠥᠭᠡ ᠂ ᠳᠣᠯᠤᠭᠠᠨᠬᠤᠳᠳᠤᠭ ᠲᠣᠰᠬᠤᠨ ᠳᠡᠭᠡᠷ᠎ᠡ ᠬᠠᠭᠠᠰ

ᠵᠢᠯ ᠳᠤ 7 ᠲᠦᠮᠡ ᠭᠠᠷᠤᠢ ᠲᠥᠭᠦᠷᠢᠭ ᠤᠨ ᠪᠡᠯᠡ ᠮᠥᠩᠭᠦ ᠣᠷᠣᠭᠤᠯᠵᠤ ᠂ ᠣᠷᠴᠢᠨ ᠲᠣᠭᠤᠷᠢᠨ ᠤ ᠡᠷᠡᠭᠦᠯ

ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠬᠡᠷᠡᠭᠯᠡᠵᠦ ᠂ 105 ᠮᠤᠵᠢ ᠶᠢᠨ ᠵᠠᠮ ᠳᠠᠭᠠᠤ ᠵᠢᠴᠢ

ᠲᠣᠰᠬᠤᠨ ᠤ ᠡᠷᠬᠢᠨ ᠲᠣᠭᠤᠷᠢᠨ ᠤ ᠴᠠᠭᠠᠨ ᠥᠩᠭᠡᠲᠦ ᠬᠤᠭ ᠨᠣᠪᠰᠢ ᠶᠢ ᠪᠦᠬᠦ ᠲᠠᠯ᠎ᠠ ᠪᠠᠷ ᠲᠤᠶᠢᠯᠪᠤᠷᠢᠲᠠᠢ

ᠴᠡᠪᠡᠷᠯᠡᠬᠦ ᠶᠢᠨ ᠬᠠᠮᠲᠤ ᠨᠣᠭᠤᠭᠠᠷᠠᠭᠤᠯᠤᠨ ᠲᠡᠭᠰᠢᠯᠡᠪᠡ ᠃ 470 ᠮᠧᠲᠷ ᠤᠨ ᠬᠦᠷᠢᠶ᠎ᠡ ᠬᠠᠰᠢᠶ᠎ᠠ ᠶᠢ ᠵᠠᠰᠠᠨ

ᠪᠠᠶᠢᠭᠤᠯᠵᠤ᠂ 9 ᠬᠦᠷᠢᠶ᠎ᠡ ᠬᠠᠰᠢᠶ᠎ᠠ ᠶᠢ ᠴᠡᠭᠴᠡᠯᠡᠨ ᠵᠠᠰᠠᠵᠤ᠂ 1500 ᠮᠧᠲᠷ ᠤᠨ ᠬᠤᠸᠠᠳᠧ ᠠᠴᠠ ᠱᠠᠩᠲᠦ

ᠬᠦᠷᠬᠦ ᠵᠠᠰᠠᠮᠠᠯ ᠵᠠᠮ ᠤᠨ ᠬᠤᠶᠠᠷ ᠬᠠᠵᠠᠭᠤ ᠶᠢᠨ ᠤᠰᠤ ᠵᠠᠯᠠᠬᠤ ᠰᠤᠪᠠᠭ ᠢ ᠪᠦᠲᠦᠭᠡᠨ ᠪᠠᠶᠢᠭᠤᠯᠵᠤ᠂ 10000

ᠲᠡᠭᠰᠢ ᠳᠥᠷᠪᠡᠯᠵᠢᠨ ᠮᠧᠲᠷ ᠢ ᠬᠠᠲᠠᠭᠤᠷᠠᠭᠤᠯᠤᠨ᠂ 3000 ᠲᠡᠭᠰᠢ ᠳᠥᠷᠪᠡᠯᠵᠢᠨ ᠮᠧᠲᠷ ᠢ ᠭᠤᠶᠣᠵᠢᠭᠤᠯᠤᠨ

ᠨᠣᠭᠤᠭᠠᠷᠠᠭᠤᠯᠤᠨ᠎ᠠ᠃ ᠲᠣᠰᠬᠤᠨ ᠤ ᠬᠡᠪᠴᠢᠶᠡᠨ ᠤ ᠵᠠᠮ ᠬᠠᠷᠢᠯᠴᠠᠭᠠᠨ ᠤ ᠲᠣᠣᠷ ᠢ ᠲᠠᠰᠤᠷᠠᠯᠲᠠ ᠦᠭᠡᠢ

ᠰᠢᠯᠢᠳᠡᠭᠵᠢᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠰᠤᠨ ᠰᠤᠳᠠᠰᠤ︾  ᠶᠢ

ᠰᠢᠯᠤᠭᠤᠳᠬᠠᠵᠤ ᠂ ᠲᠣᠰᠬᠤᠨ ᠤ ᠠᠷᠠᠳ ᠲᠤ ᠦᠨᠡᠨ ᠪᠣᠳᠠᠲᠠᠢ ᠲᠦᠬᠦᠮ ᠪᠠ ᠠᠰᠢᠭ ᠬᠦᠷᠲᠡᠭᠡᠨ᠎ᠡ᠃

    ᠨᠠᠰᠤᠵᠢᠯ ᠤᠨ ᠦᠢᠯᠡᠴᠢᠯᠡᠭᠡ ᠶᠢ ᠴᠢᠬᠤᠯᠠᠴᠢᠯᠠᠵᠤ ᠂ ᠦᠨᠳᠦᠰᠦᠨ ᠱᠠᠲᠤᠨ ᠤ ᠵᠠᠰᠠᠯᠲᠠ ᠶᠢ ᠳᠡᠭᠡᠭᠰᠢᠯᠡᠭᠦᠯᠦᠨ᠎ᠡ ᠃

 2023 ᠣᠨ ᠳᠤ᠂ ᠬᠥᠳᠡᠭᠡ ᠲᠣᠰᠬᠤᠨ ᠤ ᠨᠠᠰᠤᠵᠢᠯ ᠤᠨ ᠦᠢᠯᠡᠴᠢᠯᠡᠭᠡᠨ ᠤ ᠭᠤᠷᠪᠠᠨ ᠳᠡᠰ ᠤᠨ ᠰᠦᠯᠵᠢᠶᠡᠨ ᠤ

ᠰᠢᠶᠠᠨ᠂ ᠪᠠᠯᠭᠠᠰᠤ ᠬᠤᠶᠠᠷ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠠᠷᠠᠳ ᠤᠨ ᠶᠠᠪᠤᠳᠠᠯ ᠤᠨ

ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ ᠂ ᠳᠣᠯᠤᠭᠠᠨᠬᠤᠳᠳᠤᠭ ᠲᠣᠰᠬᠤᠨ ᠰᠢᠶᠠᠩ ᠪᠠᠯᠭᠠᠰᠤᠨ ᠤ

ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠨᠢᠭᠡ ᠥᠭᠡᠷᠡᠴᠢᠯᠡᠨ ᠪᠠᠶᠢᠭᠤᠯᠵᠤ ᠂ ᠵᠣᠯ

ᠵᠢᠷᠭᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠪᠠᠷ ᠬᠠᠷᠠᠯᠲᠠ ᠪᠣᠯᠭᠠᠵᠤ ᠂

ᠨᠠᠰᠤᠵᠢᠯ ᠤᠨ ᠠᠰᠠᠷᠠᠮᠵᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ ᠂

ᠤᠤᠯ ᠤᠨ ᠪᠠᠶᠢᠭᠰᠠᠨ ᠵᠣᠯ ᠵᠢᠷᠭᠠᠯ ᠤᠨ ᠬᠦᠷᠢᠶᠡᠯᠡᠩ ᠢ ᠪᠦᠬᠦᠯᠢ ᠴᠣᠭᠴᠠ ᠪᠠᠷ ᠨᠢ ᠥᠭᠡᠷᠡᠴᠢᠯᠡᠨ

ᠳᠡᠭᠡᠭᠰᠢᠯᠡᠭᠦᠯᠬᠦ ᠶᠢᠨ ᠬᠠᠮᠲᠤ ᠡᠮᠴᠢᠯᠡᠭᠡᠨ ᠤ ᠦᠷᠦᠭᠡ ᠂ ᠬᠠᠶᠢᠷ᠎ᠠ ᠬᠠᠯᠠᠮᠵᠢ ᠶᠢᠨ ᠬᠤᠭᠤᠯᠠᠨ ᠭᠡᠷ ᠂ ᠹᠢᠽᠢᠺ ᠵᠠᠰᠠᠯ ᠂

ᠬᠤᠪᠴᠠᠰᠤ ᠤᠬᠢᠶᠠᠬᠤ ᠂ ᠦᠰᠦ ᠵᠠᠰᠠᠬᠤ ᠲᠠᠰᠤᠭ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠥᠭᠡᠷᠡᠴᠢᠯᠡᠨ

ᠪᠠᠶᠢᠭᠤᠯᠵᠠᠢ ᠃ ᠲᠣᠰᠬᠤᠨ ᠤ ︽ᠬᠤᠶᠠᠷ ᠵᠥᠪᠯᠡᠯ︾ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠭᠡᠷ ᠲᠤᠨᠢ

ᠬᠦᠷᠴᠦ ᠦᠢᠯᠡᠴᠢᠯᠡᠬᠦ ᠶᠢ ᠣᠷᠣᠯᠠᠨ ᠭᠦᠢᠴᠡᠳᠬᠡᠬᠦ ᠵᠡᠷᠭᠡ ᠠᠯᠢ ᠣᠯᠠᠨ ᠲᠣᠪᠶᠤᠭ ᠤᠨ ᠮᠠᠶ᠋ᠢᠭ ᠤᠨ ᠦᠢᠯᠡᠴᠢᠯᠡᠭᠡ ᠶᠢ

ᠥᠷᠨᠢᠭᠦᠯᠵᠦ᠂ ᠵᠣᠷᠯᠣᠩ ᠲᠥᠬᠦᠮ᠂ ᠳᠤᠯᠠᠭᠠᠯᠠᠭ᠎ᠠ ᠴᠡᠪᠡᠷ᠂ ᠣᠷᠴᠢᠨ ᠲᠣᠭᠤᠷᠢᠨ ᠭᠤᠶᠢᠳᠠ ᠰᠠᠶᠢᠬᠠᠨ ᠬᠥᠳᠡᠭᠡ

ᠲᠣᠰᠬᠤᠨ ᠤ ᠰᠢᠨ᠎ᠡ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠪᠥᠬᠦ

ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠶᠠᠰᠤ

ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 

 

 

 

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2