ᠮᠠᠨ ᠤ ᠰᠢᠶᠠᠨ 2023 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/15
    ᠨᠠᠮ ᠪᠠᠶᠢᠭᠤᠯᠤᠭᠳᠠᠭᠰᠠᠨ‌‍ᠲ᠋ᠤᠯᠤᠭᠠᠨ ᠰᠠᠷ᠎ᠠ ᠳᠤ ᠨᠠᠮ ᠤᠨ ᠲᠤᠭ ᠰᠠᠯᠬᠢᠨ ᠤ ᠠᠶ᠎ᠠ ᠪᠠᠷ ᠬᠡᠶᠢᠰᠦᠨ ᠨᠠᠮᠢᠷᠠᠨ᠎ᠠ ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ ᠂ 7 ᠰᠠᠷ᠎ᠠ ᠶᠢᠨ 14  ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶ᠎ᠠ ᠂ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠂ ᠤᠬᠠᠭᠤᠯᠬᠤ ᠬᠡᠯᠲᠡᠰ᠂ ᠠᠵᠢᠯᠴᠢᠨ ᠤ ᠶᠡᠷᠦᠩᠬᠡᠢ ᠡᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠠᠭᠠᠭᠠᠴᠢᠯᠠᠨ ᠡᠷᠬᠢᠯᠡᠭᠰᠡᠨ 2023 ᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠠᠷᠠᠳ ᠤᠨ ᠲᠠᠯᠠᠪᠠᠢ ᠳᠤ ᠶᠠᠪᠤᠭᠳᠠᠪᠠ ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠵᠢᠶᠦ᠋ᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠶᠠᠨ ᠰᠢᠶᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠤᠤ ᠪᠥᠸᠧ ᠰᠢᠶᠦ᠋ᠩ ᠠᠵᠢᠯᠯᠠᠭ᠎ᠠ ᠳᠤ ᠣᠷᠣᠯᠴᠠᠪᠠ ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠼᠠᠢ ᠰᠢᠶᠠ ᠬᠤᠷᠠᠯ ᠢ ᠡᠷᠬᠢᠯᠡᠪᠡ ᠃

01.jpg

    ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ

ᠱᠦᠵᠢ ᠶᠠᠨ ᠵᠢᠶᠦ᠋ᠨ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ ᠠᠵᠢᠯᠯᠠᠭ᠎ᠠ ᠨᠢ

ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ ᠂

ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ

ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ

ᠲᠠᠯ᠎ᠠ ᠪᠠᠷ ᠣᠶᠢᠯᠠᠭᠠᠬᠤ ᠶᠢᠨ ᠲᠥᠯᠥᠭᠡ ᠶᠤᠮ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ

ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠱᠢᠶᠡᠴᠢ

ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠤᠳᠬ᠎ᠠ ᠤᠷᠠᠯᠢᠭ ᠤᠨ

ᠠᠵᠢᠯᠲᠠᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ

ᠲᠠᠯ᠎ᠠ ᠪᠠᠷ ᠳᠡᠭᠡᠭᠰᠢᠯᠡᠭᠦᠯᠦᠨ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠰᠡᠳᠬᠢᠯ ᠢ

ᠳᠤᠯᠠᠭᠠᠴᠠᠭᠤᠯᠬᠤ᠂ ᠢᠲᠡᠭᠡᠯ ᠢ ᠴᠢᠩᠭᠠᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ

ᠲᠦᠮᠡᠨ ᠳᠤ ᠬᠦᠴᠦᠷᠬᠡᠭ ᠶᠡᠭᠡ ᠥᠷᠲᠡᠭ ᠤᠨ ᠬᠥᠲᠥᠯᠥᠨ ᠵᠢᠯᠤᠭᠤᠳᠬᠤ ᠬᠦᠴᠦᠨ᠂ ᠰᠣᠶᠣᠯ ᠤᠨ ᠨᠢᠭᠲᠠᠷᠠᠭᠤᠯᠬᠤ

ᠬᠦᠴᠦᠨ᠂ ᠣᠶᠤᠨ ᠰᠠᠨᠠᠭᠠᠨ ᠤ ᠲᠦᠯᠬᠢᠴᠡ ᠬᠦᠴᠦᠨ ᠢ ᠬᠠᠩᠭᠠᠬᠤ ᠬᠡᠷᠡᠭᠲᠡᠢ᠃ ᠥᠷᠭᠡᠨ ᠣᠯᠠᠨ ᠤᠳᠬ᠎ᠠ

ᠤᠷᠠᠯᠢᠭ ᠤᠨ ᠠᠵᠢᠯᠲᠠᠳ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠰᠤᠷᠭᠠᠯ ᠢ ᠪᠠᠲᠤ

ᠴᠡᠭᠡᠵᠢᠯᠡᠵᠦ᠂ ᠶᠣᠰᠣ ᠰᠤᠷᠲᠠᠬᠤᠨ ᠢ ᠡᠷᠬᠢᠮᠯᠡᠨ ᠤᠷᠠᠯᠢᠭ ᠢ ᠡᠷᠬᠢᠮᠯᠡᠬᠦ ᠶᠠᠪᠤᠳᠠᠯ ᠢ ᠨᠢᠭᠡ ᠨᠠᠰᠤᠨ ᠤ ᠪᠠᠨ

ᠬᠢᠴᠢᠶᠡᠯ ᠢᠶᠠᠨ ᠪᠣᠯᠭᠠᠵᠤ᠂ ᠤᠳᠬ᠎ᠠ ᠤᠷᠠᠯᠢᠭ ᠤᠨ ᠹᠷᠣᠨᠲ ᠤᠨ ᠥᠪᠡᠷᠮᠢᠴᠡ ᠦᠢᠯᠡᠳᠦᠯ ᠢ ᠰᠠᠶᠢᠲᠤᠷ

ᠪᠠᠳᠠᠷᠠᠭᠤᠯᠵᠤ ᠂ ︽ᠰᠣᠶᠣᠯ ᠢᠶᠠᠷ ᠰᠡᠳᠬᠢᠯ ᠢ ᠲᠣᠭᠲᠠᠭᠠᠵᠤ ᠂ ᠰᠣᠶᠣᠯ ᠢᠶᠠᠷ ᠰᠦᠭ ᠰᠦᠨᠡᠰᠦ ᠶᠢ ᠱᠤᠭᠤᠬᠤ︾  ᠪᠠᠷ

ᠤᠷᠠᠯᠢᠭ ᠤᠨ ᠬᠥᠭᠡᠭᠡᠴᠡᠯᠳᠦᠯ ᠪᠣᠯᠭᠠᠵᠤ ᠂ ᠶᠡᠭᠡ ᠲᠠᠯ᠎ᠠ ᠶᠢ ᠪᠣᠳᠣᠯᠬᠢᠯᠠᠵᠤ ᠂ ᠤᠳᠬ᠎ᠠ ᠤᠷᠠᠯᠢᠭ ᠤᠨ ᠨᠣᠶᠠᠨ

ᠤᠷᠬᠢᠯ ᠳᠤ ᠵᠣᠷᠢᠭᠲᠠᠢ ᠪᠠᠷ ᠠᠪᠠᠷᠢᠵᠤ ᠂ ᠨᠡᠩ ᠤᠯᠠᠨ ᠦᠵᠡᠯ ᠰᠠᠨᠠᠭ᠎ᠠ ᠭᠦᠨ ᠭᠦᠨᠵᠡᠭᠡᠢ ᠂ ᠤᠷᠠᠯᠢᠭ ᠭᠤᠶᠢᠳᠠ

ᠰᠠᠶᠢᠨ ᠂ ᠵᠣᠬᠢᠶᠠᠨ ᠪᠦᠲᠦᠭᠡᠯᠲᠡ ᠰᠢᠯᠢᠳᠡᠭ ᠰᠠᠶᠢᠬᠠᠨ ᠤᠳᠬ᠎ᠠ ᠤᠷᠠᠯᠢᠭ ᠤᠨ ᠪᠦᠲᠦᠭᠡᠯ ᠢ ᠪᠦᠲᠦᠭᠡᠵᠦ ᠂ ᠨᠡᠩ

ᠤᠯᠠᠨ ᠢᠳᠡᠪᠬᠢ ᠬᠦᠴᠦᠨ ᠲᠠᠢ ᠂ ᠨᠥᠯᠥᠭᠡᠯᠡᠬᠦ ᠬᠦᠴᠦᠨ ᠲᠠᠢ ᠂ ᠤᠯᠠᠮᠵᠢᠯᠠᠭᠳᠠᠵᠤ ᠳᠡᠶᠢᠯᠬᠦ ᠰᠢᠯᠢᠳᠡᠭ ᠪᠦᠲᠦᠭᠡᠯ ᠢ

ᠵᠣᠬᠢᠶᠠᠨ ᠪᠦᠲᠦᠭᠡᠵᠦ ᠂ ᠬᠤᠸᠠᠳᠧ ᠶᠢᠨ ᠤᠳᠬ᠎ᠠ ᠤᠷᠠᠯᠢᠭ ᠤᠨ ᠦᠢᠯᠡᠰ ᠢ ᠨᠡᠩ ᠥᠨᠳᠥᠷ ᠲᠦᠪᠰᠢᠨ ᠳᠤ

ᠠᠬᠢᠭᠤᠯᠬᠤ ᠬᠡᠷᠡᠭᠲᠡᠢ᠃

02.jpg

    ᠬᠠᠷᠠᠩᠭ᠎ᠠ ᠬᠡᠩᠭᠡᠷᠭᠡ ᠤᠯᠤᠰ ᠤᠨ ᠪᠠᠶᠢᠳᠠᠯ ᠢᠶᠠᠨ ᠬᠠᠶᠢᠷᠠᠯᠠᠬᠤ ᠶᠢ ᠴᠤᠤᠷᠢᠶᠠᠲᠤᠭᠤᠯᠵᠤ ᠂ ᠶᠠᠩᠭᠠᠷ ᠰᠢᠨ᠎ᠡ

ᠠᠮᠢᠳᠤᠷᠠᠯ ᠢ ᠪᠤᠢ ᠪᠣᠯᠭᠠᠪᠠ ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠂ ᠾᠥᠸᠧ ᠲᠠᠢ ᠶᠠᠩ ᠶᠠᠩᠭᠠᠷ  ᠤᠨ

ᠠᠩᠭᠢ ᠂  ᠰᠢᠨ ᠰᠢᠨ ᠰᠢᠶᠠᠩ ᠷᠥᠩ ᠶᠠᠩᠭᠠᠷ ᠤᠨ ᠠᠩᠭᠢ ᠂ ᠴᠢᠶᠣᠣ ᠰᠢ ᠶᠠᠩ ᠶᠠᠩᠭᠠᠷ ᠤᠨ ᠠᠩᠭᠢ ᠵᠡᠷᠭᠡ 17

ᠲᠥᠯᠥᠭᠡᠯᠡᠭᠴᠢᠳ ᠤᠨ ᠠᠩᠭᠢ ᠭᠤᠶᠣᠯᠠᠯ ᠤᠨ ᠬᠤᠪᠴᠠᠰᠤ  ᠲᠠᠢ ᠲᠠᠶᠢᠰᠠᠨ ᠳᠤ ᠭᠠᠷᠴᠤ ᠂ ᠵᠠᠯᠭᠠᠭ᠎ᠠ ᠪᠠᠷ

ᠤᠷᠤᠯᠳᠤᠭᠠᠨ ᠳᠤ ᠣᠷᠣᠯᠴᠠᠵᠠᠢ ᠃ ᠠᠶᠢᠵᠠᠮ ᠢᠯᠭᠤᠮ ᠲᠣᠳᠣ ᠂ ᠰᠡᠳᠬᠢᠯ ᠬᠥᠳᠡᠯᠭᠡᠮ᠎ᠡ ᠪᠥᠵᠢᠭ ᠤᠨ ᠠᠶ᠎ᠠ ᠶᠢ

ᠳᠠᠭᠠᠯᠳᠤᠨ᠂ ᠶᠠᠩᠭᠠᠷ ᠪᠥᠵᠢᠭᠴᠢᠳ ᠪᠠᠶᠠᠷ ᠨᠠᠶᠢᠷ ᠤᠨ ᠭᠤᠶᠤ ᠡᠮᠦᠰᠭᠡᠯ ᠡᠮᠦᠰᠴᠦ ᠂ ᠲᠠᠪᠤᠨ ᠥᠩᠭᠡᠲᠦ

ᠲᠣᠯᠣᠭᠠᠢ ᠶᠢᠨ ᠵᠠᠰᠠᠯ ᠵᠡᠭᠦᠵᠦ ᠂ ᠭᠠᠷ ᠲᠠᠭᠠᠨ ᠥᠩᠭᠡᠲᠦ ᠳᠡᠪᠢᠭᠦᠷᠯᠢᠭ ᠳᠤᠷᠳᠤᠩ ᠪᠠᠷᠢᠵᠤ ᠂ ᠭᠦᠨ ᠵᠤᠵᠠᠭᠠᠨ

ᠰᠣᠶᠣᠯ ᠤᠨ ᠠᠭᠤᠷ ᠠᠮᠢᠰᠬᠤᠯ ᠲᠠᠢ ᠭᠤᠶᠢᠳᠠ ᠰᠠᠶᠢᠬᠠᠨ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢ ᠳᠡᠯᠭᠡᠨ

ᠦᠵᠡᠭᠦᠯᠵᠦ ᠂ ᠰᠢᠨ᠎ᠡ ᠴᠠᠭ ᠦᠶ᠎ᠡ ᠶᠢᠨ ᠠᠷᠠᠳ ᠤᠯᠠᠨ ᠤ ᠰᠠᠶᠢᠨ ᠰᠠᠶᠢᠬᠠᠨ ᠰᠢᠨ᠎ᠡ ᠴᠠᠭ ᠦᠶ᠎ᠡ ᠶᠢᠨ ᠤᠶᠤᠨ

ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃

03.jpg

    ᠡᠨᠡ ᠤᠳᠠᠭ᠎ᠠ ᠶᠢᠨ ᠶᠠᠩᠭᠠᠷ ᠤᠨ ᠬᠠᠮᠲᠤᠷᠠᠭᠰᠠᠨ ᠲᠣᠭᠯᠠᠯᠲᠠ ᠨᠢ ᠰᠢᠯᠢᠳᠡᠭ ᠤᠯᠠᠮᠵᠢᠯᠠᠯᠲᠤ ᠠᠷᠠᠳ ᠤᠨ

ᠰᠣᠶᠣᠯ ᠤᠨ ᠤᠯᠠᠮᠵᠢᠯᠠᠯ ᠪᠠ ᠰᠢᠨ᠎ᠡ ᠡᠭᠦᠳᠦᠯᠲᠡ ᠶᠢ ᠳᠡᠯᠭᠡᠨ ᠦᠵᠡᠭᠦᠯᠵᠦ ᠂ ᠴᠥᠭᠡᠨ ᠪᠤᠰᠤ ᠤᠯᠠᠨ ᠲᠦᠮᠡᠨ ᠤ

ᠠᠩᠬᠠᠷᠤᠯ ᠢ ᠲᠠᠲᠠᠵᠤ ᠂ ᠪᠦᠬᠦ ᠬᠥᠮᠥᠰ ᠪᠠᠶᠠᠷ ᠬᠦᠷ ᠲᠠᠢ ᠠᠭᠤᠷ ᠠᠮᠢᠰᠬᠤᠯ ᠢᠶᠠᠷ ᠪᠢᠯᠬᠠᠵᠤ ᠂ ᠦᠵᠡᠭᠴᠢᠳ ᠤᠨ

ᠬᠠᠯᠠᠭᠤᠨ ᠠᠯᠠᠭ᠎ᠠ ᠲᠡᠰᠢᠯᠲᠡ ᠶᠢ ᠣᠯᠪᠠ᠃

04.jpg

    ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂

ᠰᠣᠶᠣᠯ ᠵᠤᠭᠠᠴᠠᠯ ᠤᠨ ᠲᠣᠪᠴᠢᠶ᠎ᠠ ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ

ᠮᠡᠷᠭᠡᠵᠢᠯ ᠤᠨ ᠨᠡᠶᠢᠭᠡᠮᠯᠢᠭ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠂ ᠵᠡᠮᠳᠡᠭᠴᠦᠳ ᠤᠨ ᠬᠤᠯᠪᠣᠭ᠎ᠠ᠂ ᠰᠢᠨ᠎ᠡ

ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠵᠢᠴᠢ ᠵᠣᠬᠢᠶᠠᠯᠴᠢᠳ ᠤᠨ ᠡᠪᠯᠡᠯ᠂ ᠰᠢ ᠵᠦᠴᠦᠭᠡᠴᠢᠳ ᠤᠨ

ᠨᠡᠶᠢᠭᠡᠮᠯᠢᠭ᠂ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ

ᠵᠢᠴᠢ ᠡᠯ᠎ᠡ ᠲᠣᠭᠯᠠᠯᠲᠠ ᠳᠤ ᠣᠷᠣᠯᠴᠠᠬᠤ ᠵᠢᠭᠰᠠᠭᠠᠯ ᠤᠨ ᠠᠩᠭᠢ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ

ᠦᠢᠯᠡᠴᠢᠯᠡᠭᠴᠢᠳ ᠠᠵᠢᠯᠯᠠᠭ᠎ᠠ ᠳᠤ ᠣᠷᠣᠯᠴᠠᠵᠠᠢ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2