| ᠨᠠᠮ ᠪᠠᠶᠢᠭᠤᠯᠤᠭᠳᠠᠭᠰᠠᠨ ᠲᠤᠯᠤᠭᠠᠨ ᠰᠠᠷ᠎ᠠ ᠳᠤ ᠨᠠᠮ ᠤᠨ ᠲᠤᠭ ᠰᠠᠯᠬᠢᠨ ᠤ ᠠᠶ᠎ᠠ ᠪᠠᠷ ᠬᠡᠶᠢᠰᠦᠨ ᠨᠠᠮᠢᠷᠠᠨ᠎ᠠ ᠃ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ ᠂ 7 | ᠰᠠᠷ᠎ᠠ ᠶᠢᠨ 14 ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠸᠠᠳᠧ ᠰᠢᠶᠠᠨ ᠤ ᠬᠤᠷᠢᠶ᠎ᠠ ᠂ ᠬᠤᠸᠠᠳᠧ | ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠸᠠᠳᠧ ᠰᠢᠶᠠᠨ ᠤ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠂ ᠤᠬᠠᠭᠤᠯᠬᠤ ᠬᠡᠯᠲᠡᠰ᠂ ᠠᠵᠢᠯᠴᠢᠨ ᠤ ᠶᠡᠷᠦᠩᠬᠡᠢ | ᠡᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠠᠭᠠᠭᠠᠴᠢᠯᠠᠨ ᠡᠷᠬᠢᠯᠡᠭᠰᠡᠨ 2023 ᠣᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ | ᠠᠷᠠᠳ ᠤᠨ ᠲᠠᠯᠠᠪᠠᠢ ᠳᠤ ᠶᠠᠪᠤᠭᠳᠠᠪᠠ ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠤᠯᠤᠰ ᠲᠦᠷᠦ ᠬᠠᠤᠯᠢ | ᠴᠠᠭᠠᠵᠠ ᠶᠢᠨ ᠬᠤᠷᠢᠶᠠᠨ ᠤ ᠱᠦᠵᠢ ᠶᠠᠨ ᠵᠢᠶᠦ᠋ᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠶᠠᠨ ᠰᠢᠶᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠼᠤᠤ ᠪᠥᠸᠧ ᠰᠢᠶᠦ᠋ᠩ ᠠᠵᠢᠯᠯᠠᠭ᠎ᠠ ᠳᠤ ᠣᠷᠣᠯᠴᠠᠪᠠ ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠼᠠᠢ ᠰᠢᠶᠠ ᠬᠤᠷᠠᠯ ᠢ ᠡᠷᠬᠢᠯᠡᠪᠡ ᠃ | | | | | | ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ | ᠵᠢᠶᠦ᠋ᠨ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ ᠠᠵᠢᠯᠯᠠᠭ᠎ᠠ ᠨᠢ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠣᠶᠢᠯᠠᠭᠠᠬᠤ ᠶᠢᠨ ᠲᠥᠯᠥᠭᠡ | ᠶᠤᠮ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠵᠤ᠂ ᠤᠳᠬ᠎ᠠ ᠤᠷᠠᠯᠢᠭ ᠤᠨ ᠠᠵᠢᠯᠲᠠᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ | ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ | ᠠᠷᠠᠳ ᠤᠨ ᠰᠡᠳᠬᠢᠯ ᠢ ᠳᠤᠯᠠᠭᠠᠴᠠᠭᠤᠯᠬᠤ᠂ ᠢᠲᠡᠭᠡᠯ ᠢ ᠴᠢᠩᠭᠠᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠥᠷᠭᠡᠨ ᠣᠯᠠᠨ ᠲᠦᠮᠡᠨ ᠳᠤ ᠬᠦᠴᠦᠷᠬᠡᠭ ᠶᠡᠭᠡ ᠥᠷᠲᠡᠭ ᠤᠨ ᠬᠥᠲᠥᠯᠥᠨ ᠵᠢᠯᠤᠭᠤᠳᠬᠤ ᠬᠦᠴᠦᠨ᠂ ᠰᠣᠶᠣᠯ ᠤᠨ | ᠨᠢᠭᠲᠠᠷᠠᠭᠤᠯᠬᠤ ᠬᠦᠴᠦᠨ᠂ ᠣᠶᠤᠨ ᠰᠠᠨᠠᠭᠠᠨ ᠤ ᠲᠦᠯᠬᠢᠴᠡ ᠬᠦᠴᠦᠨ ᠢ ᠬᠠᠩᠭᠠᠬᠤ ᠬᠡᠷᠡᠭᠲᠡᠢ᠃ ᠥᠷᠭᠡᠨ ᠣᠯᠠᠨ | ᠤᠳᠬ᠎ᠠ ᠤᠷᠠᠯᠢᠭ ᠤᠨ ᠠᠵᠢᠯᠲᠠᠳ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠰᠤᠷᠭᠠᠯ ᠢ ᠪᠠᠲᠤ | ᠴᠡᠭᠡᠵᠢᠯᠡᠵᠦ᠂ ᠶᠣᠰᠣ ᠰᠤᠷᠲᠠᠬᠤᠨ ᠢ ᠡᠷᠬᠢᠮᠯᠡᠨ ᠤᠷᠠᠯᠢᠭ ᠢ ᠡᠷᠬᠢᠮᠯᠡᠬᠦ ᠶᠠᠪᠤᠳᠠᠯ ᠢ ᠨᠢᠭᠡ ᠨᠠᠰᠤᠨ ᠤ ᠪᠠᠨ ᠬᠢᠴᠢᠶᠡᠯ ᠢᠶᠠᠨ | ᠪᠣᠯᠭᠠᠵᠤ᠂ ᠤᠳᠬ᠎ᠠ ᠤᠷᠠᠯᠢᠭ ᠤᠨ ᠹᠷᠣᠨᠲ ᠤᠨ ᠥᠪᠡᠷᠮᠢᠴᠡ ᠦᠢᠯᠡᠳᠦᠯ ᠢ ᠰᠠᠶᠢᠲᠤᠷ ᠪᠠᠳᠠᠷᠠᠭᠤᠯᠵᠤ ᠂ ︽ᠰᠣᠶᠣᠯ ᠢᠶᠠᠷ | ᠰᠡᠳᠬᠢᠯ ᠢ ᠲᠣᠭᠲᠠᠭᠠᠵᠤ ᠂ ᠰᠣᠶᠣᠯ ᠢᠶᠠᠷ ᠰᠦᠭ ᠰᠦᠨᠡᠰᠦ ᠶᠢ ᠱᠤᠭᠤᠬᠤ︾ ᠪᠠᠷ ᠤᠷᠠᠯᠢᠭ ᠤᠨ ᠬᠥᠭᠡᠭᠡᠴᠡᠯᠳᠦᠯ ᠪᠣᠯᠭᠠᠵᠤ ᠂ | ᠶᠡᠭᠡ ᠲᠠᠯ᠎ᠠ ᠶᠢ ᠪᠣᠳᠣᠯᠬᠢᠯᠠᠵᠤ ᠂ ᠤᠳᠬ᠎ᠠ ᠤᠷᠠᠯᠢᠭ ᠤᠨ ᠨᠣᠶᠠᠨ ᠤᠷᠬᠢᠯ ᠳᠤ ᠵᠣᠷᠢᠭᠲᠠᠢ ᠪᠠᠷ ᠠᠪᠠᠷᠢᠵᠤ ᠂ ᠨᠡᠩ ᠤᠯᠠᠨ | ᠦᠵᠡᠯ ᠰᠠᠨᠠᠭ᠎ᠠ ᠭᠦᠨ ᠭᠦᠨᠵᠡᠭᠡᠢ ᠂ ᠤᠷᠠᠯᠢᠭ ᠭᠤᠶᠢᠳᠠ ᠰᠠᠶᠢᠨ ᠂ ᠵᠣᠬᠢᠶᠠᠨ ᠪᠦᠲᠦᠭᠡᠯᠲᠡ ᠰᠢᠯᠢᠳᠡᠭ ᠰᠠᠶᠢᠬᠠᠨ ᠤᠳᠬ᠎ᠠ | ᠤᠷᠠᠯᠢᠭ ᠤᠨ ᠪᠦᠲᠦᠭᠡᠯ ᠢ ᠪᠦᠲᠦᠭᠡᠵᠦ ᠂ ᠨᠡᠩ ᠤᠯᠠᠨ ᠢᠳᠡᠪᠬᠢ ᠬᠦᠴᠦᠨ ᠲᠠᠢ ᠂ ᠨᠥᠯᠥᠭᠡᠯᠡᠬᠦ ᠬᠦᠴᠦᠨ ᠲᠠᠢ ᠂ | ᠤᠯᠠᠮᠵᠢᠯᠠᠭᠳᠠᠵᠤ ᠳᠡᠶᠢᠯᠬᠦ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠂ ᠬᠤᠸᠠᠳᠧ ᠶᠢᠨ ᠤᠳᠬ᠎ᠠ ᠤᠷᠠᠯᠢᠭ ᠤᠨ | ᠦᠢᠯᠡᠰ ᠢ ᠨᠡᠩ ᠥᠨᠳᠥᠷ ᠲᠦᠪᠰᠢᠨ ᠳᠤ ᠠᠬᠢᠭᠤᠯᠬᠤ ᠬᠡᠷᠡᠭᠲᠡᠢ᠃ | | | | | | ᠬᠠᠷᠠᠩᠭ᠎ᠠ ᠬᠡᠩᠭᠡᠷᠭᠡ ᠤᠯᠤᠰ ᠤᠨ ᠪᠠᠶᠢᠳᠠᠯ ᠢᠶᠠᠨ ᠬᠠᠶᠢᠷᠠᠯᠠᠬᠤ ᠶᠢ ᠴᠤᠤᠷᠢᠶᠠᠲᠤᠭᠤᠯᠵᠤ ᠂ ᠶᠠᠩᠭᠠᠷ ᠰᠢᠨ᠎ᠡ ᠠᠮᠢᠳᠤᠷᠠᠯ ᠢ | ᠪᠤᠢ ᠪᠣᠯᠭᠠᠪᠠ ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠂ ᠾᠥᠸᠧ ᠲᠠᠢ ᠶᠠᠩ ᠶᠠᠩᠭᠠᠷ ᠤᠨ ᠠᠩᠭᠢ ᠂ ᠰᠢᠨ ᠰᠢᠨ | ᠰᠢᠶᠠᠩ ᠷᠥᠩ ᠶᠠᠩᠭᠠᠷ ᠤᠨ ᠠᠩᠭᠢ ᠂ ᠴᠢᠶᠣᠣ ᠰᠢ ᠶᠠᠩ ᠶᠠᠩᠭᠠᠷ ᠤᠨ ᠠᠩᠭᠢ ᠵᠡᠷᠭᠡ 17 ᠲᠥᠯᠥᠭᠡᠯᠡᠭᠴᠢᠳ ᠤᠨ ᠠᠩᠭᠢ | ᠭᠤᠶᠣᠯᠠᠯ ᠤᠨ ᠬᠤᠪᠴᠠᠰᠤ ᠲᠠᠢ ᠲᠠᠶᠢᠰᠠᠨ ᠳᠤ ᠭᠠᠷᠴᠤ ᠂ ᠵᠠᠯᠭᠠᠭ᠎ᠠ ᠪᠠᠷ ᠤᠷᠤᠯᠳᠤᠭᠠᠨ ᠳᠤ ᠣᠷᠣᠯᠴᠠᠵᠠᠢ ᠃ ᠠᠶᠢᠵᠠᠮ | ᠢᠯᠭᠤᠮ ᠲᠣᠳᠣ ᠂ ᠰᠡᠳᠬᠢᠯ ᠬᠥᠳᠡᠯᠭᠡᠮ᠎ᠡ ᠪᠥᠵᠢᠭ ᠤᠨ ᠠᠶ᠎ᠠ ᠶᠢ ᠳᠠᠭᠠᠯᠳᠤᠨ᠂ ᠶᠠᠩᠭᠠᠷ ᠪᠥᠵᠢᠭᠴᠢᠳ ᠪᠠᠶᠠᠷ ᠨᠠᠶᠢᠷ ᠤᠨ | ᠭᠤᠶᠤ ᠡᠮᠦᠰᠭᠡᠯ ᠡᠮᠦᠰᠴᠦ ᠂ ᠲᠠᠪᠤᠨ ᠥᠩᠭᠡᠲᠦ ᠲᠣᠯᠣᠭᠠᠢ ᠶᠢᠨ ᠵᠠᠰᠠᠯ ᠵᠡᠭᠦᠵᠦ ᠂ ᠭᠠᠷ ᠲᠠᠭᠠᠨ ᠥᠩᠭᠡᠲᠦ ᠳᠡᠪᠢᠭᠦᠷᠯᠢᠭ | ᠳᠤᠷᠳᠤᠩ ᠪᠠᠷᠢᠵᠤ ᠂ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠲᠠᠢ ᠭᠤᠶᠢᠳᠠ ᠰᠠᠶᠢᠬᠠᠨ ᠬᠠᠷᠠᠭᠠᠨ ᠰᠡᠷᠡᠯ ᠤᠨ | ᠦᠪᠡᠳᠡᠭᠰᠢ ᠨᠠᠶᠢᠷ ᠢ ᠳᠡᠯᠭᠡᠨ ᠦᠵᠡᠭᠦᠯᠵᠦ ᠂ ᠰᠢᠨ᠎ᠡ ᠴᠠᠭ ᠦᠶ᠎ᠡ ᠶᠢᠨ ᠠᠷᠠᠳ ᠤᠯᠠᠨ ᠤ ᠰᠠᠶᠢᠨ ᠰᠠᠶᠢᠬᠠᠨ ᠰᠢᠨ᠎ᠡ ᠴᠠᠭ | ᠦᠶ᠎ᠡ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ | | | | | | ᠡᠨᠡ ᠤᠳᠠᠭ᠎ᠠ ᠶᠢᠨ ᠶᠠᠩᠭᠠᠷ ᠤᠨ ᠬᠠᠮᠲᠤᠷᠠᠭᠰᠠᠨ ᠲᠣᠭᠯᠠᠯᠲᠠ ᠨᠢ ᠰᠢᠯᠢᠳᠡᠭ ᠤᠯᠠᠮᠵᠢᠯᠠᠯᠲᠤ ᠠᠷᠠᠳ ᠤᠨ ᠰᠣᠶᠣᠯ ᠤᠨ | ᠤᠯᠠᠮᠵᠢᠯᠠᠯ ᠪᠠ ᠰᠢᠨ᠎ᠡ ᠡᠭᠦᠳᠦᠯᠲᠡ ᠶᠢ ᠳᠡᠯᠭᠡᠨ ᠦᠵᠡᠭᠦᠯᠵᠦ ᠂ ᠴᠥᠭᠡᠨ ᠪᠤᠰᠤ ᠤᠯᠠᠨ ᠲᠦᠮᠡᠨ ᠤ ᠠᠩᠬᠠᠷᠤᠯ ᠢ ᠲᠠᠲᠠᠵᠤ ᠂ | ᠪᠦᠬᠦ ᠬᠥᠮᠥᠰ ᠪᠠᠶᠠᠷ ᠬᠦᠷ ᠲᠠᠢ ᠠᠭᠤᠷ ᠠᠮᠢᠰᠬᠤᠯ ᠢᠶᠠᠷ ᠪᠢᠯᠬᠠᠵᠤ ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ | ᠣᠯᠪᠠ᠃ | | | | | | ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ | ᠰᠣᠶᠣᠯ ᠵᠤᠭᠠᠴᠠᠯ ᠤᠨ ᠲᠣᠪᠴᠢᠶ᠎ᠠ ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠂ ᠵᠡᠮᠳᠡᠭᠴᠦᠳ ᠤᠨ ᠬᠤᠯᠪᠣᠭ᠎ᠠ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠵᠢᠴᠢ ᠵᠣᠬᠢᠶᠠᠯᠴᠢᠳ ᠤᠨ ᠡᠪᠯᠡᠯ᠂ ᠰᠢ ᠵᠦᠴᠦᠭᠡᠴᠢᠳ ᠤᠨ ᠨᠡᠶᠢᠭᠡᠮᠯᠢᠭ᠂ | ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠵᠢᠴᠢ ᠡᠯ᠎ᠡ | ᠲᠣᠭᠯᠠᠯᠲᠠ ᠳᠤ ᠣᠷᠣᠯᠴᠠᠬᠤ ᠵᠢᠭᠰᠠᠭᠠᠯ ᠤᠨ ᠠᠩᠭᠢ ᠶᠢᠨ ᠤᠳᠬ᠎ᠠ ᠤᠷᠠᠯᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢᠳ | ᠠᠵᠢᠯᠯᠠᠭ᠎ᠠ ᠳᠤ ᠣᠷᠣᠯᠴᠠᠵᠠᠢ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ | | | | | | | | | |