ᠮᠠᠨ ᠤ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠲᠦᠷᠦᠯ ᠢ ᠨᠡᠶᠢᠳᠡᠮ ᠪᠠᠶᠢᠴᠠᠭᠠᠬᠤ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2023/7/19
    ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠪᠤᠳᠠᠰ ᠤᠨ ᠲᠦᠷᠦᠯ ᠢ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠤᠰᠠᠳᠠ᠂ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢᠨ ᠪᠠᠶᠢᠳᠠᠯ ᠢ ᠪᠦᠭᠦ ᠲᠠᠯ᠎ᠠ ᠪᠠᠷ ᠣᠶᠢᠯᠭᠠᠬᠤ ᠶᠢᠨ ᠲᠦᠯᠦᠭᠡ᠂ 7 ᠰᠠᠷ᠎ᠠ ᠶᠢᠨ 14 ᠤ ᠡᠳᠦᠷ᠂ ᠬᠤᠲᠠ ᠶᠢᠨ ᠠᠮᠢ ᠠᠬᠤᠢ ᠶᠢᠨ ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠶᠢᠨ ᠭᠤᠷᠪᠠᠳᠠᠭᠢ ᠡᠲᠡᠭᠡᠳ ᠤᠨ ᠲᠤᠰᠬᠠᠢ ᠮᠡᠷᠭᠡᠵᠢᠯᠲᠡᠨ ᠮᠠᠨ ᠤ ᠰᠢᠶᠠᠨ ᠳᠤ ᠭᠦᠨᠵᠡᠭᠡᠶᠢᠷᠡᠨ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠳᠦᠷᠰᠦ ᠶᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠥᠭᠡᠳ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠵᠢᠯᠤᠭᠤᠳᠤᠯᠭ᠎ᠠ ᠬᠢᠪᠡ᠃

10.png

    ᠨᠡᠶᠢᠳᠡᠮ ᠪᠠᠶᠢᠴᠠᠭᠠᠯᠲᠠ ᠶᠢᠨ ᠳᠤᠮᠳᠠ᠂ ᠪᠥᠬᠦ ᠰᠢᠶᠠᠨ ᠤ 6 ᠰᠢᠶᠠᠩ ᠪᠠᠯᠭᠠᠰᠤᠨ ᠤ ᠲᠠᠪᠤᠨ ᠶᠡᠭᠡ

ᠲᠥᠷᠥᠯ ᠤᠨ ᠠᠮᠢ ᠠᠬᠤᠢ ᠶᠢᠨ ᠣᠷᠴᠢᠨ ᠲᠣᠭᠤᠷᠢᠨ ᠳᠤ 3 ᠵᠤᠷᠪᠤᠰ ᠨᠡᠶᠢᠳᠡᠮ ᠪᠠᠶᠢᠴᠠᠭᠠᠯᠲᠠ ᠶᠢᠨ ᠵᠠᠮ ᠱᠤᠭᠤᠮ

ᠭᠠᠷᠭᠠᠵᠤ᠂ ᠤᠷᠭᠤᠮᠠᠯ ᠪᠠ ᠡᠪᠡᠳᠴᠢᠨ ᠂ ᠬᠤᠷᠣᠬᠠᠢ ᠶᠢᠨ ᠬᠥᠨᠥᠭᠡᠯ ᠢ ᠲᠣᠰ ᠲᠣᠰ 20 ᠪᠠᠶᠢᠴᠠᠭᠠᠬᠤ ᠴᠡᠭ ᠲᠠᠢ

ᠪᠣᠯᠭᠠᠵᠠᠢ᠃ ᠨᠡᠶᠢᠳᠡᠮ ᠤᠨ ᠪᠠᠶᠢᠴᠠᠭᠠᠯᠲᠠ ᠶᠢᠨ ᠠᠵᠢᠯᠲᠠᠳ ᠲᠣᠭᠲᠠᠭᠠᠭᠰᠠᠨ ᠲᠣᠭᠤᠷᠢᠨ ᠪᠠᠶᠢᠴᠠᠭᠠᠬᠤ ᠴᠢᠭ ᠪᠣᠯᠣᠨ

ᠵᠠᠮ ᠱᠤᠭᠤᠮ ᠢ ᠦᠨᠳᠦᠰᠦᠯᠡᠨ᠂ ᠪᠥᠬᠦ ᠰᠢᠶᠠᠨ ᠤ ᠭᠤᠣᠯ ᠪᠣᠯᠬᠤ ᠵᠠᠮ ᠢᠶᠠᠷ ᠭᠤᠣᠯ ᠱᠤᠭᠤᠮ ᠪᠣᠯᠭᠠᠵᠤ᠂

ᠲᠥᠯᠥᠭᠡᠯᠡᠬᠦ ᠴᠢᠨᠠᠷᠲᠠᠢ ᠲᠠᠷᠢᠶᠠᠨ ᠭᠠᠵᠠᠷ᠂ ᠬᠦᠷᠢᠶᠡᠯᠡᠩ ᠭᠠᠵᠠᠷ᠂ ᠬᠤᠲᠠ ᠪᠠᠯᠭᠠᠰᠤ ᠲᠣᠰᠬᠤᠨ ᠵᠢᠴᠢ

ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ᠂ ᠵᠠᠮ ᠬᠠᠷᠢᠯᠴᠠᠭ᠎ᠠ ᠲᠡᠭᠡᠭᠡᠪᠦᠷᠢ ᠳᠤ ᠬᠡᠷᠡᠭᠯᠡᠬᠦ ᠭᠠᠵᠠᠷ ᠪᠣᠯᠣᠨ

ᠤᠰᠤᠨ ᠣᠷᠣᠨ ᠵᠢᠴᠢ ᠤᠰᠤᠨ ᠠᠰᠢᠭᠯᠠᠯᠲᠠ ᠶᠢᠨ ᠪᠡᠯᠡᠳᠬᠡᠮᠵᠢ ᠳᠤ ᠬᠡᠷᠡᠭᠯᠡᠬᠦ ᠭᠠᠵᠠᠷ ᠢ ᠰᠣᠩᠭᠤᠨ ᠲᠣᠭᠤᠷᠢᠨ

ᠪᠠᠶᠢᠴᠠᠭᠠᠬᠤ ᠴᠢᠭ ᠪᠣᠯᠭᠠᠵᠤ᠂ ᠪᠣᠶ ᠪᠦᠬᠦᠢ ᠰᠢᠶᠠᠩ ᠪᠠᠯᠭᠠᠰᠤ ᠪᠣᠯᠣᠨ ᠪᠣᠶ ᠪᠦᠬᠦᠢ ᠵᠠᠩᠭᠢᠯᠠᠭ᠎ᠠ ᠶᠢᠨ ᠣᠷᠣᠨ

ᠪᠦᠰᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃

    ᠪᠠᠶᠢᠴᠠᠭᠠᠯᠲᠠ ᠬᠢᠬᠦ ᠶᠠᠪᠤᠴᠠ ᠳᠤ᠂ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠲᠠᠷᠢᠶᠠᠨ ᠭᠠᠵᠠᠷ᠂ ᠵᠠᠮ ᠤᠨ

ᠬᠠᠵᠠᠭᠤ᠂ ᠠᠶᠢᠯ ᠲᠣᠰᠬᠤᠨ ᠳᠤ ᠭᠦᠨᠵᠡᠭᠡᠶᠢᠷᠡᠨ ᠨᠠᠷᠢᠨ ᠨᠢᠮᠪᠠᠢ ᠪᠠᠶᠢᠴᠠᠭᠠᠯᠲᠠ ᠬᠢᠵᠡᠢ᠃ ᠭᠠᠳᠠᠨ᠎ᠠ ᠠᠴᠠ ᠢᠷᠡᠭᠰᠡᠨ

ᠪᠣᠳᠠᠰ ᠤᠨ ᠳᠦᠷᠰᠦ ᠶᠢ ᠢᠯᠡᠷᠡᠭᠦᠯᠬᠦ ᠳᠤ᠂ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠳᠦᠷᠰᠦ ᠶᠢᠨ

ᠵᠢᠷᠤᠭ ᠤᠨ ᠲᠣᠯᠢᠯᠠᠯ ᠲᠠᠢ ᠬᠠᠷᠢᠴᠠᠭᠤᠯᠬᠤ᠂ ᠭᠠᠷ ᠤᠲᠠᠰᠤᠨ ᠤ ᠬᠡᠷᠡᠭᠯᠡᠭᠡᠨ ᠤ ᠫᠷᠣᠭ᠍ᠷᠠᠮ ᠢ ᠠᠰᠢᠭᠯᠠᠨ ᠢᠯᠭᠠᠨ

ᠲᠠᠨᠢᠬᠤ ᠪᠠ ᠰᠢᠨᠵᠢᠯᠡᠨ ᠰᠤᠳᠤᠯᠬᠤ ᠵᠡᠷᠭᠡ ᠬᠡᠯᠪᠡᠷᠢ ᠪᠠᠷ ᠨᠤᠲᠠᠯᠠᠨ ᠲᠣᠭᠲᠠᠭᠠᠨ᠎ᠠ᠃ ᠨᠤᠲᠠᠯᠠᠭᠰᠠᠨ ᠤ ᠳᠠᠷᠠᠭ᠎ᠠ

ᠲᠤᠬᠠᠢ ᠶᠢᠨ ᠲᠠᠯᠠᠪᠠᠶ ᠳᠤ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ APP

ᠰᠢᠰᠲ᠋ᠧᠮ ᠳᠤ ᠣᠷᠣᠭᠤᠯᠬᠤ ᠶᠢᠨ ᠬᠠᠮᠲᠤ ᠳᠠᠮᠵᠢᠭᠤᠯᠬᠤ ᠠᠵᠢᠯ ᠬᠢᠬᠦ ᠶᠢᠨ ᠬᠠᠮᠲᠤ ᠭᠠᠳᠠᠨ᠎ᠠ ᠠᠴᠠ ᠣᠷᠣᠵᠤ

ᠢᠷᠡᠭᠰᠡᠨ ᠪᠣᠳᠠᠰ ᠤᠨ ᠳᠦᠷᠰᠦ ᠶᠢ ᠤᠬᠠᠭᠤᠯᠵᠤ ᠰᠠᠨᠠᠭᠤᠯᠬᠤ ᠠᠵᠢᠯ ᠬᠢᠨ᠎ᠡ᠃

    ᠣᠳᠣ ᠪᠣᠯᠲᠠᠯ᠎ᠠ ᠭᠠᠳᠠᠨ᠎ᠠ ᠠᠴᠠ ᠣᠷᠣᠵᠤ ᠢᠷᠡᠭᠰᠡᠨ ᠤᠷᠭᠤᠮᠠᠯ ᠢ ᠪᠠᠶᠢᠴᠠᠭᠠᠬᠤ ᠴᠡᠭ ᠤᠨ ᠪᠠᠶᠢᠴᠠᠭᠠᠬᠤ ᠠᠵᠢᠯ

 ᠢ ᠨᠢᠭᠡᠨᠲᠡ ᠬᠢᠵᠦ ᠳᠠᠭᠤᠰᠬᠠᠵᠠᠢ᠃ ᠲᠠᠷᠠᠭᠠᠴᠢ ᠶᠢᠨ ᠠᠯᠬᠤᠮ ᠳᠤ᠂ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ

ᠬᠤᠷᠣᠬᠠᠢ ᠶᠢᠨ ᠬᠥᠨᠥᠭᠡᠯ ᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ ᠨᠡᠶᠢᠳᠡᠮ ᠪᠠᠶᠢᠴᠠᠭᠠᠯᠲᠠ ᠶᠢᠨ

ᠳᠡᠭᠡᠭᠰᠢ ᠳᠠᠮᠵᠢᠭᠤᠯᠤᠭᠰᠠᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠠᠵᠢᠯ ᠢ ᠲᠦᠷᠭᠡᠳᠬᠡᠵᠦ᠂ ᠮᠠᠨ ᠤ

ᠰᠢᠶᠠᠨ ᠤ ᠲᠠᠷᠢᠶᠠᠯᠠᠩ ᠤᠨ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ ᠲᠥᠷᠥᠯ ᠤᠨ ᠨᠡᠶᠢᠳᠡᠮ

ᠪᠠᠶᠢᠴᠠᠭᠠᠯᠲᠠ ᠶᠢ ᠪᠥᠬᠦ ᠲᠠᠯ᠎ᠠ ᠪᠠᠷ ᠴᠠᠭ ᠲᠤᠬᠠᠢ ᠳᠤᠨᠢ ᠪᠡᠶᠡᠯᠡᠭᠦᠯᠦᠨ᠎ᠡ᠃ ᠡᠭᠦᠨ ᠤ ᠵᠡᠷᠭᠡᠴᠡᠭᠡᠪᠡᠷ ᠂ ᠭᠠᠳᠠᠨ᠎ᠠ ᠠᠴᠠ

ᠣᠷᠣᠵᠤ ᠢᠷᠡᠭᠰᠡᠨ ᠪᠣᠳᠠᠰ ᠤᠨ ᠲᠦᠷᠦᠯ ᠤᠨ ᠲᠤᠬᠠᠢ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠤᠯᠠᠨ

ᠨᠡᠶᠢᠲᠡ ᠶᠢᠨ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠵᠤ ᠂ ᠭᠠᠳᠠᠨ᠎ᠠ ᠠᠴᠠ ᠣᠷᠣᠵᠤ ᠢᠷᠡᠭᠰᠡᠨ ᠪᠣᠳᠠᠰ ᠤᠨ

ᠲᠦᠷᠦᠯ ᠤᠨ ᠲᠠᠷᠢᠶᠠᠯᠠᠩ ᠪᠠ ᠠᠮᠢ ᠠᠬᠤᠢ ᠶᠢᠨ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢ 

ᠪᠠᠭᠠᠰᠬᠠᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2