| ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ ᠤ ᠰᠢᠶᠠᠨ ᠤ ᠰᠢᠨ᠎ᠡ | ᠪᠠᠶᠢᠳᠠᠯ ᠳᠣᠣᠷᠠᠬᠢ ᠨᠢᠭᠡᠳᠦᠮᠡᠯ ᠹᠷᠣᠨᠲ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ ᠂ ᠦᠨᠳᠦᠰᠦᠨ | ᠱᠠᠲᠤᠨ ᠤ ᠨᠢᠭᠡᠳᠦᠮᠡᠯ ᠹᠷᠣᠨᠲ ᠤᠨ ᠠᠵᠢᠯ ᠤᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠮᠠᠨ ᠤ ᠰᠢᠶᠠᠨ ᠤ | ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠂ 7 ᠰᠠᠷ᠎ᠠ ᠶᠢᠨ | 15 ᠤ ᠡᠳᠦᠷ᠂ ᠮᠠᠨ ᠤ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠬᠠᠷᠢᠯᠴᠠᠨ ᠰᠣᠯᠢᠯᠴᠠᠨ ᠬᠠᠷᠢᠯᠴᠠᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠪᠡ᠃ ᠰᠢᠶᠠᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠴᠧᠨ ᠼᠠᠢ ᠰᠢᠶᠠ | ᠪᠦᠯᠬᠦᠮ ᠳᠠᠭᠠᠭᠤᠯᠤᠨ ᠰᠢᠨᠵᠢᠯᠡᠨ ᠪᠠᠶᠢᠴᠠᠭᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠬᠠᠢ ᠬᠤᠩ ᠪᠠᠷ᠎ᠠ | ᠪᠣᠯᠵᠤ ᠰᠢᠨᠵᠢᠯᠡᠨ ᠪᠠᠶᠢᠴᠠᠭᠠᠪᠠ᠃ | | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠦᠵᠡᠭᠦᠯᠦᠯᠭᠡ ᠶᠢᠨ ᠲᠢᠩᠭᠢᠮ ᠳᠤ ᠪᠠᠶᠢᠴᠠᠭᠠᠨ ᠰᠣᠳᠤᠯᠤᠯᠲᠠ ᠬᠢᠵᠤ ᠪᠠᠶᠢᠭ᠎ᠠ ᠨᠢ | ︵ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠤᠷᠭᠠᠨ | ᠬᠥᠮᠦᠵᠢᠯ ᠤᠨ ᠰᠠᠭᠤᠷᠢᠨ ᠭᠠᠵᠠᠷ ︶ | | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠣᠩᠭᠤᠯ ᠦᠨᠳᠦᠰᠦᠲᠡᠨ ᠤ ᠰᠤᠷᠭᠠᠭᠤᠯᠢ ᠳᠤ ᠪᠠᠶᠢᠴᠠᠭᠠᠨ | ᠰᠣᠳᠤᠯᠤᠯᠲᠠ ᠬᠢᠵᠦ ᠪᠠᠶᠢᠭ᠎ᠠ ᠨᠢ | ︵ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ | ᠦᠵᠡᠭᠦᠯᠬᠦ ᠰᠤᠷᠭᠠᠭᠤᠯᠢ︶ | | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠳᠤ ᠪᠠᠶᠢᠴᠠᠭᠠᠨ | ᠰᠣᠳᠤᠯᠤᠯᠲᠠ ᠬᠢᠵᠦ ᠪᠠᠶᠢᠭ᠎ᠠ ᠨᠢ | ︵ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ | ᠦᠵᠡᠭᠦᠯᠬᠦ ᠪᠠᠶᠢᠭᠤᠯᠭ᠎ᠠ︶ | ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠦᠵᠡᠭᠦᠯᠦᠯᠭᠡ ᠶᠢᠨ ᠲᠢᠩᠬᠢᠮ᠂ | ᠬᠤᠰᠢᠭᠤᠨ ᠤ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ᠂ ᠬᠤᠰᠢᠭᠤᠨ ᠤ ᠮᠣᠩᠭᠤᠯ ᠦᠨᠳᠦᠰᠦᠲᠡᠨ ᠤ | ᠰᠤᠷᠭᠠᠭᠤᠯᠢ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠪᠠᠶᠠᠨᠴᠠᠭᠠᠨ ᠪᠠᠯᠭᠠᠰᠤᠨ ᠤ ᠬᠤᠨᠢᠨ ᠳᠠᠯᠠᠢ | ᠨᠡᠶᠢᠭᠡᠮ ᠲᠣᠭᠤᠷᠢᠭ᠂ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ | ᠭᠠᠵᠠᠷ᠂ ᠪᠠᠶᠠᠨᠴᠠᠭᠠᠨ ᠪᠠᠯᠭᠠᠰᠤᠨ ᠤ ᠨᠠᠷᠠᠨᠭᠡᠷᠡᠯ ᠭᠠᠴᠠᠭ᠎ᠠ ᠶᠢᠨ ᠴᠣᠩᠬᠢᠶᠠᠯ ᠬᠤᠲᠠ ᠪᠣᠯᠣᠨ ᠤᠯᠠᠭᠠᠨᠬᠠᠳᠠ | ᠰᠤᠮᠤᠨ ᠤ ᠠᠳᠠᠷᠭ᠎ᠠ ᠭᠠᠴᠠᠭ᠎ᠠ ᠳᠤ ᠭᠦᠨᠵᠡᠭᠡᠶᠢᠷᠡᠨ ᠲᠣᠭᠤᠷᠢᠨ ᠦᠵᠡᠵᠦ ᠰᠤᠷᠤᠯᠴᠠᠪᠠ᠃ ᠲᠠᠶᠢᠯᠤᠮᠵᠢ ᠶᠢ | ᠰᠣᠨᠣᠰᠬᠤ᠂ ᠮᠠᠲ᠋ᠧᠷᠢᠶᠡᠯ ᠢ ᠤᠷᠪᠠᠭᠤᠯᠤᠨ ᠦᠵᠡᠬᠦ ᠵᠢᠴᠢ ᠦᠵᠡᠭᠦᠯᠦᠯᠭᠡ ᠶᠢᠨ ᠰᠠᠮᠪᠠᠷ᠎ᠠ᠂ ᠤᠬᠠᠭᠤᠯᠭ᠎ᠠ ᠶᠢᠨ | ᠹᠢᠯᠢᠮ ᠢ ᠦᠵᠡᠬᠦ ᠵᠡᠷᠭᠡ ᠬᠡᠯᠪᠡᠷᠢ ᠪᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠲᠡᠨ ᠤ | ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠵᠡᠷᠭᠡ ᠡᠯ᠎ᠡ ᠲᠦᠷᠦᠯ ᠤᠨ ᠦᠨᠳᠦᠰᠦᠲᠡᠨ ᠤ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠦᠨᠳᠦᠰᠦᠲᠡᠨ ᠤ ᠠᠵᠢᠯ ᠤᠨ ᠳᠤᠮᠳᠠᠬᠢ ᠵᠠᠷᠢᠮ ᠰᠠᠶᠢᠨ | ᠲᠤᠷᠰᠢᠯᠭ᠎ᠠ᠂ ᠰᠠᠶᠢᠨ ᠠᠷᠭ᠎ᠠ ᠶᠢ ᠭᠦᠨᠵᠡᠭᠡᠢ ᠰᠣᠯᠢᠯᠴᠠᠨ ᠰᠤᠷᠤᠯᠴᠠᠵᠠᠢ᠃ | | | | | | ᠪᠠᠶᠠᠨᠴᠠᠭᠠᠨ ᠪᠠᠯᠭᠠᠰᠤᠨ ᠤ ᠬᠤᠨᠢᠨ ᠳᠠᠯᠠᠢ ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ | ᠨᠢ | ︵ᠣᠷᠣᠨ ᠤ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ | ᠦᠵᠡᠭᠦᠯᠬᠦ ᠨᠡᠶᠢᠭᠡᠮ ᠲᠣᠭᠤᠷᠢᠭ︶ | | | | | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠪᠠᠶᠢᠴᠠᠭᠠᠨ ᠰᠣᠳᠤᠯᠤᠯᠲᠠ ᠬᠢᠵᠦ ᠪᠠᠶᠢᠭ᠎ᠠ ᠨᠢ | ︵ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠰᠤᠷᠭᠠᠨ | ᠬᠥᠮᠦᠵᠢᠯ ᠤᠨ ᠰᠠᠭᠤᠷᠢᠨ ᠭᠠᠵᠠᠷ︶ | | | | | ᠥᠪᠥᠷ ᠮᠣᠩᠭᠤᠯ ᠤᠨ ᠮᠧᠩ ᠸᠧᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠪᠠᠶᠢᠴᠠᠭᠠᠨ | ᠰᠣᠳᠤᠯᠤᠯᠲᠠ ᠬᠢᠵᠦ ᠪᠠᠶᠢᠭ᠎ᠠ ᠨᠢ | ︵ᠣᠷᠣᠨ ᠤ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ | ᠦᠵᠡᠭᠦᠯᠬᠦ ᠠᠵᠤ ᠠᠬᠤᠶᠢᠯᠠᠯ︶ | | | | | | ᠤᠯᠠᠭᠠᠨᠬᠠᠳᠠ ᠰᠤᠮᠤ ᠶᠢᠨ ᠠᠳᠠᠷᠭ᠎ᠠ ᠭᠠᠴᠠᠭᠠᠨ ᠳᠤ ᠪᠠᠶᠢᠴᠠᠭᠠᠨ ᠰᠤᠳᠤᠯᠤᠯᠲᠠ ᠬᠢᠵᠦ ᠪᠠᠶᠢᠭ᠎ᠠ ᠨᠢ | ︵ᠬᠤᠲᠠ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ | ᠦᠵᠡᠭᠦᠯᠬᠦ ᠭᠠᠴᠠᠭ᠎ᠠ︶ | ᠲᠤᠰ ᠤᠳᠠᠭᠠᠨ ᠤ ᠰᠤᠷᠤᠯᠴᠠᠯᠭ᠎ᠠ ᠰᠣᠯᠢᠯᠴᠠᠭᠠᠨ ᠤ ᠠᠵᠢᠯᠯᠠᠭ᠎ᠠ ᠨᠢ ᠮᠠᠨ ᠤ ᠰᠢᠶᠠᠨ ᠪᠣᠯᠣᠨ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤ ᠬᠤᠶᠠᠷ ᠭᠠᠵᠠᠷ ᠲᠤ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ | ᠨᠥᠬᠦᠷᠰᠡᠭ ᠢᠶᠠᠷ ᠶᠠᠪᠤᠯᠴᠠᠬᠤ ᠲᠠᠪᠴᠠᠩ ᠪᠣᠯᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ | ᠬᠥᠭᠵᠢᠯᠲᠡ ᠶᠢ ᠬᠠᠮᠲᠤᠪᠠᠷ ᠠᠬᠢᠭᠤᠯᠬᠤ ᠨᠥᠬᠦᠷᠯᠡᠯ ᠤᠨ ᠬᠥᠭᠦᠷᠭᠡ ᠶᠢ ᠴᠣᠭᠴᠠᠯᠠᠵᠤ ᠥᠭᠭᠦᠭᠰᠡᠨ ᠪᠠᠶᠢᠨ᠎ᠠ᠃ | ᠮᠠᠨ ᠤ ᠰᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠰᠤᠷᠤᠯᠴᠠᠵᠤ ᠰᠣᠯᠢᠯᠴᠠᠬᠤ | ᠲᠣᠬᠢᠶᠠᠯ ᠣᠯᠭᠤᠵᠤ᠂ ᠮᠠᠨ ᠤ ᠰᠢᠶᠠᠨ ᠲᠤᠰ ᠤᠳᠠᠭ᠎ᠠ ᠶᠢᠨ ᠬᠠᠷᠢᠯᠴᠠᠨ ᠰᠣᠯᠢᠯᠴᠠᠨ ᠬᠠᠷᠢᠯᠴᠠᠨ ᠰᠤᠷᠤᠯᠴᠠᠬᠤ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠮᠠᠨ ᠤ ᠰᠢᠶᠠᠨ ᠤ ᠨᠢᠭᠡᠳᠦᠮᠡᠯ ᠹᠷᠣᠨᠲ ᠤᠨ ᠠᠵᠢᠯ ᠢ ᠵᠢᠷᠤᠮᠵᠢᠭᠤᠯᠬᠤ | ᠪᠠᠶᠢᠭᠤᠯᠤᠯᠲᠠ ᠶᠢᠨ ᠰᠢᠨ᠎ᠡ ᠰᠡᠳᠬᠢᠴᠡ ᠪᠣᠯᠣᠨ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠬᠦ ᠪᠠ | ᠰᠢᠨ᠎ᠡ ᠶᠢ ᠡᠭᠦᠳᠦᠨ ᠥᠷᠭᠡᠳᠬᠡᠵᠦ ᠂ ᠮᠠᠨ ᠤ ᠰᠢᠶᠠᠨ ᠤ ᠨᠢᠭᠡᠳᠦᠮᠡᠯ ᠹᠷᠣᠨᠲ ᠤᠨ ᠠᠵᠢᠯ ᠢ ᠵᠢᠷᠤᠮᠵᠢᠭᠤᠯᠬᠤ | ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠬᠤᠸᠠᠳᠧ ᠰᠢᠶᠠᠨ ᠤ ᠰᠢᠨ᠎ᠡ ᠴᠠᠭ | ᠦᠶ᠎ᠡ ᠶᠢᠨ ᠨᠢᠭᠡᠳᠦᠮᠡᠯ ᠹᠷᠣᠨᠲ ᠤᠨ ᠦᠢᠯᠡᠰ ᠤᠨ ᠪᠦᠬᠦ ᠲᠠᠯ᠎ᠠ ᠪᠠᠷ ᠰᠢᠨ᠎ᠡ ᠶᠢ ᠡᠭᠦᠳᠦᠨ ᠬᠥᠭᠵᠢᠬᠦ ᠶᠢ ᠬᠦᠴᠦᠯᠡᠨ | ᠠᠬᠢᠭᠤᠯᠪᠠ᠃ | ᠮᠠᠨ ᠤ ᠰᠢᠶᠠᠨ ᠤ ᠡᠯ᠎ᠡ ᠰᠢᠶᠠᠩ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ᠂ ᠡᠯ᠎ᠡ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠬᠠᠷᠢᠭᠤᠴᠠᠯᠭᠠᠲᠠᠨ᠂ ᠰᠢᠶᠠᠨ ᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠪᠦᠬᠦ | ᠺᠠᠳ᠋ᠷ ᠠᠵᠢᠯᠲᠠᠨ ᠠᠵᠢᠯᠴᠢᠨ ᠤ ᠨᠡᠶᠢᠲᠡ 20 ᠬᠥᠮᠥᠨ ᠠᠵᠢᠯᠯᠠᠭ᠎ᠠ ᠳᠤ ᠣᠷᠣᠯᠴᠠᠪᠠ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ | |