ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠮᠠᠨ ᠤ ᠰᠢᠶᠠᠨ ᠤ ᠭᠦᠨᠤᠯᠠᠭᠠᠨᠬᠤᠳᠳᠤᠭ ᠰᠢᠶᠠᠩ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠣᠶᠤᠨᠲᠤ ᠨᠠᠮ ᠤᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/20
    7 ᠰᠠᠷ᠎ᠠ ᠶᠢᠨ 18  ᠤ ᠡᠳᠦᠷ ᠂ ᠰᠢᠶᠠᠨ ᠤ ᠨᠠᠮ ᠤᠨ ᠬᠤᠷᠢᠶᠠᠨ ᠤ ᠱᠦᠵᠢ ᠴᠠᠩ ᠳ᠋ᠠ ᠸᠧᠢ ᠮᠠᠨ ᠤ ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠲᠢᠩ ᠶᠢᠨ ᠲᠣᠰᠬᠤᠨ᠂ ᠯᠢᠶᠠᠨ ᠾᠧ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ ᠂ ᠬᠠᠷᠢᠭᠤ ᠮᠡᠳᠡᠭᠦᠯᠦᠯᠲᠡ ᠶᠢ ᠰᠣᠨᠣᠰᠬᠤ ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠂ ᠨᠢᠭᠤᠷᠳᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠂ ᠣᠶᠤᠨᠲᠤ ᠨᠠᠮ ᠤᠨ ᠪᠠᠶᠢᠭᠤᠯᠤᠯᠲᠠ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠤᠨ ᠲᠤᠬᠠᠢ ᠪᠣᠳᠠᠲᠠᠢ ᠰᠠᠨᠠᠯ ᠳᠤᠷᠠᠳᠴᠠᠢ ᠃    ᠴᠠᠩ ᠳ᠋ᠠ ᠸᠧᠢ ᠬᠡᠯᠡᠬᠦ ᠳᠡᠭᠡᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠴᠠ ᠴᠢᠬᠤᠯᠠ ᠶᠠᠪᠤᠳᠠᠯ ᠪᠣᠯᠣᠨ᠎ᠠ ᠂ ᠡᠯ᠎ᠡ ᠰᠢᠶᠠᠩ ᠪᠠᠯᠭᠠᠰᠤ ᠲᠣᠰᠬᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ ᠂ ᠠᠯᠠᠰᠢᠨ ᠬᠤᠨᠢ ᠮᠢᠬᠠᠨ ᠤ ᠦᠬᠡᠷ ᠵᠡᠷᠭᠡ ᠣᠨᠴᠠᠯᠢᠭᠲᠤ ᠲᠠᠷᠢᠵᠦ ᠲᠡᠵᠢᠭᠡᠬᠦ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ ᠂ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠥᠨᠳᠥᠷ ᠪᠦᠲᠦᠮᠵᠢᠲᠡᠢ ᠪᠠᠷ ᠳᠠᠶᠢᠴᠢᠯᠠᠵᠤ ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠂ ᠬᠦᠷᠲᠡᠮᠵᠢ ᠶᠢᠨ ᠲᠥᠷᠥᠭᠳᠡᠯ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠪᠢ ᠬᠤᠷᠠᠮᠳᠤᠭᠤᠯᠬᠤ ᠬᠡᠲᠦ ᠳᠡᠯᠭᠡᠭᠦᠷ ᠤᠨ ᠵᠥᠪ ᠴᠢᠭᠯᠡᠯ ᠢᠶᠠᠷ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠥᠷᠭᠡᠨ ᠣᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠠ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ᠣᠯᠠᠨ ᠲᠦᠮᠡᠨ ᠤ ᠢᠳᠡᠪᠬᠢᠵᠢᠯ ᠢ ᠳᠠᠶᠢᠴᠢᠯᠠᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠢᠳᠡᠪᠬᠢᠲᠡᠢ ᠣᠷᠣᠯᠴᠠᠭᠤᠯᠵᠤ᠂ ︽ᠬᠥᠮᠥᠨ ᠪᠦᠬᠦᠨ ᠣᠷᠣᠯᠴᠠᠬᠤ᠂ ᠬᠥᠮᠥᠨ ᠪᠦᠬᠦᠨ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠠᠶᠢᠯ ᠲᠣᠰᠬᠤᠨ ᠤ ᠣᠷᠴᠢᠨ ᠲᠣᠭᠤᠷᠢᠨ ᠤ ᠪᠤᠵᠠᠷ ᠮᠠᠭᠤᠬᠠᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ︽ᠣᠶᠤᠨᠲᠤ ᠨᠠᠮ ᠤᠨ ᠪᠠᠶᠢᠭᠤᠯᠤᠯᠲᠠ︾ ᠭᠡᠬᠦ ᠡᠨᠡᠬᠦ ᠰᠢᠨ᠎ᠡ ᠣᠶᠢᠯᠠᠭᠠᠭᠳᠠᠬᠤᠨ ᠢ ᠰᠠᠶᠢᠲᠤᠷ ᠪᠠᠶᠢᠭᠤᠯᠤᠨ ᠰᠠᠶᠢᠲᠤᠷ ᠠᠰᠢᠭᠯᠠᠵᠤ ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠯᠠᠮᠵᠢᠯᠠᠯᠲᠤ ᠨᠥᠬᠦᠴᠡᠯ ᠤᠨ ᠬᠢᠵᠠᠭᠠᠷᠯᠠᠯ ᠢ ᠡᠪᠳᠡᠵᠦ ᠂ ᠨᠠᠮ ᠤᠨ ᠠᠵᠢᠯ ᠂ ᠰᠤᠷᠤᠯᠴᠠᠯᠭ᠎ᠠ ᠂ ᠠᠵᠢᠯᠯᠠᠭ᠎ᠠ ᠂ ᠤᠬᠠᠭᠤᠯᠭ᠎ᠠ ᠂ ᠠᠷᠠᠳ ᠤᠨ ᠠᠮᠢᠳᠤᠷᠠᠯ ᠤᠨ ᠠᠵᠢᠯ ᠢ ᠪᠦᠬᠦ ᠲᠠᠯ᠎ᠠ ᠪᠠᠷ ᠨᠡᠶᠢᠳᠬᠡᠬᠦ ᠶᠢ ᠪᠡᠶᠡᠯᠡᠭᠦᠯᠵᠦ ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠦᠷᠭᠦᠯᠵᠢᠯᠡᠨ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠦᠢᠯᠡᠴᠢᠯᠡᠭᠡᠨ ᠤ ᠵᠦᠢᠯᠡᠰ ᠢᠶᠠᠨ ᠲᠡᠭᠦᠯᠳᠡᠷᠵᠢᠭᠦᠯᠦᠨ ᠂ ᠣᠯᠠᠨ ᠲᠦᠮᠡᠨ ᠳᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠠᠵᠢᠯ ᠶᠠᠪᠤᠳᠠᠯ ᠭᠦᠢᠴᠡᠳᠬᠡᠬᠦ ᠳᠤ ᠵᠢᠷᠤᠮᠵᠢᠯ ᠲᠠᠢ᠂ ᠢᠯᠡ ᠲᠣᠳᠣ᠂ ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠦᠨᠡᠨᠬᠦ ᠬᠠᠩᠭᠠᠬᠤ ᠬᠡᠷᠡᠭᠲᠡᠢ᠃ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨᠣᠷᠴᠢᠭᠤᠯᠤᠭᠴᠢ᠄ ᠣᠳᠣᠨᠭᠡᠷᠡᠯᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ   
 
ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2