ᠪᠡᠭᠡᠵᠢᠩ ᠬᠤᠲᠠ ᠶᠢᠨ ᠳ᠋ᠦᠩᠴᠧᠩ ᠲᠣᠭᠤᠷᠢᠭ ᠤᠨ ᠵᠡᠭᠦᠨ ᠳᠥᠷᠪᠡᠳᠦᠭᠡᠷ ᠵᠡᠭᠡᠯᠢ ᠭᠤᠳᠤᠮᠵᠢ ᠶᠢᠨ ᠨᠠᠮ ᠵᠠᠰᠠᠭ ᠤᠨ ᠬᠤᠳᠠᠯᠳᠤᠭᠠᠨ ᠤ ᠲᠥᠯᠥᠭᠡᠯᠡᠭᠴᠢᠳ ᠤᠨ ᠪᠦᠯᠬᠦᠮ ᠮᠠᠨ ᠤ ᠰᠢᠶᠠᠨ ᠤ ᠴᠣᠣᠶᠠᠩ ᠪᠠᠯᠭᠠᠰᠤᠨ ᠳᠤ ᠭᠦᠨᠵᠡᠭᠡᠶᠢᠷᠡᠨ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/7/21
    7 ᠰᠠᠷ᠎ᠠ ᠶᠢᠨ 20 ᠤ ᠡᠳᠦᠷ᠂ ᠪᠡᠭᠡᠵᠢᠩ ᠬᠤᠲᠠ ᠶᠢᠨ ᠳ᠋ᠦᠩᠴᠧᠩ ᠲᠣᠭᠤᠷᠢᠭ ᠤᠨ ᠵᠡᠭᠦᠨ ᠳᠥᠷᠪᠡᠳᠦᠭᠡᠷ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠵᠦᠪᠯᠡᠯ ᠤᠨ ᠱᠦᠵᠢ ᠰᠢᠤᠸᠠᠢ ᠬᠤᠩ ᠹᠧᠩ ᠨᠠᠷ ᠮᠠᠨ ᠤ ᠰᠢᠶᠠᠨ ᠤ ᠴᠣᠣᠶᠠᠩ ᠪᠠᠯᠭᠠᠰᠤᠨ ᠳᠤ ᠭᠦᠨᠵᠡᠭᠡᠶᠢᠷᠡᠨ ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠪᠠ᠃    ᠶᠠᠷᠢᠯᠴᠠᠬᠤ ᠬᠤᠷᠠᠯ ᠳᠡᠭᠡᠷ᠎ᠡ ᠂ ᠴᠣᠣᠶᠠᠩ ᠪᠠᠯᠭᠠᠰᠤᠨ ᠤ ᠳᠠᠷᠤᠭ᠎ᠠ ᠼᠤᠤ ᠵᠢᠶᠦ᠋ᠨ ᠪᠦᠬᠦ ᠪᠠᠯᠭᠠᠰᠤᠨ ᠤ ᠲᠤᠰᠠᠯᠠᠮᠵᠢ ᠶᠢ ᠣᠯᠣᠭᠰᠠᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ ︔ ᠳ᠋ᠦᠩᠴᠧᠩ ᠲᠣᠭᠤᠷᠢᠭ ᠤᠨ ᠵᠡᠭᠦᠨ ᠳᠥᠷᠪᠡᠳᠦᠭᠡᠷ ᠵᠡᠭᠡᠯᠢ ᠶᠢᠨ ᠬᠤᠳᠠᠯᠳᠤᠭᠠᠴᠢᠳ ᠤᠨ ᠡᠪᠯᠡᠯ ᠤᠨ ᠬᠠᠮᠲᠤᠷᠠᠭᠰᠠᠨ ᠨᠠᠮ ᠤᠨ ᠬᠤᠷᠢᠶᠠᠨ ᠤ ᠱᠦᠵᠢ ᠵᠣᠣ ᠰᠢᠶᠣᠣ ᠬᠤ᠋ ᠬᠤᠳᠠᠯᠳᠤᠭᠠᠴᠢᠳ ᠤᠨ ᠡᠪᠯᠡᠯ ᠤᠨ ᠠᠵᠢᠯ ᠲᠥᠷᠥᠯ ᠤᠨ ᠰᠢᠰᠲ᠋ᠧᠮ ᠢᠶᠠᠷ ᠳᠡᠮᠵᠢᠵᠦ ᠪᠠᠶᠢᠭ᠎ᠠ ᠪᠠᠶᠢᠳᠠᠯ ᠢ ᠲᠠᠨᠢᠯᠴᠠᠭᠤᠯᠪᠠ︔ ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠲᠣᠰᠬᠤᠨ ᠪᠣᠯᠣᠨ ᠵᠡᠭᠦᠨ ᠳᠥᠷᠪᠡᠳᠦᠭᠡᠷ ᠵᠡᠭᠡᠯᠢ ᠭᠤᠳᠤᠮᠵᠢ ᠶᠢᠨ ᠬᠠᠪᠰᠤᠷᠤᠨ ᠲᠡᠳᠬᠦᠬᠦ ᠨᠡᠶᠢᠭᠡᠮ ᠲᠣᠭᠤᠷᠢᠭ ᠤᠨ ᠬᠢᠨ ᠲᠤᠰ ᠲᠤᠰ ᠶᠠᠷᠢᠶ᠎ᠠ ᠲᠠᠯᠪᠢᠵᠠᠢ ᠃

10.png

    ᠰᠢᠤᠸᠠᠢ ᠬᠤᠩ ᠹᠧᠩ ᠵᠡᠭᠦᠨ ᠳᠥᠷᠪᠡᠳᠦᠭᠡᠷ ᠵᠡᠭᠡᠯᠢ ᠵᠢᠴᠢ ᠠᠵᠢᠯ ᠲᠥᠷᠥᠯ ᠤᠨ ᠰᠢᠰᠲ᠋ᠧᠮ ᠢᠶᠠᠷ ᠲᠤᠰᠠᠯᠠᠬᠤ

ᠠᠵᠢᠯ ᠤᠨ ᠪᠠᠶᠢᠳᠠᠯ ᠢ ᠲᠠᠨᠢᠯᠴᠠᠭᠤᠯᠪᠠ᠃ ᠡᠭᠦᠨ ᠤ ᠬᠠᠮᠲᠤ ᠂ ᠬᠤᠶᠠᠷ ᠲᠠᠯ᠎ᠠ ᠶᠢᠨ ᠰᠣᠯᠢᠯᠴᠠᠭ᠎ᠠ ᠵᠣᠯᠭᠠᠯᠴᠠᠭ᠎ᠠ ᠶᠢ

ᠴᠢᠨᠠᠭᠰᠢᠳᠠ ᠭᠦᠨᠵᠡᠭᠡᠶᠢᠷᠡᠭᠦᠯᠵᠦ ᠂ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ ᠂ ᠬᠠᠮᠲᠤᠷᠠᠯᠴᠠᠭᠠᠨ ᠤ

ᠠᠭᠤᠯᠤᠭᠳᠠᠬᠤᠨ ᠢ ᠪᠠᠶᠠᠯᠢᠭᠵᠢᠭᠤᠯᠵᠤ ᠂ ᠬᠠᠮᠲᠤᠷᠠᠯᠴᠠᠭᠠᠨ ᠤ ᠬᠦᠷᠢᠶ᠎ᠡ ᠶᠢ ᠥᠷᠭᠡᠳᠬᠡᠵᠦ ᠂ ᠠᠵᠢᠯ ᠲᠦᠷᠦᠯ ᠤᠨ

ᠰᠢᠰᠲ᠋ᠧᠮ ᠢᠶᠠᠷ ᠬᠠᠪᠰᠤᠷᠤᠨ ᠲᠡᠳᠬᠦᠬᠦ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂

ᠨᠡᠩ ᠶᠡᠭᠡ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠭᠡᠪᠡ᠃

    ᠼᠤᠤ ᠵᠢᠶᠦ᠋ᠨ‌ᠢᠯᠡᠷᠬᠡᠶᠢᠯᠡᠬᠦ ᠳᠡᠭᠡᠨ᠂ ᠳᠠᠷᠠᠭᠠᠴᠢ ᠶᠢᠨ ᠠᠯᠬᠤᠮ ᠳᠤ᠂ ᠴᠣᠣᠶᠠᠩ ᠪᠠᠯᠭᠠᠰᠤ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠠᠷᠳᠠᠴᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ

ᠰᠢᠪᠲᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠵᠦ ᠂ ᠰᠠᠭᠤᠷᠢ ᠲᠥᠬᠦᠭᠡᠷᠦᠮᠵᠢ ᠶᠢᠨ ᠪᠦᠲᠦᠭᠡᠨ

ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ ᠲᠡᠭᠦᠯᠳᠡᠷᠵᠢᠭᠦᠯᠵᠦ ᠂ ᠤᠳᠤ ᠦᠶ᠎ᠡ ᠶᠢᠨ ᠮᠠᠯ ᠠᠵᠤ ᠠᠬᠤᠢ

ᠲᠠᠷᠢᠶᠠᠯᠠᠩ ᠤᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ ᠂ ᠠᠵᠤ ᠦᠢᠯᠡᠰ ᠤᠨ ᠬᠡᠯᠬᠢᠶ᠎ᠡ ᠶᠢ

ᠤᠷᠲᠤᠳᠬᠠᠵᠤ ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ ᠂ ᠵᠡᠭᠦᠨ ᠳᠥᠷᠪᠡᠳᠦᠭᠡᠷ

ᠵᠡᠭᠡᠯᠢ ᠭᠤᠳᠤᠮᠵᠢ ᠶᠢᠨ ᠴᠣᠣᠶᠠᠩ ᠪᠠᠯᠭᠠᠰᠤᠨ ᠳᠤ ᠦᠵᠡᠭᠦᠯᠦᠭᠰᠡᠨ ᠬᠠᠪᠰᠤᠷᠤᠯᠭ᠎ᠠ ᠶᠢ ᠯᠠᠪᠳᠠᠭᠤᠨ ᠪᠠᠲᠤᠲᠠᠢ ᠪᠠᠷ

ᠪᠦᠬᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠬᠥᠳᠡᠯᠭᠡᠬᠦ ᠬᠦᠴᠦᠨ ᠪᠠ ᠦᠨᠡᠨ ᠪᠣᠳᠠᠲᠠᠢ ᠦᠷ᠎ᠡ ᠪᠦᠲᠦᠭᠡᠯ ᠪᠣᠯᠭᠠᠨ  ᠬᠤᠪᠢᠷᠠᠭᠤᠯᠤᠨ᠎ᠠ ᠭᠡᠵᠡᠢ᠃

11.png

    ᠪᠡᠯᠡᠭᠯᠡᠨ ᠬᠦᠷᠭᠡᠬᠦ ᠶᠣᠰᠣᠯᠠᠯ ᠳᠡᠭᠡᠷ᠎ᠡ᠂ ᠳ᠋ᠦᠩᠴᠧᠩ ᠲᠣᠭᠤᠷᠢᠭ ᠤᠨ ᠵᠡᠭᠦᠨ ᠳᠥᠷᠪᠡᠳᠦᠭᠡᠷ ᠵᠡᠭᠡᠯᠢ

ᠭᠤᠳᠤᠮᠵᠢ ᠶᠢᠨ ᠬᠢᠨ ᠴᠣᠣᠶᠠᠩ ᠪᠠᠯᠭᠠᠰᠤ ᠳᠤ 10 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠵᠢᠴᠢ

ᠡᠯ᠎ᠡ ᠲᠦᠷᠦᠯ ᠤᠨ ᠨᠣᠮ ᠪᠢᠴᠢᠭ ᠂ ᠠᠯᠪᠠᠯᠠᠬᠤ ᠺᠣᠮᠫᠢᠦ᠋ᠲ᠋ᠧᠷ ᠂ ᠳᠠᠷᠤᠮᠠᠯᠯᠠᠬᠤ ᠮᠠᠰᠢᠨ ᠪᠣᠯᠣᠨ ᠡᠳᠦᠷ ᠳᠤᠳᠤᠮ ᠤᠨ

ᠠᠮᠢᠳᠤᠷᠠᠯ ᠤᠨ ᠬᠡᠷᠡᠭᠰᠡᠯ ᠢ ᠬᠠᠨᠳᠢᠪᠯᠡᠵᠤ ᠂ ᠴᠣᠣᠶᠠᠩ ᠪᠠᠯᠭᠠᠰᠤ ᠶᠢᠨ ᠬᠢᠨ ᠵᠡᠭᠦᠨ ᠳᠥᠷᠪᠡᠳᠦᠭᠡᠷ ᠵᠡᠭᠡᠯᠢ

ᠭᠤᠳᠤᠮᠵᠢ ᠳᠤ ᠬᠡᠮᠡᠷᠯᠢᠭ ᠲᠤᠭ ᠪᠡᠯᠡᠭᠯᠡᠪᠡ ᠃

12.png

    ᠶᠠᠷᠢᠯᠴᠠᠬᠤ ᠬᠤᠷᠠᠯ ᠲᠡᠭᠦᠰᠦᠭᠰᠡᠨ ᠤ ᠲᠠᠷᠠᠭ᠎ᠠ᠂ ᠰᠢᠤᠸᠠᠢ ᠬᠤᠩ ᠹᠧᠩ ᠨᠠᠷ ᠪᠠᠰᠠ ᠴᠣᠣᠶᠠᠩ ᠪᠠᠯᠭᠠᠰᠤ ᠶᠢᠨ

ᠰᠢᠨ ᠱᠧ ᠲᠣᠰᠬᠤᠨ ᠤ ᠬᠤᠩ ᠮᠧᠩ ᠷᠧᠨ ᠬᠤᠪᠴᠠᠰᠤ ᠵᠠᠰᠠᠯ ᠤᠨ ᠪᠣᠯᠪᠠᠰᠤᠷᠠᠯ ᠤᠨ ᠲᠥᠪ ᠂ ᠮᠢᠨ ᠯᠧ ᠲᠣᠰᠬᠤᠨ᠂

 ᠪᠤᠯᠤᠩ ᠤᠨ ᠲᠤᠬᠤᠢ ᠲᠣᠰᠬᠤᠨ ᠤ ᠰᠣᠶᠣᠯ ᠤᠨ ᠠᠵᠢᠯᠯᠠᠭ᠎ᠠ ᠶᠢᠨ ᠲᠥᠪ ᠲᠤ ᠪᠠᠶᠢᠴᠠᠭᠠᠨ ᠰᠤᠳᠤᠯᠤᠯᠲᠠ ᠬᠢᠵᠦ ᠂

ᠠᠵᠤ ᠦᠢᠯᠡᠰ ᠤᠨ ᠡᠵᠡᠩᠨᠡᠯᠲᠡ ᠬᠥᠭᠵᠢᠯᠲᠡ ᠂ ᠲᠣᠰᠬᠤᠨ ᠤ ᠠᠷᠠᠳ ᠤᠨ ᠣᠷᠣᠯᠭ᠎ᠠ ᠂ ᠴᠠᠭᠠᠨ ᠨᠣᠭᠤᠭ᠎ᠠ ᠲᠠᠷᠢᠬᠤ ᠂

ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃

    ᠴᠣᠣᠶᠠᠩ ᠪᠠᠯᠭᠠᠰᠤᠨ ᠤ ᠪᠦᠬᠦ ᠤᠳᠤᠷᠢᠳᠬᠤ ᠪᠠᠭ ᠤᠨ ᠪᠦᠷᠢᠯᠳᠦᠭᠦᠨ᠂ ᠠᠵᠢᠯ ᠲᠦᠷᠦᠯ ᠤᠨ ᠰᠢᠰᠲ᠋ᠧᠮ ᠢᠶᠠᠷ

ᠬᠠᠪᠰᠤᠷᠤᠨ ᠲᠡᠳᠬᠦᠬᠦ ᠲᠣᠰᠬᠤᠨ ᠤ ᠰᠢᠨ ᠱᠧ ᠲᠣᠰᠬᠤᠨ᠂ ᠸᠧᠢ ᠳ᠋ᠦᠩ ᠲᠣᠰᠬᠤᠨ ᠤ ︽ᠬᠤᠶᠠᠷ ᠵᠥᠪᠯᠡᠯ︾ ᠤᠨ

ᠬᠡᠰᠡᠭ ᠪᠦᠷᠢᠯᠳᠦᠭᠦᠨ ᠪᠣᠯᠣᠨ ᠴᠣᠣᠶᠠᠩ ᠪᠠᠯᠭᠠᠰᠤᠨ ᠤ ᠬᠡᠰᠡᠭ ᠨᠤᠲᠤᠭ ᠤᠨ ᠵᠠᠭᠤᠴᠢᠯᠠᠭᠴᠢᠳ ᠶᠠᠷᠢᠯᠴᠠᠬᠤ

ᠬᠤᠷᠠᠯ ᠳᠤ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ  

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2