ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠶᠦᠨ ᠰᠢᠤᠸᠠᠢ ᠶᠠᠨ ᠮᠠᠨ ᠤ ᠰᠢᠶᠠᠨ ᠳᠤ ᠭᠦᠨᠵᠡᠭᠡᠶᠢᠷᠡᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠣᠳᠤᠯᠪᠡ
ᠨᠡᠶᠢᠲᠡᠯᠡᠭᠰᠡᠨ ᠴᠠᠭ᠄
2023/7/25
    7 ᠰᠠᠷ᠎ᠠ ᠶᠢᠨ 24 ᠤ ᠡᠳᠦᠷ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠶᠦᠨ ᠰᠢᠤᠸᠠᠢ ᠶᠠᠨ ᠮᠠᠨ ᠤ ᠰᠢᠶᠠᠨ ᠳᠤ ᠭᠦᠨᠵᠡᠭᠡᠶᠢᠷᠡᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ‌‍ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠶᠧ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠼᠤᠤ ᠢᠦᠢ ᠬᠠᠢ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠧᠦ ᠶᠦᠩ ᠬᠠᠮᠲᠤ ᠪᠠᠶᠢᠴᠠᠭᠠᠨ ᠰᠤᠳᠤᠯᠤᠯᠲᠠ ᠬᠢᠪᠡ᠃

10.png

    ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠦᠨ ᠰᠢᠤᠸᠠᠢ ᠶᠠᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠢ

ᠲᠣᠭᠤᠷᠢᠨ ᠦᠵᠡᠵᠦ᠂ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠡᠳᠦᠷ ᠤᠨ

ᠬᠦᠴᠦᠨ ᠤ ᠵᠠᠬ᠎ᠠ ᠳᠡᠯᠭᠡᠭᠦᠷ ᠤᠨ ᠪᠡᠯᠡ ᠮᠥᠩᠭᠦ ᠶᠢᠨ ᠢᠷᠡᠯᠲᠡ᠂ ᠡᠵᠡᠩᠨᠡᠯᠲᠡ ᠶᠢᠨ ᠵᠠᠭᠪᠤᠷ᠂ ᠲᠠᠯᠠᠪᠤᠷ ᠭᠠᠵᠠᠷ ᠤᠨ

ᠲᠣᠬᠢᠷᠠᠭᠤᠯᠤᠯᠲᠠ᠂ ᠠᠵᠢᠯᠲᠠᠨ ᠤ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠵᠡᠷᠭᠡ ᠳᠤ

ᠪᠠᠰᠠ ᠠᠷᠠᠳ ᠲᠤ ᠠᠰᠢᠭ ᠬᠦᠷᠲᠡᠭᠡᠬᠦ ᠨᠡᠶᠢᠭᠡᠮ ᠲᠣᠭᠤᠷᠢᠭ ᠤᠨ ︽ᠡᠳᠦᠷ ᠤᠨ ᠬᠦᠴᠦᠨ ᠤ ᠤᠯᠠᠭ᠎ᠠ ᠥᠷᠲᠡᠭᠡ︾

 ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃

11.png

   

    ᠶᠦᠨ ᠰᠢᠤᠸᠠᠢ ᠶᠠᠨ ᠵᠢᠭᠠᠵᠤ ᠭᠠᠷᠭᠠᠭᠰᠠᠨ ᠨᠢ᠂ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂

ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠡᠳᠦᠷ ᠤᠨ ᠬᠦᠴᠦᠨ ᠤ ᠵᠠᠬ᠎ᠠ

ᠳᠡᠯᠭᠡᠭᠦᠷ ᠪᠠ ︽ᠡᠳᠦᠷ ᠤᠨ ᠬᠦᠴᠦᠨ ᠤ ᠥᠷᠲᠡᠭᠡ︾ ᠳᠤ ᠲᠦᠰᠢᠭᠯᠡᠨ᠂ ᠡᠳᠦᠷ ᠤᠨ ᠬᠦᠴᠦᠨ ᠤ ᠠᠵᠢᠯ ᠡᠷᠢᠬᠦ

ᠬᠦᠰᠡᠯ ᠲᠠᠢ ᠨᠠᠩ ᠣᠯᠠᠨ ᠬᠥᠮᠥᠰ ᠲᠤ ᠮᠡᠳᠡᠭᠦᠯᠵᠦ᠂ ᠡᠳᠦᠷ ᠤᠨ ᠬᠦᠴᠦᠨ ᠤ ᠠᠵᠢᠯ ᠡᠷᠢᠬᠦ ᠳᠤ ᠲᠠᠯᠠᠪᠤᠷ

ᠭᠠᠵᠠᠷ ᠲᠠᠢ᠂ ᠠᠵᠢᠯ ᠤᠨ ᠪᠠᠶᠢᠷᠢ ᠶᠢ ᠵᠣᠯᠭᠠᠭᠤᠯᠬᠤ ᠳᠤ ᠦᠢᠯᠡᠴᠢᠯᠡᠭᠡ ᠲᠠᠢ᠂ ᠡᠷᠬᠡ ᠠᠰᠢᠭ ᠢ ᠬᠠᠮᠠᠭᠠᠯᠠᠬᠤ ᠳᠤ

ᠪᠠᠲᠤᠯᠠᠭ᠎ᠠ ᠲᠠᠢ ᠪᠠᠶᠢᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠬᠠᠮᠲᠤᠯᠢᠭ ᠤᠨ ᠠᠮᠢᠳᠤᠯᠢᠭ ᠢᠶᠠᠷ ᠠᠵᠢᠯ ᠣᠯᠬᠤ ᠶᠢ

ᠦᠨᠡᠨ ᠬᠦ ᠠᠬᠢᠭᠤᠯᠬᠤ ᠬᠡᠷᠡᠭᠲᠡᠢ ᠭᠡᠵᠡᠢ᠃ ᠨᠡᠶᠢᠭᠡᠮ ᠲᠣᠭᠤᠷᠢᠭ ᠭᠡᠬᠦ ᠡᠨᠡᠬᠦ ᠤᠯᠠᠨ ᠲᠦᠮᠡᠨ ᠲᠠᠢ ᠬᠠᠮᠤᠭ ᠤᠨ

ᠰᠢᠭᠤᠳ᠂ ᠬᠠᠮᠤᠭ ᠤᠨ ᠨᠢᠭᠲᠠ ᠬᠠᠷᠢᠯᠴᠠᠭ᠎ᠠ ᠲᠠᠢ ᠪᠦᠲᠦᠮᠵᠢᠲᠡᠢ ᠠᠷᠭ᠎ᠠ ᠵᠠᠮ ᠢ ᠭᠦᠢᠴᠡᠳ ᠠᠰᠢᠭᠯᠠᠵᠤ ᠂

ᠠᠵᠢᠯᠲᠠᠨ ᠤ ᠰᠠᠭᠤᠷᠢ ᠲᠤᠭ᠎ᠠ ᠂ ᠠᠵᠢᠯ ᠣᠯᠬᠤ ᠬᠡᠷᠡᠭᠴᠡᠭᠡ ᠂ ᠠᠵᠢᠯ ᠡᠷᠢᠬᠦ ᠰᠠᠨᠠᠮᠵᠢ ᠪᠣᠯᠣᠨ ᠤᠷ᠎ᠠ

ᠴᠢᠳᠠᠪᠤᠷᠢ ᠶᠢᠨ ᠲᠦᠪᠰᠢᠨ ᠢ ᠤᠨᠢᠨ ᠳᠡᠭᠡᠷ᠎ᠡ ᠨᠢ ᠲᠣᠳᠣᠷᠬᠠᠢ ᠣᠶᠢᠯᠠᠭᠠᠵᠤ ᠂ ᠡᠬᠡ ᠲᠠᠩᠰᠠ ᠶᠢ ᠰᠠᠶᠢᠲᠤᠷ

ᠪᠠᠶᠢᠭᠤᠯᠵᠤ ᠂ ᠲᠦᠷᠦᠯ ᠬᠤᠪᠢᠶᠠᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠠᠵᠤ ᠠᠬᠤᠶᠢᠯᠠᠯ ᠢ

ᠲᠠᠨᠢᠯᠴᠠᠭᠤᠯᠤᠨ ᠣᠷᠣᠭᠤᠯᠵᠤ ᠠᠪᠬᠤ ᠂ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ ᠂ ᠪᠡᠶ᠎ᠡ ᠪᠠᠨ

ᠳᠠᠭᠠᠭᠠᠵᠤ ᠦᠢᠯᠡᠰ ᠪᠣᠰᠬᠠᠬᠤ ᠶᠢ ᠲᠡᠳᠬᠦᠬᠦ ᠵᠡᠷᠭᠡ ᠬᠡᠯᠪᠡᠷᠢ ᠪᠠᠷ ᠳᠠᠮᠵᠢᠭᠤᠯᠵᠤ ᠂ ᠡᠯ᠎ᠡ ᠲᠦᠷᠦᠯ ᠤᠨ ᠬᠠᠮᠲᠤᠯᠢᠭ ᠢ

ᠬᠠᠪᠰᠤᠷᠤᠨ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃

12.png

    ᠣᠶᠢᠯᠠᠭᠠᠭᠰᠠᠨ ᠢᠶᠠᠷ᠂ ᠮᠠᠨ ᠤ ᠰᠢᠶᠠᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠨᠢ ᠴᠠᠩᠱᠦ᠋ᠨ 

ᠪᠠᠯᠭᠠᠰᠤᠨ ᠤ ᠰᠢᠶᠠᠨ ᠹᠧᠩ ᠵᠡᠭᠡᠯᠢ ᠶᠢᠨ ᠠᠷᠪᠠᠳᠤᠭᠠᠷ ᠨᠣᠮᠧᠷᠲᠤ ᠳ᠋ᠧ ᠯᠦᠩ ᠬᠤᠳᠠᠯᠳᠤᠭ᠎ᠠ ᠠᠷᠠᠯᠵᠢᠶᠠᠨ ᠤ ᠵᠠᠬ᠎ᠠ

ᠳᠡᠯᠭᠡᠭᠦᠷ ᠲᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠶ ᠨᠢ 150 ᠺᠦᠸᠠᠲ ᠮᠧᠲᠷ ᠪᠠᠶᠢᠵᠤ᠂ ᠨᠡᠶᠢᠲᠡ 21.8

ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠥᠪ ᠤᠨ ᠣᠷᠣᠨ ᠲᠤᠭ᠎ᠠ ᠶᠢᠨ ᠠᠯᠪᠠᠨ ᠭᠡᠷ ᠠᠴᠠ ᠴᠡᠭ

ᠲᠣᠭᠲᠠᠭᠠᠨ ᠬᠠᠪᠰᠤᠷᠤᠨ ᠲᠡᠳᠬᠦᠬᠦ ᠪᠡᠯᠡ ᠮᠥᠩᠭᠦ ᠪᠠᠷ ᠳᠡᠮᠵᠢᠨ ᠪᠦᠲᠦᠭᠡᠨ ᠪᠠᠶᠢᠭᠤᠯᠵᠤ ᠪᠠᠶᠢᠨ᠎ᠠ᠃ 

ᠳᠣᠲᠣᠭᠠᠳᠤ ᠳᠠᠭᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠤᠷᠢᠭ᠂ ᠮᠡᠳᠡᠭᠡ ᠵᠠᠩᠭᠢ ᠨᠡᠶᠢᠲᠡᠯᠡᠬᠦ ᠲᠣᠭᠤᠷᠢᠭ᠂

ᠠᠮᠢᠳᠤᠯᠢᠭ ᠢᠶᠠᠷ ᠠᠵᠢᠯᠴᠢᠨ ᠬᠡᠷᠡᠭᠯᠡᠬᠦ ᠶᠢ ᠬᠦᠯᠢᠶᠡᠬᠦ ᠲᠣᠭᠤᠷᠢᠭ᠂ ᠵᠣᠯᠭᠠᠭᠤᠯᠤᠨ ᠵᠥᠪᠳᠡᠯᠴᠡᠬᠦ ᠲᠣᠭᠤᠷᠢᠭ᠂ ᠨᠣᠮ

ᠤᠩᠰᠢᠬᠤ ᠲᠣᠭᠤᠷᠢᠭ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠪᠠᠶᠢᠭᠤᠯᠤᠨ᠎ᠠ᠃ 

ᠣᠳᠣᠬᠠᠨ ᠳᠤ ᠨᠢᠭᠡᠨᠲᠡ ᠪᠠᠶᠢᠭᠤᠯᠵᠤ ᠳᠠᠭᠤᠰᠬᠠᠭᠠᠳ᠂ 8 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ

ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠡᠳᠦᠷ ᠤᠨ ᠬᠦᠴᠦᠨ ᠤ ᠵᠠᠬ᠎ᠠ ᠳᠡᠯᠭᠡᠭᠦᠷ ᠢ

ᠠᠵᠢᠯᠯᠠᠭᠤᠯᠤᠭᠰᠠᠨ ᠤ ᠳᠠᠷᠠᠭ᠎ᠠ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢᠴᠢᠨ᠂ ᠠᠵᠢᠯ ᠣᠯᠬᠤ ᠳᠤ

ᠬᠦᠴᠢᠷᠲᠡᠢ ᠬᠥᠮᠥᠰ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ᠂ ᠶᠠᠳᠠᠭᠤ ᠠᠴᠠ

ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ᠂ ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠣᠯᠬᠤ

ᠬᠦᠰᠡᠯ ᠲᠠᠢ ᠬᠤᠲᠠ ᠬᠥᠳᠡᠭᠡ ᠶᠢᠨ ᠬᠥᠳᠡᠯᠮᠦᠷᠢᠴᠢᠳ ᠲᠤ ᠠᠵᠢᠯᠴᠢᠨ ᠬᠡᠷᠡᠭᠯᠡᠬᠦ ᠪᠡᠶᠡᠴᠢ ᠴᠣᠭᠴᠠ᠂ ᠠᠵᠢᠯ

ᠮᠡᠷᠭᠡᠵᠢᠯ ᠤᠨ ᠵᠠᠭᠤᠴᠢ ᠪᠠᠶᠢᠭᠤᠯᠤᠮᠵᠢ ᠲᠠᠢ ᠨᠢᠭᠤᠷᠲᠠᠨ ᠵᠣᠯᠭᠠᠭᠤᠯᠵᠤ ᠵᠥᠪᠳᠡᠯᠴᠡᠬᠦ ᠰᠦᠢᠳᠬᠡᠯ ᠬᠤᠷᠢᠶᠠᠬᠤ ᠦᠭᠡᠢ

ᠲᠠᠯᠠᠪᠤᠷ ᠬᠠᠩᠭᠠᠨ᠎ᠠ᠃ ᠬᠥᠳᠡᠯᠮᠦᠷᠢᠴᠢᠳ ᠤᠨ ᠰᠠᠯᠬᠢ ᠪᠣᠷᠣᠭᠠᠨ ᠠᠴᠠ ᠵᠠᠶᠢᠯᠠᠬᠤ ᠂ ᠨᠠᠷᠠᠰᠢᠬᠤ ᠶᠢ ᠰᠡᠷᠭᠡᠶᠢᠯᠡᠬᠦ

ᠬᠦᠢᠲᠡᠨ ᠢ ᠰᠡᠷᠭᠡᠶᠢᠯᠡᠬᠦ ᠦᠨᠳᠦᠰᠦᠨ ᠬᠡᠷᠡᠭᠴᠡᠭᠡ ᠶᠢ ᠬᠠᠩᠭᠠᠬᠤ ᠶᠢᠨ ᠬᠠᠮᠲᠤ ᠠᠮᠢᠳᠤᠯᠢᠭ ᠢᠶᠠᠷ ᠠᠵᠢᠯ ᠣᠯᠬᠤ

ᠬᠥᠳᠡᠯᠮᠦᠷᠢ ᠶᠢᠨ ᠬᠦᠴᠦᠨ ᠳᠤ ᠲᠦᠷᠦ ᠶᠢᠨ ᠪᠣᠳᠣᠯᠭ᠎ᠠ ᠶᠢᠨ ᠵᠥᠪᠯᠡᠯᠭᠡ ᠥᠭᠬᠦ ᠂ ᠠᠵᠢᠯ ᠤᠨ ᠪᠠᠶᠢᠷᠢ ᠶᠢᠨ

ᠲᠠᠨᠢᠯᠴᠠᠭᠤᠯᠭ᠎ᠠ ᠂ ᠬᠥᠳᠡᠯᠮᠦᠷᠢ ᠶᠢᠨ ᠡᠷᠬᠡ ᠶᠢᠨ ᠬᠠᠮᠠᠭᠠᠯᠠᠯᠲᠠ ᠵᠡᠷᠭᠡ ᠪᠦᠬᠦ ᠲᠠᠯ᠎ᠠ ᠶᠢᠨ ᠠᠵᠢᠯ ᠣᠯᠭᠤᠯᠲᠠ ᠶᠢᠨ

ᠦᠢᠯᠡᠴᠢᠯᠡᠭᠡ ᠬᠠᠩᠭᠠᠵᠤ ᠂ ᠠᠮᠢᠳᠤᠯᠢᠭ ᠢᠶᠠᠷ ᠠᠵᠢᠯ ᠣᠯᠬᠤ ᠬᠥᠳᠡᠯᠮᠦᠷᠢ ᠶᠢᠨ ᠬᠦᠴᠦᠨ ᠤ ᠴᠢᠨᠠᠷ ᠰᠠᠶᠢᠲᠠᠢ

ᠭᠦᠢᠴᠡᠳ ᠠᠵᠢᠯ ᠣᠯᠬᠤ ᠶᠢ ᠲᠦᠯᠬᠢᠨ ᠠᠬᠢᠭᠤᠯᠤᠨ᠎ᠠ᠃

    ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠬᠢᠨ ︽ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠵᠠᠬ᠎ᠠ

ᠳᠡᠯᠭᠡᠭᠦᠷᠴᠢᠯᠡᠨ ᠠᠵᠢᠯᠯᠠᠭᠤᠯᠬᠤ︾ ᠵᠠᠭᠪᠤᠷ ᠢ ᠠᠪᠴᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ

ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠦᠭᠡᠢ ᠥᠷᠭᠡᠳᠬᠡᠨ᠂ ᠬᠥᠳᠡᠯᠮᠦᠷᠢᠴᠢᠳ ᠤᠨ ᠣᠯᠠᠨ ᠡᠰᠢᠵᠢᠭᠰᠡᠨ

ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠨᠢᠭᠡᠨᠲᠡ ᠠᠶᠠᠨᠳᠠᠭᠠᠨ ᠪᠣᠶ ᠪᠣᠯᠤᠭᠰᠠᠨ ᠵᠡᠭᠡᠯᠢ

ᠭᠤᠳᠤᠮᠵᠢ ᠶᠢᠨ ᠬᠠᠵᠠᠭᠤ ᠶᠢᠨ ᠡᠳᠦᠷ ᠤᠨ ᠬᠦᠴᠦᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠲᠤ ᠰᠠᠨᠠᠭᠠᠴᠢᠯᠠᠭ᠎ᠠ

 ᠠᠴᠠ ᠪᠠᠨ ᠭᠦᠨᠵᠡᠭᠡᠶᠢᠷᠡᠵᠦ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠤᠬᠠᠭᠤᠯᠵᠤ ᠬᠥᠲᠥᠯᠥᠨ ᠵᠢᠯᠤᠭᠤᠳᠬᠤ

ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠶᠢ ︽ᠡᠳᠦᠷ ᠤᠨ ᠬᠦᠴᠦᠨ ᠤ

ᠵᠠᠬ᠎ᠠ ᠳᠡᠯᠭᠡᠭᠦᠷ︾ ᠲᠤ ᠣᠴᠢᠭᠤᠯᠤᠨ ᠵᠢᠷᠤᠮᠵᠢᠭᠰᠠᠨ ᠠᠵᠢᠯ ᠡᠷᠢᠬᠦ ᠪᠠ ᠤᠷᠢᠬᠤ ᠠᠵᠢᠯᠯᠠᠭ᠎ᠠ ᠥᠷᠨᠢᠭᠦᠯᠵᠦ᠂

ᠵᠢᠯ ᠳᠤ 500 ᠬᠥᠮᠥᠨ ᠠᠴᠠ ᠳᠡᠭᠡᠭᠰᠢ ᠡᠳᠦᠷ ᠤᠨ ᠬᠦᠴᠦᠨ ᠤ ᠬᠥᠮᠥᠷᠭᠡ ᠳᠤ ᠳᠠᠩᠰᠠᠯᠠᠭᠤᠯᠬᠤ ᠪᠠᠷ ᠲᠥᠯᠥᠪᠯᠡᠨ᠎ᠡ

᠃ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ 1000 ᠵᠤᠷᠪᠤᠰ ᠠᠴᠠ ᠳᠡᠭᠡᠭᠰᠢ ᠨᠡᠶᠢᠲᠡᠯᠡᠵᠦ᠂

ᠤᠬᠠᠭᠤᠯᠬᠤ ᠮᠠᠲ᠋ᠧᠷᠢᠶᠠᠯ ᠢ 5000 ᠬᠤᠪᠢ ᠠᠴᠠ ᠳᠡᠭᠡᠭᠰᠢ ᠲᠠᠷᠬᠠᠭᠠᠵᠤ᠂ 20 ᠠᠴᠠ ᠳᠡᠭᠡᠭᠰᠢᠬᠢ ᠠᠵᠤ

ᠠᠬᠤᠶᠢᠯᠠᠯ ᠢ ᠬᠠᠪᠰᠤᠷᠤᠨ ᠠᠵᠢᠯᠴᠢᠨ ᠡᠯᠰᠡᠵᠦ᠂ 3000 ᠬᠥᠮᠥᠨ ᠤᠳᠠᠭ᠎ᠠ ᠠᠴᠠ ᠳᠡᠭᠡᠭᠰᠢ ᠠᠮᠢᠳᠤᠯᠢᠭ ᠢᠶᠠᠷ

ᠠᠵᠢᠯ ᠣᠯᠭᠤᠨ᠎ᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2