| ︽ᠢᠯᠡ ᠲᠣᠳᠣ ᠪᠠᠷ ᠠᠳᠠᠯᠢᠳᠬᠠᠬᠤ︾ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ | ᠦᠷ᠎ᠡ ᠳ᠋ᠦᠩ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠰᠢᠯᠭᠠᠵᠤ ᠦᠨᠡᠯᠡᠨ ᠵᠢᠱᠢᠬᠦ ︽ | ᠳᠣᠬᠢᠭᠤᠷ︾ ᠤᠨ ᠦᠢᠯᠡᠳᠦᠯ ᠢ ᠦᠨᠡᠨ ᠬᠦ ᠪᠠᠳᠠᠷᠠᠭᠤᠯᠤᠨ᠂ ᠦᠨᠳᠦᠰᠦᠨ ᠱᠠᠲᠤᠨ ᠤ ᠺᠠᠳ᠋ᠷᠴᠤᠳ ᠤᠨ ᠬᠢᠬᠦ ᠳᠤᠷ᠎ᠠ | ᠦᠭᠡᠢ᠂ ᠬᠢᠵᠦ ᠴᠢᠳᠠᠬᠤ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠦᠨᠳᠦᠰᠦᠨ ᠱᠠᠲᠤᠨ ᠤ | ᠺᠠᠳ᠋ᠷᠴᠤᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠭᠦᠢᠴᠡᠳ ᠬᠥᠭᠵᠢᠭᠡᠬᠦ ᠶᠢᠨ | ᠲᠥᠯᠥᠭᠡ ᠂ 7 ᠰᠠᠷ᠎ᠠ ᠶᠢᠨ 25 ᠤ ᠡᠳᠦᠷ ᠂ ᠮᠠᠨ ᠤ ᠰᠢᠶᠠᠨ ᠤ ᠴᠠᠩᠱᠦ᠋ᠨ ᠪᠠᠯᠭᠠᠰᠤᠨ ᠤ ᠨᠠᠮ ᠤᠨ ᠬᠤᠷᠢᠶ᠎ᠠ | ᠲᠡᠷᠢᠭᠦᠨ ᠤ ᠲᠣᠰᠬᠤᠨ︵ᠨᠡᠶᠢᠭᠡᠮ ᠲᠣᠭᠤᠷᠢᠭ︶ ᠤ ︽ᠨᠢᠭᠡ ᠨᠢᠭᠡ︾ ᠪᠠᠷ ᠬᠤᠴᠤᠷᠤᠩᠭᠤᠢ ᠶᠢ ᠬᠠᠪᠰᠤᠷᠤᠨ | ᠳᠠᠭᠠᠭᠤᠯᠵᠤ ᠲᠣᠰᠬᠤᠨ︵ᠨᠡᠶᠢᠭᠡᠮ ᠲᠣᠭᠤᠷᠢᠭ︶ ᠳᠤ ᠣᠷᠣᠭᠤᠯᠬᠤ ᠠᠬᠢᠭᠤᠯᠬᠤ ᠬᠤᠷᠠᠯ ᠥᠷᠨᠢᠭᠦᠯᠪᠡ᠃ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠯᠢ ᠵᠢᠢ ᠴᠢᠶᠠᠩ ᠂ ᠵᠣᠬᠢᠶᠠᠨ ᠪᠠᠶᠢᠭᠤᠯᠬᠤ ᠭᠡᠰᠢᠭᠦᠨ ᠯᠢ ᠮᠢᠶᠣᠣ ᠮᠢᠶᠣᠣ ᠂ | ᠪᠠᠯᠭᠠᠰᠤᠨ ᠤ ᠳᠠᠭᠠᠭᠠᠴᠢᠯᠠᠨ ᠬᠣᠯᠪᠤᠭᠠᠯᠠᠬᠤ ᠤᠳᠤᠷᠢᠳᠤᠯᠭ᠎ᠠ ᠂ | ᠬᠡᠰᠡᠭ ᠲᠣᠰᠬᠤᠨ︵ᠨᠡᠶᠢᠭᠡᠮ ᠲᠣᠭᠤᠷᠢᠭ︶ ᠤᠨ ︽ᠬᠤᠶᠠᠷ ᠵᠥᠪᠯᠡᠯ︾ ᠤᠨ ᠪᠦᠷᠢᠯᠳᠦᠭᠦᠨ ᠣᠷᠣᠯᠴᠠᠪᠠ᠃ | | | | | | ᠴᠠᠩᠱᠦ᠋ᠨ ᠪᠠᠯᠭᠠᠰᠤ ︽ᠬᠦᠴᠦᠷᠬᠡᠭ ᠨᠢ ᠪᠠᠭᠤᠷᠠᠢ ᠪᠠᠨ ᠬᠠᠪᠰᠤᠷᠬᠤ᠂ ᠲᠡᠷᠢᠭᠦᠨ ᠤ ᠬᠢ ᠨᠢ | ᠬᠤᠴᠤᠷᠤᠩᠭᠤᠢ ᠪᠠᠨ ᠳᠠᠭᠠᠭᠤᠯᠬᠤ︾ ᠰᠡᠳᠬᠢᠴᠡ ᠪᠠᠷ᠂ ︽ᠨᠢᠭᠡ ᠨᠢᠭᠡ ᠪᠠᠷ ︾ ᠬᠠᠪᠰᠤᠷᠤᠨ | ᠳᠠᠭᠠᠭᠤᠯᠬᠤ ᠲᠣᠭᠲᠠᠴᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠶᠢ ᠳᠠᠶᠢᠴᠢᠯᠠᠬᠤ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ | ᠬᠠᠷᠢᠯᠴᠠᠨ ᠰᠤᠷᠤᠯᠴᠠᠵᠤ ᠳᠤᠲᠠᠭᠤᠳᠠᠯ ᠢᠶᠠᠨ ᠨᠥᠬᠦᠪᠦᠷᠢᠯᠡᠬᠦ ᠂ ᠬᠠᠷᠢᠯᠴᠠᠨ ᠬᠠᠪᠰᠤᠷᠤᠯᠴᠠᠵᠤ ᠪᠣᠳᠠᠲᠠᠢ ᠠᠷᠭ᠎ᠠ | ᠭᠠᠷᠭᠠᠬᠤ ᠂ ᠬᠠᠷᠢᠯᠴᠠᠨ ᠠᠬᠢᠭᠤᠯᠵᠤ ᠬᠠᠮᠵᠢᠯᠴᠠᠬᠤ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠪᠠ ᠲᠠᠶᠢᠴᠢᠨ ᠬᠦᠴᠦᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠂ ᠬᠠᠮᠲᠤᠪᠠᠷ ᠡᠷᠡᠯᠬᠡᠭᠯᠡᠨ ᠤᠷᠤᠭᠰᠢᠯᠠᠬᠤ ᠠᠵᠢᠯ ᠤᠨ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ ᠂ ᠲᠡᠩᠴᠡᠭᠦᠷᠢᠲᠡᠢ ᠬᠥᠭᠵᠢᠭᠦᠯᠬᠦ ᠂ ᠰᠢᠯᠢᠳᠡᠭ ᠢ ᠬᠠᠮᠲᠤᠪᠠᠷ ᠡᠳ᠋ᠯᠡᠬᠦ | ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ ᠂ ︽ᠰᠠᠶᠢᠨ ᠲᠣᠰᠬᠤᠨ︵ᠨᠡᠶᠢᠭᠡᠮ ᠲᠣᠭᠤᠷᠢᠭ︶ ᠵᠢᠯ ᠪᠦᠷᠢ ᠱᠠᠩᠨᠠᠯ | ᠬᠦᠷᠳᠡᠬᠦ ᠂ ᠮᠠᠭᠤ ᠲᠣᠰᠬᠤᠨ︵ᠨᠡᠶᠢᠭᠡᠮ ᠲᠣᠭᠤᠷᠢᠭ︶ ᠵᠢᠯ ᠪᠦᠷᠢ ᠶᠠᠳᠠᠭᠤᠷᠠᠮᠠᠷ | ᠪᠠᠢᠬᠤ︾ ᠦᠵᠡᠭᠳᠡᠯ ᠭᠠᠷᠬᠤ ᠠᠴᠠ ᠵᠠᠢᠯᠠᠰᠬᠢᠪᠡ᠃ ᠲᠤᠬᠠᠢ ᠶᠢᠨ ᠭᠠᠵᠠᠷ | ᠲᠤᠨᠢ ᠰᠤᠷᠤᠯᠴᠠᠬᠤ ᠳᠠᠭᠠᠨ︽ᠨᠢᠭᠡ ᠨᠢᠭᠡ ᠪᠠᠷ︾ ᠲᠣᠰᠬᠤᠨ︵ᠨᠡᠶᠢᠭᠡᠮ ᠲᠣᠭᠤᠷᠢᠭ︶︶ ᠢ ᠬᠠᠪᠰᠤᠷᠤᠨ | ᠳᠠᠭᠠᠭᠤᠯᠵᠤ ᠨᠠᠮ ᠤᠨ ᠪᠠᠶᠢᠭᠤᠯᠤᠯᠲᠠ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ | ᠠᠰᠠᠭᠤᠳᠠᠯ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤᠨᠢ | ᠰᠣᠯᠢᠯᠴᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ ᠂ ᠳᠠᠷᠠᠭᠠᠴᠢ ᠶᠢᠨ ᠠᠯᠬᠤᠮ ᠤᠨ | ᠠᠵᠢᠯ ᠤᠨ ᠲᠥᠰᠥᠯ ᠢ ᠬᠠᠪᠰᠤᠷᠤᠨ ᠲᠣᠭᠲᠠᠭᠠᠵᠠᠢ᠃ | ᠬᠤᠷᠠᠯ ᠠᠴᠠ ᠴᠢᠬᠤᠯᠠᠴᠢᠯᠠᠭᠰᠠᠨ ᠨᠢ ᠂ ᠲᠤᠰ ᠤᠳᠠᠭ᠎ᠠ ᠲᠡᠷᠢᠭᠦᠨ ᠤ ᠪᠠ ᠬᠤᠴᠣᠷᠤᠩᠭᠤᠢ ᠲᠣᠰᠬᠤᠨ ᠤ | ︽ᠨᠢᠭᠡ ᠨᠢᠭᠡ ᠪᠠᠷ︾ ᠬᠠᠪᠰᠤᠷᠤᠨ ᠳᠠᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠤ ᠂ | ᠬᠤᠴᠣᠷᠤᠩᠭᠤᠢ ᠲᠣᠰᠬᠤᠨ ᠤ ︽ᠬᠦᠯᠢᠶᠡᠬᠦ ᠂ ᠲᠦᠰᠢᠭᠯᠡᠬᠦ ᠂ ᠠᠪᠬᠤ︾ ᠨᠠᠵᠠᠭᠠᠢ ᠦᠵᠡᠯ ᠰᠠᠨᠠᠭ᠎ᠠ ᠶᠢ ᠲᠡᠪᠴᠢᠵᠦ ᠂ | ᠡᠷᠴᠢᠯᠡᠭᠦᠷ ᠢ ᠴᠢᠩᠭᠠᠯᠠᠵᠤ ᠂ ᠪᠠᠷᠢᠮᠵᠢᠶ᠎ᠠ ᠶᠢ ᠬᠠᠷᠢᠴᠠᠭᠤᠯᠤᠨ ᠳᠡᠭᠡᠭᠰᠢᠯᠡᠭᠦᠯᠵᠦ ᠂ ᠮᠡᠳᠡᠬᠦ ᠦᠭᠡᠢ ᠪᠣᠯ ᠠᠰᠠᠭᠤᠵᠤ ᠂ | ᠴᠢᠳᠠᠬᠤ ᠦᠭᠡᠢ ᠪᠣᠯ ᠰᠤᠷᠤᠯᠴᠠᠵᠤ᠂ ᠬᠠᠪᠰᠤᠷᠤᠨ ᠳᠠᠭᠠᠭᠤᠯᠵᠤ ᠲᠤᠰᠠᠯᠠᠬᠤ ᠶᠢ ᠭᠦᠢᠴᠡᠳ ᠠᠰᠢᠭᠯᠠᠵᠤ ᠂ | ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ ᠂ ᠲᠤᠰ ᠲᠣᠰᠬᠤᠨ ᠤ ᠪᠠᠨ ᠡᠯ᠎ᠡ ᠲᠠᠯ᠎ᠠ ᠶᠢᠨ ᠠᠵᠢᠯ ᠢ | ᠯᠠᠪᠳᠠᠭᠤᠨ ᠪᠠᠲᠤᠲᠠᠢ ᠪᠠᠷ ᠰᠢᠨ᠎ᠡ ᠳᠡᠭᠲᠡᠷ ᠲᠤ ᠭᠠᠷᠭᠠᠵᠤ ᠂ ᠳᠠᠷᠠᠭ᠎ᠠ ᠨᠢᠭᠡ ᠵᠢᠯ ᠤᠨ ᠤᠳᠤᠨ ᠢ ᠨᠡᠮᠡᠭᠳᠡᠭᠦᠯᠵᠦ ᠲᠡᠰ | ᠳᠡᠪᠰᠢᠭᠦᠯᠬᠦ ᠪᠠᠷ ᠴᠢᠷᠮᠠᠶᠢᠬᠤ ᠬᠡᠷᠡᠭᠲᠡᠢ ᠃ | ᠳᠠᠷᠠᠭᠠᠴᠢ ᠶᠢᠨ ᠠᠯᠬᠤᠮ ᠳᠤ᠂ ᠴᠠᠩᠱᠦ᠋ᠨ ᠪᠠᠯᠭᠠᠰᠤ ᠶᠢᠨ ᠬᠢᠨ ᠲᠤᠰ ᠤᠳᠠᠭᠠᠨ ᠤ ︽ᠨᠢᠭᠡ ᠨᠢᠭᠡ ᠪᠠᠷ ︾ | ᠶᠢᠨ ᠬᠠᠪᠰᠤᠷᠤᠨ ᠳᠠᠭᠠᠭᠤᠯᠬᠤ ᠠᠵᠢᠯᠯᠠᠭ᠎ᠠ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ︽ᠲᠡᠷᠢᠭᠦᠨ ᠤ ᠬᠢ ᠪᠠᠷ | ᠬᠤᠴᠤᠷᠤᠩᠭᠤᠢ ᠶᠢ ᠳᠠᠶᠢᠴᠢᠯᠠᠬᠤ︾ ᠵᠠᠭᠪᠤᠷ ᠢ ᠦᠷᠭᠦᠯᠵᠢᠯᠡᠨ ᠬᠡᠷᠡᠭᠵᠢᠭᠦᠯᠵᠦ᠂ ᠪᠥᠬᠦ ᠪᠠᠯᠭᠠᠰᠤᠨ ᠤ ᠨᠠᠮ ᠤᠨ | ᠵᠣᠬᠢᠶᠠᠨ ᠪᠠᠶᠢᠭᠤᠯᠤᠯᠲᠠ ᠳᠤ ᠡᠷᠳᠡᠮ ᠴᠢᠳᠠᠪᠤᠷᠢ ᠪᠠᠨ ᠪᠠᠳᠠᠷᠠᠭᠤᠯᠬᠤ ︽ᠲᠣᠮᠣ ᠲᠠᠪᠴᠠᠩ︾ ᠢ ᠪᠠᠶᠢᠭᠤᠯᠤᠨ | ᠥᠭᠴᠦ᠂ ᠦᠨᠳᠦᠰᠦᠨ ᠱᠠᠲᠤᠨ ᠤ ᠵᠠᠰᠠᠯᠲᠠ ᠶᠢᠨ ︽ᠲᠣᠮᠣ ᠨᠡᠶᠢᠯᠡᠮᠡᠯ ᠬᠦᠴᠦᠨ︾ ᠢ ᠨᠢᠭᠲᠠᠷᠠᠭᠤᠯᠤᠨ᠂ | ᠲᠡᠷᠢᠭᠦᠨ ᠤ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠡᠪ ᠳᠠᠭᠤᠷᠢᠶᠠᠯ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠵᠢᠷᠤᠮᠵᠢᠭᠰᠠᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ︽ᠲᠡᠷᠢᠭᠦᠨ ᠤ | ᠬᠢ ᠪᠠᠷ ᠬᠤᠴᠤᠷᠤᠩᠭᠤᠢ ᠶᠢ ᠳᠠᠶᠢᠴᠢᠯᠠᠬᠤ᠂ ᠬᠠᠪᠰᠤᠷᠤᠨ ᠳᠠᠭᠠᠭᠤᠯᠵᠤ ᠬᠥᠭᠵᠢᠯᠲᠡ ᠶᠢ ᠠᠬᠢᠭᠤᠯᠬᠤ︾ ᠰᠠᠶᠢᠨ | ᠰᠠᠶᠢᠬᠠᠨ ᠪᠠᠶᠢᠳᠠᠯ ᠢ ᠪᠣᠶ ᠪᠣᠯᠭᠠᠨ᠎ᠠ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ | | | | | | |