ᠶᠦᠨ ᠫᠧᠩ ᠭᠠᠩ ᠮᠠᠨ ᠤ ᠰᠢᠶᠠᠨ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/7/26
    7 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠫᠧᠩ ᠭᠠᠩ ᠮᠠᠨ ᠤ ᠰᠢᠶᠠᠨ ᠤ ᠴᠣᠣᠶᠠᠩ ᠪᠠᠯᠭᠠᠰᠤᠨ ᠤ ᠮᠢᠨ ᠯᠧ ᠲᠣᠰᠬᠤᠨ ᠳᠤ ᠭᠦᠨᠵᠡᠭᠡᠶᠢᠷᠡᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠯᠲᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠢᠦᠢ ᠱᠧᠩ ᠮᠡᠳᠡᠭᠦᠯᠦᠯᠲᠡ ᠶᠢᠨ ᠬᠤᠷᠠᠯ ᠢ ᠡᠷᠭᠢᠯᠡᠪᠡ᠃ 

1.png

    ᠶᠦᠨ ᠫᠧᠩ ᠭᠠᠩ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠰᠡᠳᠦᠪ ᠢᠶᠠᠷ

ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ

ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ

ᠮᠣᠩᠭᠤᠯ ᠳᠠᠬᠢ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠪᠠ ︔ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ

ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ ︔

︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠪᠠᠷ ᠬᠥᠲᠥᠯᠥᠮᠵᠢ ᠪᠣᠯᠭᠠᠵᠤ ᠂ ᠶᠡᠷᠦᠩᠬᠡᠢ ᠱᠦᠵᠢ ᠰᠢ ᠶᠢᠨ

ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ

ᠬᠡᠷᠡᠭᠲᠡᠢ ︔ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠵᠦ ᠂ ᠠᠷᠠᠳ ᠤᠯᠠᠨ ᠳᠤ ᠨᠡᠩ

ᠤᠯᠠᠨ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠣᠯᠭᠤᠵᠤ ᠂

ᠲᠦᠷᠪᠡᠨ ᠲᠠᠯ᠎ᠠ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ

ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠂ ᠪᠦᠬᠦ ᠲᠠᠯ᠎ᠠ ᠪᠠᠷ 

ᠰᠢᠰᠲ᠋ᠧᠮ ᠲᠠᠢ ᠲᠠᠶᠢᠯᠪᠤᠷᠢᠯᠠᠪᠠ᠃

ᠤᠬᠠᠭᠤᠯᠤᠨ ᠲᠠᠶᠢᠯᠪᠤᠷᠢᠯᠠᠬᠤ ᠳᠠᠭᠠᠨ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ

ᠰᠢᠨᠵᠢᠯᠡᠨ ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠣᠨ ᠠᠯᠤᠰ ᠬᠡᠳᠤ ᠶᠢᠨ ᠨᠥᠯᠥᠭᠡ ᠶᠢ

ᠭᠦᠨᠵᠡᠭᠡᠢ ᠲᠠᠨᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ

ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ︽ᠬᠤᠶᠠᠷ ᠶᠡᠭᠡ

ᠶᠠᠪᠤᠳᠠᠯ︾  ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠡᠷᠡᠰ

ᠲᠤᠤᠱᠯᠠᠭᠤᠯᠤᠨ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ ᠂

ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ

ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃

    ᠮᠡᠳᠡᠭᠦᠯᠦᠯᠲᠡ ᠶᠢᠨ ᠬᠤᠷᠠᠯ ᠲᠡᠭᠦᠰᠦᠭᠰᠡᠨ ᠤ ᠲᠠᠷᠠᠭ᠎ᠠ᠂ ᠶᠦᠨ ᠫᠧᠩ ᠭᠠᠩ ᠴᠣᠣᠶᠠᠩ ᠪᠠᠯᠭᠠᠰᠤ ᠶᠢᠨ ᠮᠢᠨ ᠯᠧ 

ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠂ ᠠᠬᠠᠮᠠᠳ

ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2