ᠮᠠᠨ ᠤ ᠰᠢᠶᠠᠨ ᠪᠦᠬᠦ ᠰᠢᠶᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠨᠢᠭᠡᠴᠡ ᠶᠢᠨ ᠪᠠᠶᠢᠴᠠᠭᠠᠯᠲᠠ ᠵᠢᠴᠢ ᠲᠤᠬᠠᠶᠢᠯᠠᠭᠰᠠᠨ ᠠᠵᠢᠯ ᠪᠣᠯᠣᠨ ᠵᠥᠭᠡᠯᠡᠨ‌‍ᠲ᠋ᠣᠨᠤᠭ ᠤᠨ ᠪᠣᠯᠪᠠᠰᠤᠷᠠᠯ ᠤᠨ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2023/7/27
    7 ᠰᠠᠷ᠎ᠠ ᠶᠢᠨ 26 ᠤ ᠡᠳᠦᠷ᠂ ᠮᠠᠨ ᠤ ᠰᠢᠶᠠᠨ ᠪᠥᠬᠦ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠵᠢᠴᠢ ᠲᠤᠬᠠᠶᠢᠯᠠᠭᠰᠠᠨ ᠠᠵᠢᠯ ᠪᠠ ᠵᠥᠭᠡᠯᠡᠨ ᠲᠣᠨᠤᠭ ᠤᠨ ᠪᠣᠯᠪᠠᠰᠤᠷᠠᠭᠤᠯᠤᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠠᠪᠤᠨ ᠠᠵᠤ ᠠᠬᠤᠢ ᠡᠩ ᠤᠨ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠳᠠᠶᠢᠴᠢᠯᠠᠨ ᠪᠠᠶᠢᠷᠢᠯᠠᠭᠤᠯᠪᠠ᠃    ᠲᠣᠰ ᠤᠳᠠᠭᠠᠨ ᠤ ᠪᠣᠯᠪᠠᠰᠤᠷᠠᠯ ᠤᠨ ᠠᠩᠭᠢ ᠶᠢᠨ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠮᠡᠳᠡᠯᠭᠡ᠂ ᠢᠯᠭᠠᠷᠠᠭᠤᠯᠤᠨ ᠪᠠᠶᠢᠴᠠᠭᠠᠬᠤ ᠶᠡᠷᠦᠩᠬᠡᠢ ᠶᠠᠪᠤᠴᠠ᠂ ᠢᠯᠭᠠᠷᠠᠭᠤᠯᠤᠨ ᠪᠠᠶᠢᠴᠠᠭᠠᠬᠤ ᠬᠦᠰᠦᠨᠦᠭᠲᠦ ᠶᠢ ᠲᠠᠭᠯᠠᠨ ᠪᠢᠴᠢᠬᠦ ᠲᠣᠳᠣᠷᠬᠠᠶᠢᠯᠠᠯᠲᠠ᠂ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠳᠦᠭᠦᠮ ᠰᠤᠹᠲ᠂ ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠢ ᠲᠥᠷᠥᠯ ᠬᠤᠪᠢᠶᠠᠨ ᠬᠤᠪᠢᠶᠠᠷᠢᠯᠠᠬᠤ ᠵᠡᠷᠭᠡ ᠠᠭᠤᠯᠭ᠎ᠠ ᠶᠢ ᠪᠠᠭᠲᠠᠭᠠᠨ᠎ᠠ᠃ ᠡᠨᠡ ᠤᠳᠠᠭᠠᠨ ᠤ ᠪᠣᠯᠪᠠᠰᠤᠷᠠᠭᠤᠯᠤᠯ ᠳᠤ ᠰᠢᠶᠠᠨ ᠤ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠬᠢᠴᠢᠶᠡᠯ ᠢᠶᠠᠨ ᠨᠠᠷᠢᠨ ᠨᠢᠮᠪᠠᠢ ᠪᠡᠯᠡᠳᠬᠡᠵᠦ᠂ ᠬᠢᠴᠢᠶᠡᠯ ᠣᠷᠣᠬᠤ ᠨᠢ ᠭᠦᠨᠵᠡᠭᠡᠢ ᠪᠥᠭᠡᠳ ᠣᠶᠢᠯᠠᠭᠠᠮᠵᠢᠲᠠᠢ ᠪᠣᠯᠵᠠᠢ᠃ ᠪᠣᠯᠪᠠᠰᠤᠷᠠᠭᠤᠯᠤᠭᠰᠠᠨ ᠤ ᠳᠠᠷᠠᠭ᠎ᠠ ᠪᠠᠰᠠ ᠲᠤᠬᠠᠢ ᠶᠢᠨ ᠲᠠᠯᠠᠪᠤᠷ ᠤᠨ ᠰᠢᠯᠭᠠᠯᠲᠠ ᠬᠢᠵᠦ᠂ ᠮᠠᠳᠠᠭ ᠲᠠᠢ ᠠᠰᠠᠭᠤᠳᠠᠯ ᠳᠤ ᠲᠠᠶᠢᠯᠪᠤᠷᠢᠯᠠᠯᠲᠠ ᠬᠢᠪᠡ᠃ ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ︽ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠨᠢᠭᠤᠴᠠ ᠶᠢ ᠬᠠᠮᠠᠭᠠᠯᠠᠬᠤ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃

2.png

    ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠪᠣᠯ ᠵᠢᠩᠬᠢᠨᠢ ᠪᠠᠷ ᠨᠡᠶᠢᠳᠡᠮ

ᠪᠠᠶᠢᠴᠠᠭᠠᠯᠲᠠ ᠬᠢᠵᠦ ᠳᠠᠩᠰᠠᠯᠠᠬᠤ ᠶᠢ ᠤᠷᠤᠭᠰᠢᠲᠠᠢ ᠬᠡᠷᠡᠭᠵᠢᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠂

ᠦᠨᠳᠦᠰᠦᠨ ᠨᠢᠭᠡᠴᠡ ᠶᠢᠨ ᠨᠡᠷᠡᠰ ᠤᠨ ᠬᠥᠮᠥᠷᠭᠡ ᠶᠢ ᠲᠡᠭᠦᠯᠳᠡᠷᠵᠢᠭᠦᠯᠬᠦ ᠶᠢᠨ ᠴᠢᠬᠤᠯᠠ ᠰᠠᠭᠤᠷᠢ ᠮᠥᠨ᠂ ᠨᠡᠶᠢᠳᠡᠮ

ᠪᠠᠶᠢᠴᠠᠭᠠᠯᠲᠠ ᠬᠢᠬᠦ ᠡᠲᠡᠭᠡᠳ ᠢ ᠣᠨᠣᠪᠴᠢᠲᠠᠶ ᠲᠣᠭᠲᠠᠭᠠᠵᠤ᠂ ᠡᠯ᠎ᠡ ᠲᠥᠷᠥᠯ ᠤᠨ ᠨᠡᠶᠢᠳᠡᠮ ᠪᠠᠶᠢᠴᠠᠭᠠᠯᠲᠠ ᠶᠢᠨ ᠮᠡᠳᠡᠭᠦᠯᠬᠦ

ᠬᠦᠰᠦᠨᠦᠭᠲᠦ ᠶᠢ ᠬᠡᠷᠡᠭᠵᠢᠭᠦᠯᠬᠦ ᠬᠡᠪᠴᠢᠶ᠎ᠡ ᠶᠢ ᠵᠢᠷᠤᠮᠵᠢᠭᠤᠯᠤᠨ ᠵᠠᠭᠠᠭᠯᠠᠨ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ

ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠵᠠᠩᠭᠢᠯᠠᠭ᠎ᠠ ᠮᠥᠨ᠃ ᠤᠨᠢᠨ ᠳᠡᠭᠡᠷ᠎ᠡ ᠨᠢ ᠬᠦᠴᠦᠯᠡᠵᠦ ᠂

ᠨᠢᠭᠡᠴᠡ ᠶᠢ ᠬᠠᠷᠢᠴᠠᠭᠤᠯᠬᠤ ᠂ ᠢᠯᠭᠠᠷᠠᠭᠤᠯᠤᠨ ᠪᠠᠶᠢᠴᠠᠭᠠᠬᠤ ᠰᠠᠭᠤᠷᠢ ᠳᠡᠪᠲᠡᠷ ᠢ ᠡᠮᠬᠢᠯᠡᠬᠦ ᠂ ︽ᠬᠡᠪᠢᠰ ᠮᠠᠶ᠋ᠢᠭ︾ ᠤᠨ

ᠢᠯᠭᠠᠷᠠᠭᠤᠯᠤᠨ ᠪᠠᠶᠢᠴᠠᠭᠠᠬᠤ ᠂ ᠨᠢᠭᠡᠴᠡ ᠶᠢ ᠡᠷᠢᠵᠦ ᠬᠢᠨᠠᠨ ᠬᠠᠷᠭᠤᠭᠤᠯᠬᠤ ᠂ ᠲᠤᠭ᠎ᠠ ᠪᠠᠷᠢᠮᠲᠠ ᠶᠢ ᠨᠣᠮᠧᠷᠯᠠᠬᠤ ᠪᠠ

ᠢᠯᠭᠠᠬᠤ ᠲᠡᠮᠳᠡᠭ ᠂ ᠢᠯᠭᠠᠷᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠳᠡᠭᠡᠭᠰᠢ ᠮᠡᠳᠡᠭᠦᠯᠬᠦ ᠵᠡᠷᠭᠡ ᠡᠯ᠎ᠡ ᠭᠤᠭᠴᠤᠭ᠎ᠠ ᠶᠢᠨ

ᠠᠵᠢᠯ ᠢ ᠰᠠᠶᠢᠲᠤᠷ ᠬᠢᠵᠦ ᠂ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠪᠡᠶᠡᠯᠡᠭᠳᠡᠬᠦ ᠶᠢ

ᠪᠠᠲᠤᠯᠠᠬᠤ ᠬᠡᠷᠡᠭᠲᠡᠢ ᠃

3.png

    ᠬᠤᠷᠠᠯ ᠠᠴᠠ ᠴᠢᠬᠤᠯᠠᠴᠢᠯᠠᠭᠰᠠᠨ ᠨᠢ᠂ ᠲᠠᠪᠤᠨ ᠠᠵᠤ ᠠᠬᠤᠢ ᠡᠩ ᠤᠨ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ

ᠠᠵᠢᠯ ᠳᠤ ᠬᠤᠯᠪᠣᠭᠳᠠᠬᠤ ᠭᠤᠭᠴᠤᠭ᠎ᠠ ᠣᠯᠠᠨ᠂ ᠴᠠᠭ ᠪᠠᠴᠢᠮ᠂ ᠡᠭᠦᠷᠭᠡ ᠬᠦᠨᠳᠦ ᠪᠠᠶᠢᠵᠤ᠂ ᠣᠲᠣ ᠨᠢᠭᠡᠨᠲᠡ ᠪᠣᠳᠠᠲᠤ

ᠪᠠᠶᠢᠯᠳᠤᠭᠠᠨ ᠤ ᠪᠠᠶᠢᠳᠠᠯ ᠳᠤ ᠣᠷᠣᠭᠰᠠᠨ ᠪᠣᠯᠬᠤᠷ ᠡᠯ᠎ᠡ ᠨᠡᠶᠢᠳᠡᠮ ᠪᠠᠶᠢᠴᠠᠭᠠᠭᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ

ᠦᠵᠡᠵᠦ᠂ ᠢᠯᠭᠠᠷᠠᠭᠤᠯᠤᠨ ᠪᠠᠶᠢᠴᠠᠭᠠᠬᠤ ᠡᠯ᠎ᠡ ᠭᠤᠭᠴᠤᠭ᠎ᠠ ᠶᠢᠨ ᠠᠵᠢᠯ ᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃ 

ᠬᠠᠤᠯᠢ ᠶᠣᠰᠣᠭᠠᠷ ᠪᠠᠶᠢᠴᠠᠭᠠᠨ ᠲᠣᠳᠣᠷᠬᠠᠶᠢᠯᠠᠵᠤ᠂ ᠬᠠᠤᠯᠢ ᠶᠣᠰᠣᠭᠠᠷ ᠪᠦᠷᠢᠳᠬᠡᠬᠦ ᠤᠬᠠᠮᠰᠠᠷ ᠢᠶᠠᠨ ᠴᠢᠩᠭᠠᠳᠬᠠᠬᠤ

ᠬᠡᠷᠡᠭᠲᠡᠢ᠃

    ᠲᠣᠰ ᠤᠳᠠᠭᠠᠨ ᠤ ᠪᠣᠯᠪᠠᠰᠤᠷᠠᠭᠤᠯᠤᠯ ᠨᠢ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠥᠮᠥᠰ ᠤᠨ

ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠠᠭᠠᠴᠢ ᠶᠢᠨ ᠱᠠᠲᠤᠨ ᠤ ᠬᠤᠶᠠᠷ ᠠᠵᠢᠯᠲᠠᠨ ᠤ

ᠪᠣᠯᠪᠠᠰᠤᠷᠠᠭᠤᠯᠤᠯ ᠪᠠ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ 

ᠡᠯ᠎ᠡ ᠰᠢᠶᠠᠩ ᠪᠠᠯᠭᠠᠰᠤ ᠂ ᠬᠦᠷᠢᠶᠡᠯᠡᠩ ᠲᠣᠭᠤᠷᠢᠭ ᠂ ᠨᠡᠶᠢᠭᠡᠮ ᠲᠣᠭᠤᠷᠢᠭ ᠤᠨ ᠠᠵᠤ ᠠᠬᠤᠢ ᠨᠡᠶᠢᠳᠡᠮ ᠤᠨ

ᠪᠠᠶᠢᠴᠠᠭᠠᠯᠲᠠ ᠶᠢ ᠲᠦᠭᠡᠮᠡᠯᠵᠢᠭᠦᠯᠬᠦ ᠳᠤ ᠣᠷᠣᠯᠴᠠᠭᠰᠠᠨ ᠠᠵᠢᠯᠲᠠᠨ᠂ ᠰᠢᠶᠠᠨ ᠤ ᠠᠵᠤ ᠠᠬᠤᠢ ᠨᠡᠶᠢᠳᠡᠮ ᠤᠨ

ᠪᠠᠶᠢᠴᠠᠭᠠᠯᠲᠠ ᠶᠢ ᠲᠦᠭᠡᠮᠡᠯᠵᠢᠭᠦᠯᠬᠦ ᠳᠤ ᠣᠷᠣᠯᠴᠠᠭᠰᠠᠨ ᠪᠦᠬᠦ ᠠᠵᠢᠯᠲᠠᠨ ᠨᠡᠶᠢᠳᠡ 67 ᠬᠥᠮᠥᠨ ᠪᠣᠯᠪᠠᠰᠤᠷᠠᠯ ᠳᠤ

ᠣᠷᠣᠯᠴᠠᠪᠠ ᠃

ᠵᠣᠬᠢᠶᠠᠭᠴᠢ᠄ ᠭᠥᠸᠧ ᠰᠢᠶᠣᠣ ᠳ᠋ᠥᠸᠧ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ

 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2