ᠬᠤᠨᠢᠨ ᠤ ᠡᠪᠡᠰᠦ ᠬᠠᠭᠤᠷᠠᠢ ᠡᠪᠡᠰᠦ ᠶᠢ ᠬᠠᠳᠤᠬᠤ ᠳᠤ ᠬᠠᠮᠤᠭ ᠰᠠᠶᠢᠨ ᠨᠢ ᠵᠠᠯᠠᠭᠠᠯᠠᠬᠤ | ᠬᠤᠭᠤᠴᠠᠭᠠᠨ ᠳᠤ ᠪᠠᠶᠢᠳᠠᠭ᠂ ᠵᠡᠭᠦᠨ ᠬᠤᠶᠢᠲᠤ ᠣᠷᠣᠨ ᠤ ᠬᠤᠨᠢᠨ ᠤ ᠡᠪᠡᠰᠦ ᠶᠢ ᠬᠤᠷᠢᠶᠠᠬᠤ ᠳᠤ ᠭᠤᠣᠯᠳᠠᠭᠤ | ᠬᠤᠶᠠᠷ ᠬᠤᠭᠤᠴᠠᠭ᠎ᠠ ᠬᠤᠪᠢᠶᠠᠨ᠎ᠠ᠂ ᠨᠢᠭᠡ ᠨᠢ 7 - 8 ᠰᠠᠷ᠎ᠠ ᠠᠴᠠ ᠡᠬᠢᠯᠡᠨ ᠡᠪᠡᠰᠦ ᠬᠤᠷᠢᠶᠠᠨ᠎ᠠ᠂ ᠡᠨᠡ | ᠦᠶ᠎ᠡ ᠳᠤ ᠰᠢᠮ᠎ᠡ ᠲᠡᠵᠢᠭᠡᠯ ᠤᠨ ᠴᠢᠨᠠᠷ ᠨᠢ ᠨᠡᠯᠢᠶᠡᠳ ᠥᠨᠳᠥᠷ᠂ ᠪᠣᠷᠣᠯᠠᠭᠤᠯᠤᠯᠲᠠ ᠶᠢᠨ ᠦᠨ᠎ᠡ ᠨᠢ ᠥᠨᠳᠥᠷ᠂ | ᠭᠠᠷᠤᠯᠲᠠ ᠶᠢᠨ ᠬᠡᠮᠵᠢᠶ᠎ᠡ ᠨᠢ ᠳᠣᠣᠷ᠎ᠠ᠂ ᠤᠰᠤᠨ ᠤ ᠠᠭᠤᠯᠤᠭᠳᠠᠴᠠ ᠨᠢ ᠶᠡᠭᠡ᠂ ᠶᠡᠷᠦ ᠳᠡᠭᠡᠨ 16% ᠠᠴᠠ | ᠳᠡᠭᠡᠭᠰᠢ ᠪᠠᠶᠢᠵᠤ᠂ ᠤᠷᠳᠤ ᠬᠤᠭᠤᠴᠠᠭ᠎ᠠ ᠪᠠᠷ ᠬᠠᠳᠠᠭᠠᠯᠠᠬᠤ ᠳᠤ ᠬᠦᠴᠢᠷ᠃ ᠣᠳᠣᠬᠠᠨ ᠤ ᠨᠠᠶᠢᠷᠠᠭᠤᠯᠬᠤ ᠠᠷᠭ᠎ᠠ | ᠪᠣᠯ ᠬᠠᠳᠤᠭᠰᠠᠨ ᠤ ᠳᠠᠷᠠᠭ᠎ᠠ 1 - 3 ᠡᠳᠦᠷ ᠬᠠᠳᠠᠭᠠᠭᠰᠠᠨ ᠤ ᠳᠠᠷᠠᠭ᠎ᠠ ᠤᠷᠢᠳ ᠢᠶᠠᠷ ᠰᠦᠪᠡᠷᠬᠡᠭ ᠵᠢᠵᠢᠭ | ᠣᠪᠣᠭ᠎ᠠ ᠪᠣᠯᠭᠠᠨ ᠣᠪᠣᠭᠠᠯᠠᠵᠤ᠂ ᠠᠭᠠᠵᠢᠮ ᠢᠶᠠᠷ ᠰᠡᠭᠦᠳᠡᠷ ᠲᠤ ᠬᠠᠲᠠᠭᠠᠨ᠂ ᠤᠰᠤᠨ ᠤ ᠠᠭᠤᠯᠤᠭᠳᠠᠴᠠ ᠨᠢ | 16% ᠣᠷᠴᠢᠮ ᠪᠣᠯᠪᠠᠯ ᠣᠪᠣᠭᠠᠯᠠᠬᠤ᠂ ᠡᠰᠡᠬᠦᠯ᠎ᠡ ᠪᠡᠯᠴᠢᠭᠡᠷ ᠲᠤ ᠣᠪᠣᠭᠠᠯᠠᠭᠠᠳ ᠰᠢᠭᠤᠳ ᠪᠣᠭᠤᠵᠢᠯᠠᠵᠤ᠂ | ᠡᠰᠡᠬᠦᠯ᠎ᠡ ᠬᠥᠮᠥᠷᠭᠡ ᠳᠤ ᠬᠦᠷᠭᠡᠵᠦ ᠬᠠᠳᠠᠭᠠᠯᠠᠨ᠎ᠠ᠃ ᠬᠤᠶᠠᠷ ᠲᠤ 8 ᠰᠠᠷ᠎ᠠ ᠶᠢᠨ ᠰᠡᠭᠦᠯᠴᠢ ᠠᠴᠠ 9 ᠰᠠᠷ᠎ᠠ | ᠪᠣᠯᠲᠠᠯᠠᠬᠢ ᠬᠤᠭᠤᠴᠠᠭᠠᠨ ᠳᠤ ᠬᠠᠳᠤᠨ᠎ᠠ᠂ ᠡᠨᠡ ᠦᠶ᠎ᠡ ᠳᠤ ᠨᠢᠭᠡᠨᠲᠡ ᠪᠣᠷᠣᠭᠠᠨ ᠤ ᠤᠯᠠᠷᠢᠯ ᠥᠩᠭᠡᠷᠡᠵᠦ᠂ | ᠨᠡᠷᠡᠨ ᠳᠤ ᠡᠭᠡᠭᠡᠵᠦ ᠪᠣᠯᠬᠤ ᠴᠠᠭ ᠨᠢ ᠣᠷᠳᠣ ᠰᠢᠭ᠋ ᠪᠠᠶᠢᠵᠤ᠂ ᠠᠭᠠᠷ ᠤᠨ ᠳᠤᠯᠠᠭᠠᠨ ᠨᠢ ᠴᠦ ᠢᠯᠡᠳᠲᠡ | ᠪᠠᠭᠤᠷᠠᠵᠤ᠂ ᠠᠮᠠᠷᠬᠠᠨ ᠸᠠᠯᠠᠬᠤ ᠦᠭᠡᠢ᠂ ᠬᠠᠭᠤᠷᠠᠢ ᠡᠪᠡᠰᠦᠨ ᠤ ᠤᠰᠤᠨ ᠤ ᠠᠭᠤᠯᠤᠭᠳᠠᠴᠠ ᠨᠢ 13% ᠠᠴᠠ | ᠳᠣᠷᠣᠭᠰᠢ ᠪᠠᠶᠢᠵᠤ᠂ ᠶᠡᠭᠡ ᠬᠡᠮᠵᠢᠶ᠎ᠡ ᠪᠠᠷ ᠬᠤᠳᠠᠯᠳᠤᠨ ᠠᠪᠬᠤ ᠪᠤᠶᠤ ᠣᠷᠳᠣ ᠬᠤᠭᠤᠴᠠᠭ᠎ᠠ ᠪᠠᠷ ᠬᠠᠳᠠᠭᠠᠯᠠᠵᠤ | ᠪᠣᠯᠣᠨ᠎ᠠ᠃ ᠭᠡᠪᠡᠴᠦ ᠬᠠᠳᠤᠬᠤ ᠬᠤᠭᠤᠴᠠᠭ᠎ᠠ ᠨᠢ ᠨᠢᠭᠡᠨᠲᠡ ᠪᠣᠯᠪᠠᠰᠤᠷᠠᠭᠰᠠᠨ ᠬᠤᠭᠤᠴᠠᠭ᠎ᠠ ᠠᠴᠠ ᠪᠠᠨ | ᠥᠩᠭᠡᠷᠡᠭᠡᠳ ᠰᠢᠷᠠᠯᠠᠬᠤ ᠬᠤᠭᠤᠴᠠᠭ᠎ᠠ ᠳᠤ ᠣᠷᠣᠭᠰᠠᠨ ᠤᠴᠢᠷ ᠠᠴᠠ ᠬᠠᠭᠤᠷᠠᠢ ᠡᠪᠡᠰᠦᠨ ᠤ ᠶᠠᠰᠤ ᠴᠢᠨᠠᠷ ᠨᠢ | ᠪᠠᠭᠤᠷᠠᠭᠰᠠᠨ ᠪᠠᠶᠢᠳᠠᠭ᠃ | ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ | |