ᠠᠮᠤᠷ ᠲᠦᠪᠰᠢᠨ ᠤ ᠬᠠᠮᠠᠭᠠᠯᠠᠯᠲᠠ︽ᠠᠪᠤᠷᠠᠯᠲᠠ︾ ᠳᠡᠷᠭᠡᠳᠡ ᠪᠤᠢ — ᠮᠠᠨ ᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠲᠦᠷᠭᠡᠨ ᠠᠪᠤᠷᠠᠬᠤ ᠮᠡᠳᠡᠯᠭᠡ ᠶᠢᠨ ᠪᠣᠯᠪᠠᠰᠤᠷᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/6
    ᠪᠥᠬᠦ ᠪᠠᠭᠰᠢ ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠤᠷ᠎ᠠ ᠴᠢᠳᠠᠪᠤᠷᠢ ᠶᠢ ᠨᠡᠮᠡᠭᠳᠡᠭᠦᠯᠬᠦ ᠶᠢᠨ ᠲᠥᠯᠥᠭᠡ ᠂ 7 ᠰᠠᠷ᠎ᠠ ᠶᠢᠨ 4 ᠤ ᠡᠳᠦᠷ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠮᠠᠨ ᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ ᠪᠥᠬᠦ ᠪᠠᠭᠰᠢ ᠰᠤᠷᠤᠭᠴᠢᠳ ᠲᠤ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠪᠣᠯᠪᠠᠰᠤᠷᠠᠭᠤᠯᠤᠯ ᠥᠷᠨᠢᠭᠦᠯᠪᠡ᠃

10.png

 

    ᠲᠣᠰ ᠤᠳᠠᠭᠠᠨ ᠤ ᠪᠣᠯᠪᠠᠰᠤᠷᠠᠭᠤᠯᠤᠯ ᠳᠤ ᠰᠢᠶᠠᠨ ᠤ ᠤᠯᠠᠭᠠᠨ ᠵᠠᠭᠠᠯᠮᠠᠶᠢᠲᠠᠨ ᠤ ᠠᠪᠤᠷᠠᠯᠳᠠ ᠶᠢᠨ ᠪᠠᠭᠰᠢ ᠶᠢ

ᠤᠷᠢᠵᠤ ᠪᠠᠭᠰᠢ ᠰᠤᠷᠤᠭᠴᠢᠳ ᠲᠤ ᠪᠠᠴᠢᠮ ᠪᠠᠶᠢᠳᠠᠯ ᠢ ᠠᠷᠭᠠᠴᠠᠬᠤ ᠠᠪᠤᠷᠠᠯᠳᠠ ᠶᠢᠨ ᠮᠡᠳᠡᠯᠭᠡ ᠶᠢ ᠲᠠᠶᠢᠯᠪᠤᠷᠢᠯᠠᠨ

ᠥᠭᠴᠦ᠂ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠲᠦᠷᠭᠡᠨ ᠠᠪᠤᠷᠠᠯᠳᠠ᠂ ᠡᠳᠦᠷ ᠲᠤᠲᠤᠮ ᠤᠨ

ᠠᠮᠢᠳᠤᠷᠠᠯ ᠤᠨ ᠳᠤᠮᠳᠠᠬᠢ ᠰᠠᠨᠠᠭᠠᠨ ᠳᠤ ᠦᠭᠡᠢ ᠭᠡᠮᠲᠦᠯ ᠢ ᠰᠢᠢᠳᠪᠦᠷᠢᠯᠡᠬᠦ ᠠᠷᠭ᠎ᠠ ᠵᠡᠷᠭᠡ ᠠᠭᠤᠯᠭ᠎ᠠ ᠶᠢ ᠣᠯᠠᠨ ᠳᠤ

ᠲᠦᠭᠡᠮᠡᠯᠵᠢᠭᠦᠯᠬᠦ ᠶᠢᠨ ᠬᠠᠮᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠵᠢᠯᠯᠠᠭᠠᠨ ᠤ ᠶᠠᠪᠤᠴᠠ ᠶᠢ

ᠭᠤᠣᠯᠳᠠᠯᠭ᠎ᠠ ᠲᠠᠢ ᠲᠠᠨᠢᠯᠴᠠᠭᠤᠯᠪᠠ᠃

    ᠠᠪᠤᠷᠠᠭᠴᠢ ᠭᠠᠷ ᠤᠨ ᠠᠯᠠᠭ᠎ᠠ ᠪᠠᠷ ᠵᠢᠷᠦᠬᠡ ᠠᠭᠤᠰᠬᠢ ᠶᠢ ᠰᠡᠷᠭᠦᠭᠡᠬᠦ ᠮᠡᠷᠭᠡᠵᠢᠯ᠂ ᠰᠢᠷᠬ᠎ᠠ ᠶᠢ ᠲᠦᠷᠭᠡᠨ

ᠠᠪᠤᠷᠠᠬᠤ ᠦᠨᠳᠦᠰᠦᠨ ᠮᠡᠷᠭᠡᠵᠢᠯ᠂ ᠰᠠᠨᠠᠭᠠᠨ ᠳᠤ ᠦᠭᠡᠢ ᠠᠳᠡᠯ ᠢ ᠲᠦᠷᠭᠡᠨ ᠰᠢᠢᠳᠪᠦᠷᠢᠯᠡᠬᠦ ᠪᠠ ᠲᠤᠬᠠᠢ ᠶᠢᠨ

ᠲᠠᠯᠠᠪᠤᠷ ᠲᠤ ᠠᠪᠤᠷᠠᠬᠤ ᠵᠡᠷᠭᠡ ᠲᠠᠯ᠎ᠠ ᠪᠠᠷ ᠲᠤᠬᠠᠢ ᠶᠢᠨ ᠲᠠᠯᠠᠪᠤᠷ ᠲᠤ ᠵᠢᠭᠠᠨ ᠰᠤᠷᠭᠠᠯᠲᠠ ᠬᠢᠵᠡᠢ᠃ ᠠᠪᠤᠷᠠᠨ

ᠲᠤᠰᠠᠯᠠᠭᠴᠢ ᠶᠢᠨ ᠵᠢᠯᠣᠭᠤᠳᠤᠯᠭ᠎ᠠ ᠳᠣᠣᠷ᠎ᠠ᠂ ᠰᠤᠷᠤᠭᠴᠢᠳ ᠵᠢᠷᠦᠬᠡ ᠠᠭᠤᠰᠬᠢᠨ ᠤ ᠰᠡᠷᠭᠦᠭᠡᠯᠲᠡ ᠶᠢᠨ

ᠰᠣᠷᠢᠯᠲᠠ ᠳᠤ ᠣᠷᠣᠯᠴᠠᠵᠤ᠂ ᠬᠥᠮᠥᠨ ᠤ ᠪᠡᠶ᠎ᠡ ᠶᠢᠨ ᠵᠠᠭᠪᠤᠷ ᠤᠨ ᠡᠮᠦᠨ᠎ᠡ ᠪᠥᠬᠦᠶᠢᠬᠦ᠂ ᠳᠠᠷᠤᠬᠤ᠂ ᠦᠯᠢᠶᠡᠬᠦ ᠵᠡᠷᠭᠡ

ᠲᠠᠯ᠎ᠠ ᠪᠠᠷ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃ ᠰᠣᠷᠢᠯᠲᠠ ᠪᠠᠷ

ᠳᠠᠮᠵᠢᠭᠠᠳ ᠪᠠᠭᠰᠢ ᠰᠤᠷᠤᠭᠴᠢᠳ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠵᠢᠯᠯᠠᠭ᠎ᠠ ᠶᠢ ᠦᠨᠳᠦᠰᠦᠨ ᠳᠡᠭᠡᠨ

ᠡᠵᠡᠮᠰᠢᠵᠦ᠂ ᠪᠠᠴᠢᠮ ᠪᠠᠶᠢᠳᠠᠯ ᠢ ᠠᠷᠭᠠᠴᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠪᠡ᠃

     ᠭᠡᠷ ᠤᠨ ᠭᠠᠳᠠᠨᠠᠬᠢ ᠳᠠᠭᠤᠷᠢᠶᠠᠮᠠᠯ ᠰᠣᠷᠢᠯᠲᠠ ᠶᠢᠨ ᠳᠠᠷᠠᠭ᠎ᠠ᠂ ᠪᠠᠰᠠ ᠪᠠᠴᠢᠮ ᠪᠠᠶᠢᠳᠠᠯ ᠢ ᠠᠷᠭᠠᠴᠠᠵᠤ

ᠠᠪᠤᠷᠠᠬᠤ ᠮᠡᠳᠡᠯᠭᠡ ᠶᠢᠨ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠬᠢᠵᠦ᠂ ᠰᠤᠷᠤᠭᠴᠢᠳ ᠤᠨ ᠪᠠᠴᠢᠮ

ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢᠨ ᠲᠤᠬᠠᠢ ᠣᠶᠢᠯᠠᠭᠠᠭᠰᠠᠨ ᠪᠠᠶᠢᠳᠠᠯ ᠢ ᠪᠦᠷᠢᠳᠬᠡᠵᠡᠢ᠃ ᠪᠣᠯᠪᠠᠰᠤᠷᠠᠯ

ᠲᠡᠭᠦᠰᠦᠭᠰᠡᠨ ᠤ ᠳᠠᠷᠠᠭ᠎ᠠ᠂ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠶᠡᠭᠡ

ᠣᠯᠣᠯᠲᠠ ᠲᠠᠢ᠂ ᠮᠠᠰᠢ ᠣᠯᠠᠨ ᠲᠦᠷᠭᠡᠨ ᠠᠪᠤᠷᠠᠯᠳᠠ ᠶᠢᠨ ᠮᠡᠳᠡᠯᠭᠡ ᠪᠠ ᠮᠡᠷᠭᠡᠵᠢᠯ ᠰᠤᠷᠴᠤ᠂ ᠰᠠᠨᠠᠭᠠᠨ ᠳᠤ ᠦᠭᠡᠢ

ᠰᠢᠷᠬᠠᠲᠤᠯ ᠤᠨ ᠠᠳᠡᠯ ᠢ ᠰᠢᠢᠳᠪᠦᠷᠢᠯᠡᠬᠦ ᠴᠢᠳᠠᠪᠤᠷᠢ ᠪᠠᠨ ᠪᠦᠲᠦᠮᠵᠢᠲᠡᠶ ᠪᠠᠷ ᠳᠡᠭᠡᠭᠰᠢᠯᠡᠭᠦᠯᠵᠦ᠂ ᠬᠤᠶᠢᠰᠢᠳᠠ ᠶᠢᠨ

ᠠᠵᠢᠯ ᠤᠨ ᠳᠤᠮᠳᠠ ᠪᠠᠨ ᠥᠪᠡᠷ ᠢ ᠪᠠᠨ ᠨᠠᠩ ᠰᠠᠶᠢᠨ ᠬᠠᠮᠠᠭᠠᠯᠠᠵᠤ᠂ ᠪᠤᠰᠤᠳ ᠢ ᠨᠠᠩ ᠰᠠᠶᠢᠨ ᠬᠠᠪᠰᠤᠷᠴᠤ

ᠴᠢᠳᠠᠬᠤ ᠪᠣᠯᠣᠨ᠎ᠠ ᠭᠡᠵᠦ ᠢᠯᠡᠷᠬᠡᠶᠢᠯᠡᠪᠡ᠃

    ᠠᠵᠢᠯᠯᠠᠭ᠎ᠠ ᠶᠢᠨ ᠳᠤᠮᠳᠠ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠪᠠᠰᠠ ᠮᠠᠨ ᠤ

ᠰᠤᠷᠭᠠᠭᠤᠯᠢ ᠶᠢᠨ 31 ᠶᠠᠳᠠᠭᠤ ᠬᠦᠴᠢᠷᠳᠡᠯᠲᠡᠢ ᠬᠡᠦᠬᠡᠳ ᠲᠤ ᠲᠤᠰᠠᠯᠠᠮᠵᠢ ᠦᠵᠡᠭᠦᠯᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2