ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ‌ᠬᠤᠸᠠᠳᠧ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠪᠤᠭᠤᠳᠠᠢ ᠶᠢᠨ ᠠᠵᠤ ᠦᠢᠯᠡᠰ ᠤᠨ ᠳᠤᠭᠤᠶᠢᠯᠠᠩ ᠲᠤᠷᠰᠢᠯᠲᠠ ᠶᠢᠨ ᠭᠠᠵᠠᠷ ᠲᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/7/7
    ᠣᠳᠣᠬᠠᠨ ᠳᠤ᠂ ᠭᠠᠩ ᠳᠤ ᠲᠡᠰᠪᠤᠷᠢᠲᠡᠢ ᠪᠤᠭᠤᠳᠠᠢ ᠶᠢᠨ ᠲᠦᠷᠦᠯ ᠵᠦᠢᠯ ᠵᠠᠯᠭᠠᠭ᠎ᠠ ᠪᠠᠷ ᠲᠦᠷᠦᠭᠦᠦ ᠪᠥᠭᠡᠯᠵᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ ᠪᠤᠢ ᠃ ᠣᠶᠢᠷ᠎ᠠ ᠶᠢᠨ ᠡᠳᠦᠷ ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠬᠤᠸᠠᠳᠧ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ ᠤᠨ ᠪᠤᠭᠤᠳᠠᠢ ᠶᠢᠨ ᠠᠵᠤ ᠦᠢᠯᠡᠰ ᠤᠨ ᠳᠤᠭᠤᠶᠢᠯᠠᠩ ᠤᠨ ᠳᠠᠷᠤᠭ᠎ᠠ ᠸᠠᠩ ᠰᠢᠶᠣᠣ ᠪᠢᠩ ᠨᠠᠷ ᠮᠠᠨ ᠤ ᠰᠢᠶᠠᠨ ᠤ ᠴᠢᠨᠠᠷ ᠰᠠᠶᠢᠲᠠᠢ ᠥᠨᠳᠥᠷ ᠤᠨᠠᠯᠲᠠ ᠲᠠᠢ ᠬᠠᠭᠤᠷᠠᠢ ᠲᠠᠷᠢᠮᠠᠯ ᠤᠨ ᠪᠤᠭᠤᠳᠠᠢ ᠶᠢᠨ ᠡᠭᠦᠯᠳᠡᠷ ᠢ ᠰᠢᠯᠢᠨ ᠰᠣᠩᠭᠤᠵᠤ ᠬᠢᠨᠠᠨ ᠲᠣᠭᠲᠠᠭᠠᠬᠤ ᠪᠠ ᠵᠢᠱᠢᠶ᠎ᠡ ᠦᠵᠡᠭᠦᠯᠬᠦ ᠲᠤᠷᠰᠢᠯᠲᠠ ᠶᠢᠨ ᠲᠠᠷᠢᠶᠠᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠨ ᠰᠤᠳᠤᠯᠤᠯᠲᠠ ᠬᠢᠵᠡᠢ ᠃

20.png

    ᠲᠤᠬᠠᠢ ᠶᠢᠨ ᠭᠠᠵᠠᠷ ᠤᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠲᠠᠨᠢᠯᠴᠠᠭᠤᠯᠭ᠎ᠠ ᠪᠠᠷ᠂ ᠸᠠᠩ ᠰᠢᠶᠣᠣ

ᠪᠢᠩ ᠰᠤᠳᠤᠯᠤᠭᠴᠢ ᠵᠢᠴᠢ ᠳᠠᠭᠠᠵᠤ ᠶᠠᠪᠤᠭ᠎ᠠ ᠲᠤᠰᠬᠠᠢ ᠮᠡᠷᠭᠡᠵᠢᠯᠲᠡᠨ ᠮᠠᠨ ᠤ ᠰᠢᠶᠠᠨ ᠤ ᠠᠭᠤᠷ ᠠᠮᠢᠰᠬᠤᠯ ᠤᠨ

ᠨᠥᠬᠦᠴᠡᠯ ᠵᠢᠴᠢ ᠲᠠᠷᠢᠶᠠᠨ ᠠᠵᠢᠯ ᠤᠨ ᠬᠠᠮᠢᠶᠠᠷᠤᠯᠲᠠ ᠶᠢᠨ ᠵᠠᠭᠪᠤᠷ ᠢ ᠭᠦᠨᠵᠡᠭᠡᠢ ᠣᠶᠢᠯᠠᠭᠠᠪᠠ᠃ ᠪᠤᠭᠤᠳᠠᠢ ᠶᠢᠨ

ᠡᠬᠢ ᠪᠠᠶᠠᠯᠢᠭ ᠤᠨ ᠮᠠᠲ᠋ᠧᠷᠢᠶᠡᠯ ᠤᠨ ᠭᠠᠩ ᠬᠠᠭᠰᠠᠷᠠᠭᠠᠨ ᠲᠠᠢ ᠲᠡᠮᠡᠴᠡᠬᠦ ᠳᠤ ᠰᠢᠭᠰᠢᠨ ᠰᠣᠩᠭᠤᠬᠤ ᠬᠢᠨᠠᠨ

ᠲᠣᠭᠲᠠᠭᠠᠯᠲᠠ ᠪᠠ ᠦᠨᠡᠯᠡᠯᠲᠡ ᠶᠢᠨ ᠲᠤᠷᠰᠢᠯᠲᠠ 441 ᠬᠤᠪᠢ ᠂ ᠴᠢᠨᠠᠷ ᠰᠠᠶᠢᠲᠠᠢ ᠥᠨᠳᠥᠷ ᠤᠨᠠᠯᠲᠠ ᠲᠠᠢ

ᠬᠠᠭᠤᠷᠠᠢ ᠲᠠᠷᠢᠮᠠᠯ ᠤᠨ ᠪᠤᠭᠤᠳᠠᠢ ᠶᠢᠨ ᠡᠭᠦᠯᠳᠡᠷ ᠢ ᠰᠢᠭᠰᠢᠨ ᠰᠣᠩᠭᠤᠬᠤ ᠬᠢᠨᠠᠨ ᠲᠣᠭᠲᠠᠭᠠᠯᠲᠠ ᠪᠠ ᠵᠢᠱᠢᠶ᠎ᠡ

ᠦᠵᠡᠭᠦᠯᠬᠦ ᠦᠵᠡᠭᠦᠯᠦᠯᠭᠡ 44 ᠬᠤᠪᠢ ᠵᠢᠴᠢ ᠬᠠᠭᠤᠷᠠᠢ ᠲᠠᠷᠢᠮᠠᠯ ᠤᠨ ᠪᠤᠭᠤᠳᠠᠢ ᠶᠢᠨ ᠬᠢᠮᠢ ᠶᠢᠨ ᠪᠣᠷᠳᠣᠭᠤᠷ ᠤᠨ

ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠲᠤᠷᠰᠢᠯᠲᠠ᠂ ᠮᠢᠺᠷᠣᠪ ᠪᠠᠺᠲ᠋ᠧᠷᠢ ᠶᠢᠨ ᠨᠠᠶᠢᠷᠠᠯᠭ᠎ᠠ ᠶᠢ

ᠪᠠᠭᠯᠠᠬᠤ ᠲᠤᠷᠰᠢᠯᠲᠠ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠪᠠ ᠵᠢᠱᠢᠶ᠎ᠡ ᠦᠵᠡᠭᠦᠯᠦᠭᠰᠡᠨ ᠪᠠᠶᠢᠳᠠᠯ ᠢ

ᠪᠠᠶᠢᠴᠠᠭᠠᠨ ᠰᠤᠳᠤᠯᠬᠤ ᠶᠢᠨ ᠬᠠᠮᠲᠤ ᠪᠤᠭᠤᠳᠠᠢ ᠶᠢᠨ ᠲᠠᠷᠢᠶᠠᠨ ᠤ ᠤᠷᠭᠤᠴᠠ ᠶᠢᠨ ᠪᠠᠶᠢᠳᠠᠯ ᠳᠤ ᠪᠤᠰᠤᠳᠴᠢ

ᠦᠨᠡᠯᠡᠯᠲᠡ ᠬᠢᠵᠡᠢ ᠃

    ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠨ᠂ ᠸᠠᠩ ᠰᠢᠶᠣᠣ ᠪᠢᠩ

ᠲᠤᠷᠰᠢᠯᠲᠠ ᠶᠢᠨ ᠵᠢᠱᠢᠶ᠎ᠡ ᠦᠵᠡᠭᠦᠯᠬᠦ ᠡᠯ᠎ᠡ ᠲᠦᠷᠦᠯ ᠤᠨ ᠦᠵᠡᠭᠦᠯᠦᠯᠭᠡ ᠶᠢᠨ ᠠᠵᠢᠯ ᠢ ᠨᠤᠲᠠᠯᠠᠬᠤ ᠶᠢᠨ ᠬᠠᠮᠲᠤ 

ᠵᠢᠭᠠᠵᠤ ᠭᠠᠷᠭᠠᠬᠤ ᠳᠠᠭᠠᠨ᠂ ᠣᠳᠣᠬᠠᠨ ᠤ ᠲᠤᠷᠰᠢᠯᠲᠠ ᠶᠢᠨ ᠭᠠᠵᠠᠷ ᠤᠨ ᠬᠠᠮᠢᠶᠠᠷᠤᠯᠲᠠ ᠶᠢᠨ ᠵᠢᠷᠤᠮᠵᠢᠭᠤᠯᠤᠯᠲᠠ᠂

ᠪᠠᠷᠢᠮᠵᠢᠶᠠᠵᠢᠭᠤᠯᠤᠯᠲᠠ ᠶᠢᠨ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠂ ᠪᠠᠶᠢᠴᠠᠭᠠᠨ

ᠰᠤᠳᠤᠯᠤᠯᠲᠠ ᠨᠢ ᠪᠤᠭᠤᠳᠠᠢ ᠶᠢᠨ ᠬᠠᠭᠤᠷᠠᠢ ᠲᠠᠷᠢᠮᠠᠯ ᠂ ᠪᠤᠭᠤᠳᠠᠢ ᠶᠢᠨ ᠠᠵᠤ ᠦᠢᠯᠡᠰ ᠤᠨ ᠵᠠᠩᠭᠢᠯᠠᠭ᠎ᠠ ᠶᠢᠨ

ᠮᠡᠷᠭᠡᠵᠢᠯ ᠤᠨ ᠰᠤᠳᠤᠯᠭᠠᠨ ᠪᠣᠯᠣᠨ ᠵᠢᠱᠢᠶ᠎ᠡ ᠦᠵᠡᠭᠦᠯᠦᠯᠲᠡ ᠶᠢ ᠤᠯᠠᠮ ᠴᠢᠨᠠᠭᠰᠢᠳᠠ ᠪᠠᠶᠢᠭᠤᠯᠬᠤ ᠳᠤ ᠪᠦᠷᠢᠨ

ᠲᠡᠭᠦᠯᠳᠡᠷ ᠤᠨᠤᠯ ᠤᠨ ᠦᠨᠳᠦᠰᠦᠯᠡᠯ ᠬᠠᠩᠭᠠᠵᠠᠢ ᠃

21.png

    ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠨ ᠹᠧᠩ

ᠰᠢᠶᠠ᠂ ᠬᠥᠯᠥᠨ ᠪᠤᠶᠢᠷ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠭᠦᠸᠧ ᡁᠢ

ᠭᠠᠩ ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠵᠦᠩ 

ᠫᠧᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ

ᠰᠦᠨ ᠢᠦᠢ ᠶᠠᠨ᠂ ᠬᠤᠸᠠᠳᠧ ᠰᠢᠶᠠᠨ ᠤ ᠰᠠᠶᠢᠨ ᠡᠭᠦᠯᠳᠡᠷ ᠤᠨ ᠲᠠᠯᠠᠪᠠᠢ ᠶᠢᠨ ᠸᠠᠩ ᠽᠢ ᠯᠢ ᠨᠠᠷ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2