ᠮᠠᠨ ᠤ ᠰᠢᠶᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/8
    ᠮᠠᠨ ᠤ ᠰᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ  ᠶᠢᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ  ᠶᠢᠨ ᠪᠠᠶᠢᠭᠤᠯᠤᠯᠲᠠ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ ᠂ 7 ᠰᠠᠷ᠎ᠠ ᠶᠢᠨ 5 ᠤ ᠡᠳᠦᠷ᠂ ᠮᠠᠨ ᠤ ᠰᠢᠶᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠦᠯᠬᠢᠨ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠰᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠡᠦ · ᠴᠢᠯᠠᠭᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

30.png

 

    ᠬᠤᠷᠠᠯ ᠳᠡᠭᠡᠷ᠎ᠡ᠂ ᠰᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠤᠳᠤᠷᠢᠳᠬᠤ

ᠳᠤᠭᠤᠶᠢᠯᠠᠩ ᠤᠨ ᠳᠡᠳ᠋ ᠳᠠᠷᠤᠭ᠎ᠠ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ

ᠭᠦᠸᠧ ᠭᠤᠸᠠᠩ ᠪᠢᠩ ᠮᠠᠨ ᠤ ᠰᠢᠶᠠᠨ ᠤ ᠨᠢᠭᠡᠳᠦᠭᠡᠷ ᠤᠯᠠᠷᠢᠯ ᠤᠨ ᠢᠲᠡᠭᠡᠮᠵᠢ ᠶᠢᠨ ᠬᠢᠨᠠᠨ ᠬᠡᠮᠵᠢᠯᠲᠡ ᠶᠢᠨ

ᠣᠯᠣᠭᠰᠠᠨ ᠬᠤᠪᠢ ᠶᠢᠨ ᠪᠥᠬᠦ ᠣᠷᠣᠨ᠂ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠵᠠᠷᠯᠠᠨ

ᠮᠡᠳᠡᠭᠳᠡᠵᠦ᠂ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠬᠤ ᠶᠢᠨ

ᠬᠠᠮᠲᠤ ᠠᠰᠠᠭᠤᠳᠠᠯ ᠡᠭᠦᠰᠦᠭᠰᠡᠨ ᠰᠢᠯᠲᠠᠭᠠᠨ ᠢ ᠵᠠᠳᠠᠯᠪᠠ᠃ ᠡᠭᠦᠨ ᠤ ᠬᠠᠮᠲᠤ᠂ ᠢᠲᠡᠭᠡᠮᠵᠢ ᠶᠢᠨ ᠮᠡᠳᠡᠭᠡ ᠵᠠᠩᠭᠢ ᠶᠢ

ᠴᠤᠭᠯᠠᠭᠤᠯᠬᠤ᠂ ᠢᠲᠡᠭᠡᠮᠵᠢ ᠶᠢᠨ ᠠᠮᠠᠯᠠᠯᠲᠠ ᠬᠢᠬᠦ᠂ ᠢᠲᠡᠭᠡᠮᠵᠢ ᠶᠢᠨ ᠬᠡᠷᠡᠭᠯᠡᠯᠲᠡ ᠬᠢᠬᠦ᠂ ᠲᠠᠰ ᠲᠥᠷᠥᠯ ᠬᠤᠪᠢᠶᠠᠨ

ᠬᠢᠨᠠᠨ ᠬᠠᠮᠢᠶᠠᠷᠬᠤ᠂ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠠᠷ ᠰᠤᠩᠭᠤᠵᠤ ᠳᠠᠭᠤᠷᠢᠶᠠᠯ ᠪᠣᠯᠭᠠᠬᠤ ᠵᠡᠷᠭᠡ

ᠲᠠᠯ᠎ᠠ ᠶᠢᠨ ᠠᠵᠢᠯ ᠤᠨ ᠲᠣᠭᠤᠷᠢᠨ ᠳᠤ ᠲᠣᠬᠢᠷᠠᠭᠤᠯᠤᠯᠲᠠ ᠬᠢᠪᠡ᠃

    ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ

ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ︽ᠰᠠᠷ᠎ᠠ ᠶᠢᠨ ᠲᠣᠬᠢᠷᠠᠭᠤᠯᠤᠯᠲᠠ︾ ᠶᠢᠨ ᠰᠢᠰᠲ᠋ᠧᠮ ᠪᠠ ︽

ᠬᠤᠶᠠᠷ ᠢ ᠵᠠᠷᠯᠠᠨ ᠨᠡᠶᠢᠲᠡᠯᠡᠬᠦ︾ ᠰᠢᠰᠲ᠋ᠧᠮ ᠤᠨ ᠲᠠᠭᠯᠠᠨ ᠮᠡᠳᠡᠭᠦᠯᠬᠦ ᠠᠰᠠᠭᠤᠳᠠᠯ ᠳᠤ ᠴᠢᠭᠯᠡᠭᠦᠯᠦᠨ ᠲᠠᠶᠢᠯᠤᠮᠵᠢ

ᠬᠢᠵᠦ᠂ ᠮᠠᠨ ᠤ ᠰᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯᠲᠠᠨ ᠤ

ᠲᠤᠰᠬᠠᠢ ᠮᠡᠷᠭᠡᠵᠢᠯ ᠤᠨ ᠪᠣᠯᠪᠠᠰᠤᠷᠠᠯ ᠪᠠ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠵᠦ

᠂ ᠠᠵᠢᠯ ᠤᠨ ᠬᠦᠴᠦᠲᠡᠢ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃

    ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠦᠷᠢᠯᠳᠦᠭᠦᠨ ᠨᠢᠭᠡᠴᠡ ᠶᠢᠨ ᠬᠢᠨ ᠨᠡᠶᠢᠭᠡᠮ ᠤᠨ ᠢᠲᠡᠭᠡᠮᠵᠢ ᠶᠢᠨ 

ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ ᠂ ᠠᠵᠢᠯ ᠤᠨ

ᠪᠠᠶᠢᠷᠢᠯᠠᠭᠤᠯᠤᠯᠲᠠ ᠶᠢ ᠴᠢᠩᠭ᠎ᠠ ᠠᠳᠬᠤᠨ ᠪᠣᠳᠠᠲᠠᠢ ᠠᠳᠬᠤᠵᠤ ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ

 ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ ᠳᠦᠷᠢᠮ ᠢ ᠪᠦᠷᠢᠨᠰᠢᠭᠦᠯᠦᠨ᠂ ᠠᠵᠢᠯ ᠤᠨ ᠲᠣᠭᠲᠠᠴᠠ ᠶᠢ

ᠲᠡᠭᠦᠯᠳᠡᠷᠵᠢᠭᠦᠯᠵᠦ᠂ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠴᠤᠭᠯᠠᠭᠤᠯᠤᠨ

ᠢᠯᠡ ᠨᠡᠶᠢᠲᠡᠯᠡᠬᠦ ᠪᠠ ᠮᠡᠳᠡᠭᠦᠯᠦᠨ ᠬᠦᠷᠭᠡᠬᠦ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠬᠥᠨᠳᠡᠯᠡᠨ ᠢᠶᠠᠷ

ᠬᠠᠮᠵᠢᠯᠴᠠᠬᠤ ᠶᠢ ᠴᠢᠩᠭᠠᠳᠬᠠᠵᠤ ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠪᠦᠬᠦ ᠰᠢᠶᠠᠨ ᠤ

ᠳᠡᠭᠡᠳᠦ ᠳᠣᠣᠷᠠᠳᠤ ᠱᠠᠲᠤ ᠪᠠᠷ ᠢᠶᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠪᠦᠬᠦᠯᠢ ᠴᠣᠭᠴᠠ ᠪᠠᠷ ᠨᠢ

ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃

    ᠰᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ

ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2