| ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠬᠡᠪᠯᠡᠭᠳᠡᠬᠦᠨ ᠢ ᠵᠢᠷᠤᠮᠵᠢᠭᠤᠯᠤᠨ ᠬᠠᠮᠢᠶᠠᠷᠬᠤ ᠶᠢ ᠤᠯᠠᠮ | ᠨᠢᠭᠡ ᠠᠯᠬᠤᠮ ᠴᠢᠩᠭᠠᠳᠬᠠᠵᠤ ᠂ ᠱᠠᠰᠢᠨ ᠰᠤᠷᠲᠠᠬᠤᠨ ᠤ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ | ᠠᠮᠤᠷ ᠲᠦᠪᠰᠢᠨ ᠪᠠ ᠰᠣᠶᠣᠯ ᠤᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠵᠢᠨᠲ᠋ᠦ᠋ᠯᠦᠭᠡ ᠂ 7 | ᠰᠠᠷ᠎ᠠ ᠶᠢᠨ 5 ᠤ ᠡᠳᠦᠷ ᠮᠠᠨ ᠤ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠣᠯᠣᠨ | ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ ᠬᠠᠮᠲᠤᠷᠠᠨ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠤᠯᠢ ᠪᠤᠰᠤ ᠬᠡᠪᠯᠡᠭᠳᠡᠬᠦᠨ ᠢ | ᠢᠯᠭᠠᠷᠠᠭᠤᠯᠤᠨ ᠳᠢᠭᠯᠡᠬᠦ ᠲᠤᠰᠬᠠᠢ ᠠᠵᠢᠯᠯᠠᠭ᠎ᠠ ᠥᠷᠨᠢᠭᠦᠯᠪᠡ᠃ | | | | | | ᠪᠠᠶᠢᠴᠠᠭᠠᠬᠤ ᠳᠤᠭᠤᠶᠢᠯᠠᠩ ᠤᠨ ᠬᠢᠨ ᠪᠦᠬᠦ ᠰᠢᠶᠠᠨ ᠤ ᠡᠯ᠎ᠡ ᠱᠠᠰᠢᠨ ᠰᠤᠷᠲᠠᠬᠤᠨ ᠤ ᠠᠵᠢᠯᠯᠠᠭ᠎ᠠ ᠶᠢᠨ | ᠲᠠᠯᠠᠪᠤᠷ ᠲᠤ ᠭᠦᠨᠵᠡᠭᠡᠶᠢᠷᠡᠵᠦ ᠂ ᠱᠠᠰᠢᠨ ᠰᠤᠷᠲᠠᠬᠤᠨ ᠤ ᠬᠡᠪᠯᠡᠭᠳᠡᠬᠦᠨ ᠢ ᠬᠤᠳᠠᠯᠳᠤᠨ ᠠᠪᠬᠤ ᠂ ᠬᠦᠯᠢᠶᠡᠨ ᠠᠪᠬᠤ | ᠭᠤᠭᠴᠤᠭ᠎ᠠ ᠵᠢᠴᠢ ᠪᠠᠷᠠᠭ᠎ᠠ ᠣᠷᠣᠭᠤᠯᠬᠤ ᠠᠷᠭ᠎ᠠ ᠵᠠᠮ ᠢ ᠨᠠᠷᠢᠨ ᠣᠶᠢᠯᠠᠭᠠᠵᠤ ᠂ ᠵᠥᠪᠰᠢᠶᠡᠷᠡᠭᠦᠯᠦᠭᠰᠡᠨ ᠦᠭᠡᠢ ᠪᠠᠷ | ᠳᠤᠷ᠎ᠠ ᠪᠠᠷ ᠢᠶᠠᠨ ᠨᠣᠮ ᠪᠢᠴᠢᠭ ᠂ ᠰᠣᠨᠢᠨ ᠰᠡᠳᠬᠦᠯ ᠂ ᠳᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ᠂ ᠨᠣᠮ | ᠪᠢᠴᠢᠭ ᠂ ᠲᠣᠯᠢ ᠪᠢᠴᠢᠭ ᠵᠢᠴᠢ ᠳᠣᠲᠣᠭᠠᠳᠤ ᠶᠢᠨ ᠮᠠᠲ᠋ᠧᠷᠢᠶᠠᠯ ᠤᠨ ᠴᠢᠨᠠᠷᠲᠠᠢ ᠬᠡᠪᠯᠡᠭᠳᠡᠬᠦᠨ ᠪᠠᠶᠢᠬᠤ ᠡᠰᠡᠬᠦ ᠂ | ᠡᠷᠡᠭᠦᠯ ᠪᠤᠰᠤ ᠮᠡᠳᠡᠭᠡ ᠵᠠᠩᠭᠢ ᠶᠢᠨ ᠠᠭᠤᠯᠭ᠎ᠠ ᠶᠢ ᠦᠢᠯᠡᠳᠦᠭᠰᠡᠨ ᠪᠠ ᠤᠯᠠᠮᠵᠢᠯᠠᠨ ᠤᠬᠠᠭᠤᠯᠤᠭᠰᠠᠨ ᠬᠠᠤᠯᠢ ᠪᠤᠰᠤ | ᠬᠡᠪᠯᠡᠭᠳᠡᠬᠦᠨ ᠪᠠᠶᠢᠬᠤ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ ᠃ | ᠪᠠᠶᠢᠴᠠᠭᠠᠬᠤ ᠶᠠᠪᠤᠴᠠ ᠳᠤ᠂ ᠠᠵᠢᠯᠲᠠᠳ ᠪᠠᠰᠠ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾᠂ | ︽ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠭᠲᠠᠭᠠᠯ︾᠂ ︽ᠳᠣᠲᠣᠭᠠᠳᠤ ᠶᠢᠨ ᠮᠠᠲ᠋ᠧᠷᠢᠶᠠᠯ ᠤᠨ | ᠴᠢᠨᠠᠷᠲᠠᠢ ᠬᠡᠪᠯᠡᠭᠳᠡᠬᠦᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠲᠠᠢ | ᠤᠶᠠᠯᠳᠤᠭᠤᠯᠤᠨ᠂ ᠡᠯ᠎ᠡ ᠱᠠᠰᠢᠨ ᠰᠤᠷᠲᠠᠬᠤᠨ ᠤ ᠲᠠᠯᠠᠪᠤᠷ ᠤᠨ ᠠᠵᠢᠯᠲᠠᠳ ᠲᠤ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠬᠠᠤᠯᠢ ᠪᠤᠰᠤ ᠬᠡᠪᠯᠡᠭᠳᠡᠬᠦᠨ ᠢ ᠬᠡᠷᠬᠢᠨ ᠵᠥᠪ ᠢᠶᠠᠷ ᠢᠯᠭᠠᠨ | ᠲᠠᠨᠢᠬᠤ ᠲᠤᠬᠠᠢ ᠲᠠᠶᠢᠯᠪᠤᠷᠢᠯᠠᠨ ᠶᠠᠷᠢᠵᠤ ᠂ ᠡᠯ᠎ᠡ ᠲᠠᠯᠠᠪᠤᠷ ᠤᠨ ᠬᠠᠷᠢᠭᠤᠴᠠᠯᠭᠠᠲᠠᠨ ᠢ ᠲᠠᠨᠢᠯᠲᠠ ᠪᠠᠨ | ᠳᠡᠭᠡᠭᠰᠢᠯᠡᠭᠦᠯᠵᠦ ᠂ ᠱᠠᠰᠢᠨ ᠰᠢᠲᠦᠬᠦ ᠠᠷᠠᠳ ᠢᠷᠭᠡᠳ ᠢ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ ᠂ | ᠱᠠᠰᠢᠨ ᠤ ᠨᠡᠶᠢᠭᠡᠮᠯᠢᠭ ᠤᠨ ᠳᠣᠲᠣᠷᠠᠬᠢ ᠬᠤᠯᠪᠣᠭᠳᠠᠯ ᠪᠦᠬᠦᠢ ᠬᠡᠪᠯᠡᠭᠳᠡᠬᠦᠨ ᠢ ᠳᠠᠮᠵᠢᠭᠤᠯᠤᠨ ᠤᠩᠰᠢᠬᠤ ᠂ ᠵᠢᠭᠡᠯᠡᠨ | ᠤᠩᠰᠢᠬᠤ ᠠᠵᠢᠯᠯᠠᠭ᠎ᠠ ᠶᠢ ᠴᠢᠩᠭ᠎ᠠ ᠬᠠᠮᠢᠶᠠᠷᠴᠤ ᠂ ᠳᠣᠲᠣᠭᠠᠳᠤ ᠳᠠᠭᠠᠨ ᠰᠣᠯᠢᠯᠴᠠᠬᠤ ᠬᠡᠪᠯᠡᠭᠳᠡᠬᠦᠨ ᠢ ᠬᠢᠨᠠᠨ | ᠬᠠᠷᠭᠤᠭᠤᠯᠬᠤ ᠪᠣᠭᠤᠮᠲᠠ ᠶᠢ ᠰᠠᠬᠢᠬᠤ ᠶᠢ ᠴᠢᠩᠭᠠᠳᠬᠠᠵᠤ ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ | ᠢᠯᠡᠴᠢᠯᠡᠨ ᠮᠡᠳᠡᠭᠦᠯᠵᠦ ᠂ ᠡᠯ᠎ᠡ ᠲᠦᠷᠦᠯ ᠤᠨ ᠬᠠᠤᠯᠢ ᠪᠤᠰᠤ ᠱᠠᠰᠢᠨ ᠰᠤᠷᠲᠠᠬᠤᠨ ᠤ ᠬᠡᠪᠯᠡᠭᠳᠡᠬᠦᠨ ᠢ ᠡᠷᠡᠰ | ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ ᠃ | ᠪᠠᠶᠢᠴᠠᠭᠠᠯᠲᠠ ᠪᠠᠷ ᠳᠠᠮᠵᠢᠭᠠᠳ ᠮᠠᠨ ᠤ ᠰᠢᠶᠠᠨ ᠤ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ | ᠬᠠᠷᠢᠭᠤᠴᠠᠯᠭᠠᠲᠤ ᠤᠬᠠᠮᠰᠠᠷ ᠢ ᠪᠦᠲᠦᠮᠵᠢᠲᠡᠶ ᠪᠠᠷ ᠴᠢᠩᠭᠠᠷᠠᠭᠤᠯᠵᠤ ᠂ ᠱᠠᠰᠢᠨ ᠰᠤᠷᠲᠠᠬᠤᠨ ᠤ ᠬᠦᠷᠢᠶᠡᠨ ᠳᠠᠬᠢ | ᠬᠡᠪᠯᠡᠭᠳᠡᠬᠦᠨ ᠤ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ ᠬᠠᠤᠯᠢ ᠪᠤᠰᠤ ᠱᠠᠰᠢᠨ | ᠰᠤᠷᠲᠠᠬᠤᠨ ᠤ ᠬᠡᠪᠯᠡᠭᠳᠡᠬᠦᠨ ᠤ ᠣᠷᠣᠵᠤ ᠢᠷᠡᠬᠦ ᠶᠢ ᠪᠦᠲᠦᠮᠵᠢᠲᠡᠶ ᠪᠠᠷ ᠰᠡᠷᠭᠡᠶᠢᠯᠡᠵᠦ ᠂ ᠱᠠᠰᠢᠨ ᠰᠤᠷᠲᠠᠬᠤᠨ ᠤ | ᠠᠵᠢᠯᠯᠠᠭᠠᠨ ᠤ ᠲᠠᠯᠠᠪᠤᠷ ᠤᠨ ᠰᠣᠶᠣᠯ ᠤᠨ ᠣᠷᠴᠢᠨ ᠨᠥᠬᠦᠴᠡᠯ ᠢ ᠴᠡᠪᠡᠷᠰᠢᠭᠦᠯᠪᠡ ᠃ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠣᠳᠣᠨᠭᠡᠷᠡᠯ | ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ | | |