ᠮᠠᠨ ᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ 2023 ᠣᠨ ᠤ ᠳᠣᠣᠷ᠎ᠠ ᠬᠠᠭᠠᠰ ᠵᠢᠯ ᠤᠨ ᠮᠡᠳᠡᠭᠡ ᠵᠠᠩᠭᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/10
    8 ᠰᠠᠷ᠎ᠠ ᠶᠢᠨ 8 ᠤ ᠡᠳᠦᠷ ᠂ ᠮᠠᠨ ᠤ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ 2023 ᠣᠨ ᠤ ᠳᠣᠣᠷ᠎ᠠ ᠬᠠᠭᠠᠰ ᠵᠢᠯ ᠤᠨ ᠮᠡᠳᠡᠭᠡ ᠵᠠᠩᠭᠢ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    ᠬᠤᠷᠠᠯ ᠳᠡᠭᠡᠷ᠎ᠡ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠪᠦᠦ ᠭᠦᠸᠧ ᠬᠤᠩ ᠬᠤᠳᠠ ᠶᠢᠨ ᠠᠷᠠᠳ ᠤᠨ ᠵᠥᠪᠯᠡᠯ ᠤᠨ 2023 ᠣᠨ ᠤ 1 ᠰᠠᠷ᠎ᠠ — 6 ᠰᠠᠷ᠎ᠠ ᠶᠢᠨ ᠮᠡᠳᠡᠭᠡ ᠵᠠᠩᠭᠢ ᠶᠢ ᠬᠡᠷᠡᠭᠯᠡᠭᠰᠡᠨ ᠪᠠᠶᠢᠳᠠᠯ ᠤᠨ ᠲᠤᠬᠠᠢ ᠮᠡᠳᠡᠭᠳᠡᠯ ᠢ ᠤᠯᠠᠮᠵᠢᠯᠠᠪᠠ ᠃ 

10.jpg

    ᠬᠤᠷᠠᠯ ᠠᠴᠠ ᠵᠢᠭᠠᠵᠤ ᠭᠠᠷᠭᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ

᠂ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠨ

ᠦᠨᠡᠨᠬᠦ ᠴᠢᠩᠭᠠᠳᠬᠠᠬᠤ ᠬᠡᠷᠡᠭᠲᠡᠢ᠃ ᠮᠡᠳᠡᠭᠡ ᠵᠠᠩᠭᠢ ᠶᠢᠨ ᠠᠵᠢᠯ ᠪᠣᠯ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ

ᠰᠤᠳᠤᠯᠬᠤ ᠵᠥᠪᠯᠡᠭᠴᠢ ᠪᠠ ᠬᠠᠪᠰᠤᠷᠤᠭᠴᠢ ᠮᠥᠨ ᠪᠥᠭᠡᠳ ᠪᠠᠰᠠ ᠴᠤ ᠲᠦᠷᠦ ᠶᠢᠨ ᠪᠣᠳᠣᠯᠭ᠎ᠠ ᠲᠣᠭᠲᠠᠭᠠᠬᠤ ᠶᠢᠨ

ᠰᠠᠭᠤᠷᠢ ᠪᠠ ᠦᠨᠳᠦᠰᠦᠯᠡᠯ ᠮᠥᠨ᠃ ᠮᠡᠳᠡᠭᠡ ᠵᠠᠩᠭᠢ ᠶᠢᠨ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠴᠢᠨᠠᠷ ᠢ

ᠭᠦᠢᠴᠡᠳ ᠲᠠᠨᠢᠵᠤ ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠱᠠᠭᠠᠷᠳᠠᠯᠭ᠎ᠠ ᠠᠴᠠ ᠡᠭᠦᠰᠴᠦ ᠂ ᠴᠢᠨᠠᠷ

ᠰᠠᠶᠢᠲᠠᠢ ᠂ ᠤᠯᠠᠨ ᠲᠡᠰ ᠳᠠᠪᠬᠤᠷᠭ᠎ᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠡᠷᠡᠭᠲᠡᠢ ᠃ ᠰᠡᠳᠬᠢᠴᠡ ᠶᠢᠨ

ᠲᠠᠯ᠎ᠠ ᠪᠠᠷ ᠰᠢᠨ᠎ᠡ ᠶᠢ ᠡᠭᠦᠳᠴᠦ ᠂ ᠡᠭᠦᠷᠭᠡ ᠴᠢᠳᠠᠪᠤᠷᠢ ᠪᠠᠨ ᠪᠠᠳᠠᠷᠠᠭᠤᠯᠤᠨ᠂ ᠮᠡᠳᠡᠭᠡ ᠵᠠᠩᠭᠢ ᠶᠢᠨ ᠠᠵᠢᠯ ᠤᠨ 

ᠵᠦᠪᠯᠡᠭᠴᠢ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠵᠦ ᠂ ᠶᠡᠭᠡ ᠬᠡᠮᠵᠢᠶᠡᠨ ᠤ ᠲᠠᠷᠠᠬᠠᠢ

ᠪᠤᠲᠠᠷᠬᠠᠢ ᠂ ᠭᠠᠭᠴᠠᠭᠠᠷᠳᠠᠮᠠᠯ ᠮᠡᠳᠡᠭᠡ ᠵᠠᠩᠭᠢ ᠶᠢ ᠬᠤᠷᠢᠶᠠᠩᠭᠤᠶᠢᠯᠠᠨ ᠡᠮᠬᠢᠯᠡᠬᠦ ᠳᠡᠭᠡᠨ ᠴᠢᠳᠠᠮᠠᠭᠠᠢ ᠪᠠᠶᠢᠵᠤ ᠂ ᠮᠡᠳᠡᠭᠡ

ᠵᠠᠩᠭᠢ ᠨᠢᠭᠡᠪᠦᠷᠢ ᠶᠢᠨ ᠦᠨ᠎ᠡ ᠦᠷᠳᠡᠭ ᠢ ᠭᠦᠢᠴᠡᠳ ᠠᠭᠤᠳᠠᠯᠵᠤ ᠂ ᠮᠡᠳᠡᠭᠡ ᠵᠠᠩᠭᠢ ᠨᠢᠭᠡᠪᠦᠷᠢ ᠶᠢ ᠴᠥᠮ ᠭᠦᠢᠴᠡᠳ

ᠠᠰᠢᠭᠯᠠᠵᠤ ᠴᠢᠳᠠᠬᠤ ᠪᠣᠯᠭᠠᠬᠤ ᠬᠡᠷᠡᠭᠲᠡᠢ᠃

    ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠪᠠᠨ ᠴᠢᠩᠭᠠᠳᠬᠠᠵᠤ ᠂ ᠤᠯᠤᠰ ᠲᠦᠷᠦ ᠶᠢᠨ ᠢᠯᠭᠠᠨ

ᠲᠠᠨᠢᠬᠤ ᠴᠢᠳᠠᠪᠤᠷᠢ ᠂ ᠮᠡᠳᠡᠭᠡ ᠵᠠᠩᠭᠢ ᠶᠢ ᠮᠠᠭᠠᠳᠯᠠᠬᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ ᠂ ᠮᠡᠳᠡᠭᠡ

ᠵᠠᠩᠭᠢ ᠶᠢᠨ ᠡᠬᠡ ᠪᠢᠴᠢᠭ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ ᠃ ᠮᠡᠳᠡᠭᠡ

ᠵᠠᠩᠭᠢ ᠶᠢᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠂ ᠪᠦᠬᠦ ᠺᠠᠳ᠋ᠷ ᠠᠵᠢᠯᠲᠠᠨ ᠠᠵᠢᠯᠴᠢᠨ

ᠠᠵᠢᠯ ᠳᠠᠭᠠᠨ ᠰᠢᠮᠳᠠᠨ ᠠᠵᠢᠯᠯᠠᠵᠤ ᠂ ᠢᠮᠠᠭᠲᠠ ᠳᠡᠭᠡᠳᠦ ᠬᠡᠮᠵᠢᠶᠡᠨ ᠤ ᠰᠡᠷᠭᠡᠭ ᠴᠢᠨᠠᠷ ᠲᠠᠢ ᠪᠠᠶᠢᠵᠤ ᠂ ᠶᠠᠮᠠᠷᠪᠠ

ᠨᠢᠭᠡᠨ ᠦᠨ᠎ᠡ ᠦᠷᠳᠡᠭ ᠲᠠᠢ ᠮᠡᠳᠡᠭᠡ ᠵᠠᠩᠭᠢ ᠶᠢ ᠴᠤ ᠠᠯᠳᠠᠵᠤ ᠪᠣᠯᠬᠤ ᠦᠭᠡᠢ᠃

    ᠳᠠᠷᠠᠭᠠᠴᠢ ᠶᠢᠨ ᠠᠯᠬᠤᠮ ᠳᠤ ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠥᠪᠥᠷ ᠮᠣᠩᠭᠤᠯ ᠤᠨ︽ᠲᠠᠪᠤᠨ ᠶᠡᠭᠡ ᠡᠭᠦᠷᠭᠡ︾  ᠶᠢ

ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ

ᠲᠠᠯ᠎ᠠ ᠪᠠᠷ ᠪᠦᠲᠦᠭᠡᠨ ᠪᠠᠶᠢᠭᠤᠯᠵᠤ ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ

ᠦᠵᠡᠭᠦᠯᠬᠦ ᠰᠢᠶᠠᠨ ᠢ ᠴᠢᠷᠮᠠᠶᠢᠨ ᠪᠠᠶᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠂ ᠮᠡᠳᠡᠭᠡ ᠵᠠᠩᠭᠢ ᠶᠢᠨ ᠠᠵᠢᠯ ᠢ ᠨᠠᠷᠢᠨ ᠬᠢᠨᠠᠮᠠᠭᠠᠢ

ᠥᠷᠨᠢᠭᠦᠯᠵᠦ ᠂ ᠳᠠᠬᠢᠨ ᠰᠢᠨ᠎ᠡ ᠳᠡᠭᠲᠡᠷ ᠲᠤ ᠭᠠᠷᠬᠤ ᠪᠠᠷ ᠴᠢᠷᠮᠠᠶᠢᠨ᠎ᠠ᠃

 

    ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

    ᠣᠷᠴᠢᠭᠤᠯᠤᠭᠴᠢ᠄ ᠣᠳᠣᠨᠭᠡᠷᠡᠯ

    ᠢᠷᠡᠯᠲᠡ᠄ ᠠᠮᠢᠵᠢᠷᠠᠯ ᠤᠨ ᠬᠦᠴᠦᠨᠲᠦ  

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2