ᠮᠠᠨ ᠤ ᠰᠢᠶᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/8/10
    ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢ ᠲᠣᠭᠲᠠᠪᠤᠷᠢᠵᠢᠭᠤᠯᠬᠤ ᠳᠤ ᠦᠵᠡᠭᠦᠯᠬᠦ ᠲᠥᠷᠥᠯ ᠵᠦᠢᠯ ᠤᠨ ︽ᠰᠠᠭᠤᠷᠢ ᠴᠢᠯᠠᠭᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠪᠥᠬᠦ ᠰᠢᠶᠠᠨ ᠤ ᠲᠥᠷᠥᠯ ᠵᠦᠢᠯ ᠢ ᠲᠥᠯᠥᠪᠯᠡᠵᠦ ᠨᠥᠭᠡᠴᠡᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠦᠯᠦᠭᠡ᠂ 8 ᠰᠠᠷ᠎ᠠ ᠶᠢᠨ 9 ᠤ ᠡᠳᠦᠷ᠂ ᠪᠥᠬᠦ ᠰᠢᠶᠠᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠡᠦ · ᠴᠢᠯᠠᠭᠤ ᠬᠤᠷᠠᠯ ᠳᠤ ᠣᠷᠣᠯᠴᠠᠪᠠ᠃

1.png

    ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠥᠪᠥᠷ ᠮᠣᠩᠭᠤᠯ ᠤᠨ ᠰᠤᠳᠤᠯᠤᠨ ᠬᠠᠪᠰᠤᠷᠬᠤ ᠵᠥᠪᠯᠡᠯᠭᠡ ᠥᠭᠬᠦ

ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠰᠢᠨ ᠢᠦᠢ ᠲᠥᠪ ᠤᠨ ᠲᠥᠰᠥᠪ ᠤᠨ

ᠳᠣᠲᠣᠷᠠᠬᠢ ᠪᠡᠯᠡ ᠣᠷᠣᠭᠤᠯᠤᠯᠲᠠ ᠶᠢᠨ ᠵᠦᠢᠯᠡᠰ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ

ᠵᠢᠭᠡᠯᠡᠯᠭᠡ ᠶᠢᠨ ᠲᠡᠮᠳᠡᠭᠲᠦ ᠶᠢᠨ ᠵᠦᠢᠯᠡᠰ ᠢ ᠲᠥᠯᠥᠪᠯᠡᠨ ᠨᠥᠭᠡᠴᠡᠯᠡᠬᠦ ᠵᠢᠴᠢ ᠭᠤᠶᠤᠴᠢᠯᠠᠨ ᠮᠡᠳᠡᠭᠦᠯᠬᠦ ᠵᠡᠷᠭᠡ

ᠠᠵᠢᠯ ᠤᠨ ᠲᠣᠭᠤᠷᠢᠨ ᠳᠤ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠲᠤᠬᠠᠶᠢᠯᠠᠭᠰᠠᠨ ᠠᠵᠢᠯ ᠤᠨ ᠬᠠᠪᠰᠤᠷᠤᠮᠵᠢ

ᠦᠵᠡᠭᠦᠯᠪᠡ᠃

    ᠲᠣᠰ ᠤᠳᠠᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠣᠯ ᠰᠢᠨ᠎ᠡ ᠬᠥᠭᠵᠢᠯᠲᠡ ᠶᠢᠨ ᠱᠠᠲᠤ

ᠦᠶ᠎ᠡ ᠶᠢ ᠣᠨᠣᠪᠴᠢᠲᠠᠶ ᠡᠵᠡᠮᠳᠡᠬᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ

ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠴᠢᠬᠤᠯᠠ ᠠᠷᠭ᠎ᠠ ᠬᠡᠮᠵᠢᠶ᠎ᠡ ᠮᠥᠨ᠂ ᠰᠡᠳᠬᠢᠯ ᠢᠶᠠᠨ ᠨᠢᠭᠡᠳᠬᠡᠨ

ᠬᠦᠴᠦᠨ ᠢᠶᠠᠨ ᠬᠠᠮᠲᠤᠳᠬᠠᠬᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ᠂ ᠨᠡᠶᠢᠯᠡᠮᠡᠯ ᠬᠦᠴᠦᠨ ᠢ ᠪᠣᠶ

ᠪᠣᠯᠭᠠᠬᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠬᠤ ᠪᠦᠲᠦᠮᠵᠢᠲᠡᠶ

ᠠᠷᠭ᠎ᠠ ᠵᠠᠮ ᠮᠥᠨ᠂ ᠲᠥᠷᠥᠯ ᠵᠦᠢᠯ ᠢ ᠠᠳᠬᠤᠬᠤ᠂ ᠬᠥᠭᠵᠢᠯᠲᠡ ᠶᠢ ᠠᠬᠢᠭᠤᠯᠬᠤ᠂ ᠠᠮᠤᠷ ᠲᠦᠪᠰᠢᠨ ᠢ

ᠪᠠᠲᠤᠯᠠᠬᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ

ᠢᠯᠡᠷᠡᠯ ᠮᠥᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠶᠢᠨ ᠨᠢᠭᠡᠴᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠡᠷᠢᠭᠦᠨ ᠴᠢᠬᠤᠯᠠ ᠬᠠᠷᠢᠭᠤᠴᠠᠯᠭ᠎ᠠ ᠶᠢ

ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠦᠴᠦᠲᠡᠢ ᠭᠠᠷᠳᠠᠴᠠ ᠮᠥᠨ᠃

    ᠪᠦᠬᠦᠶᠢᠯᠡ ᠪᠣᠯᠪᠠᠰᠤᠷᠠᠯ ᠨᠢ ᠭᠦᠨᠵᠡᠭᠡᠢ ᠣᠶᠢᠯᠠᠭᠠᠮᠵᠢᠲᠠᠢ᠂ ᠬᠢᠯᠪᠠᠷ ᠣᠶᠢᠯᠠᠭᠠᠮᠵᠢᠲᠠᠢ ᠪᠠᠶᠢᠵᠤ᠂ ᠵᠢᠯᠤᠭᠤᠳᠬᠤ

ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠮᠠᠰᠢ ᠴᠢᠩᠭ᠎ᠠ ᠪᠠᠶᠢᠪᠡ᠃ ᠪᠣᠯᠪᠠᠰᠤᠷᠠᠭᠤᠯᠤᠯ ᠢᠶᠠᠷ ᠳᠡᠮᠵᠢᠨ

ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠨ ᠨᠥᠭᠡᠴᠡᠯᠡᠬᠦ ᠲᠥᠷᠥᠯ ᠵᠦᠢᠯ ᠢ ᠲᠥᠯᠥᠪᠯᠡᠬᠦ᠂ ᠲᠥᠷᠥᠯ ᠵᠦᠢᠯ ᠢ

ᠭᠤᠶᠤᠴᠢᠯᠠᠨ ᠮᠡᠳᠡᠭᠦᠯᠵᠦ ᠲᠡᠮᠡᠴᠡᠨ ᠣᠯᠬᠤ᠂ ᠲᠥᠷᠥᠯ ᠵᠦᠢᠯ ᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ

ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠱᠠᠲᠤᠨ ᠤ ᠺᠠᠳ᠋ᠷᠴᠤᠳ ᠲᠤ ᠲᠥᠷᠥᠯ ᠵᠦᠢᠯ ᠤᠨ

ᠬᠠᠮᠢᠶᠠᠷᠤᠯᠲᠠ ᠶᠢᠨ ᠠᠷᠭ᠎ᠠ ᠶᠢ ᠪᠣᠯᠪᠠᠰᠤᠷᠠᠩᠭᠤᠢ ᠡᠵᠡᠮᠰᠢᠭᠦᠯᠵᠦ᠂ ᠠᠵᠢᠯ ᠤᠨ ᠣᠶᠤᠨ ᠴᠢᠳᠠᠯ ᠢ ᠲᠥᠷᠥᠯ

ᠵᠦᠢᠯ ᠤᠨ ᠪᠦᠲᠦᠭᠡᠨ ᠪᠠᠶᠢᠭᠤᠯᠤᠯᠲᠠ ᠳᠡᠭᠡᠷ᠎ᠡ ᠲᠥᠪᠯᠡᠷᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ

ᠬᠠᠮᠢᠶᠠᠷᠤᠯᠲᠠ ᠶᠢᠨ ︽ᠬᠠᠰᠢᠷ ᠮᠡᠷᠭᠡᠵᠢᠯᠲᠡᠨ︾ ᠪᠣᠯᠬᠤ ᠪᠠᠷ ᠴᠢᠷᠮᠠᠶᠢᠵᠤ᠂ ᠲᠥᠷᠥᠯ ᠵᠦᠢᠯ ᠤᠨ ᠠᠵᠢᠯ ᠢ

ᠠᠳᠬᠤᠬᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠣᠨ᠎ᠠ᠃

    ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ

ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠳᠠᠷᠤᠭ᠎ᠠ ᠵᠢᠴᠢ ᠪᠣᠳᠠᠲᠠᠢ

ᠲᠤᠬᠠᠶᠢᠯᠠᠭᠰᠠᠨ ᠠᠵᠢᠯ ᠤᠨ ᠠᠵᠢᠯᠲᠠᠨ ᠪᠣᠯᠪᠠᠰᠤᠷᠠᠯ ᠳᠤ ᠣᠷᠤᠯᠴᠠᠪᠡ᠃

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ 

 

 

 

 
ᠢᠷᠡᠯᠲᠡ᠄ ᠠᠮᠢᠵᠢᠷᠠᠯ ᠤᠨ ᠬᠦᠴᠦᠨᠲᠦ ᠬᠤᠸᠠᠳᠧ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2