ᠬᠤᠸᠠᠳᠧ ᠰᠢᠶᠠᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/11
    ᠪᠥᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠡᠭᠦᠷᠭᠡ ᠶᠢᠨ ᠠᠵᠢᠯ ᠤᠨ ᠥᠷᠨᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠯᠢ ᠢᠦᠢ ᠱᠧᠩ ᠪᠥᠬᠦ ᠰᠢᠶᠠᠨ ᠤ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠥᠬᠦ ᠭᠡᠰᠢᠭᠦᠳ ᠣᠷᠣᠯᠴᠠᠵᠤ᠂ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠡ᠃ 

50.jpg

    ᠲᠤᠰ ᠤᠳᠠᠭᠠᠨ ᠤ ᠬᠤᠷᠠᠯᠳᠤᠭᠠᠨ ᠤ ᠠᠭᠤᠯᠭ᠎ᠠ ᠨᠢ ᠪᠠᠶᠠᠯᠢᠭ᠃ ᠲᠠᠪᠤᠳᠤᠭᠠᠷ ᠤᠳᠠᠭᠠᠨ ᠤ ᠠᠵᠤ ᠠᠬᠤᠢ ᠶᠢᠨ

ᠨᠡᠶᠢᠳᠡᠮ ᠪᠠᠶᠢᠴᠠᠭᠠᠯᠲᠠ ᠶᠢ ᠤᠬᠠᠭᠤᠯᠤᠨ ᠳᠠᠶᠢᠴᠢᠯᠠᠬᠤ᠂ ᠲᠥᠬᠦᠭᠡᠷᠦᠮᠵᠢ ᠲᠣᠬᠢᠷᠠᠭᠤᠯᠬᠤ᠂ ᠬᠤᠶᠠᠷ ᠠᠵᠢᠯᠲᠠᠨ ᠢ

ᠰᠣᠩᠭᠤᠨ ᠤᠷᠢᠬᠤ ᠵᠢᠴᠢ ᠨᠥᠬᠦᠪᠦᠷᠢ ᠥᠭᠬᠦ᠂ ᠪᠣᠯᠪᠠᠰᠤᠷᠠᠭᠤᠯᠤᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠬᠦ ᠵᠡᠷᠭᠡ

ᠲᠠᠯ᠎ᠠ ᠪᠠᠷ ᠭᠤᠣᠯᠳᠠᠯᠭ᠎ᠠ ᠲᠠᠢ ᠲᠣᠬᠢᠷᠠᠭᠤᠯᠤᠨ ᠪᠠᠶᠢᠷᠢᠯᠠᠭᠤᠯᠵᠤ᠂ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ

ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠵᠤ᠂ ᠡᠯ᠎ᠡ

ᠰᠠᠯᠠᠭ᠎ᠠ ᠮᠥᠴᠢᠷ ᠤᠳ ᠢᠳᠡᠪᠬᠢᠲᠡᠢ ᠬᠠᠮᠵᠢᠯᠴᠠᠨ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠂ ᠰᠠᠶᠢᠨ ᠰᠠᠶᠢᠬᠠᠨ

ᠠᠵᠢᠯ ᠤᠨ ᠠᠭᠤᠷ ᠠᠮᠢᠰᠬᠤᠯ ᠢ ᠪᠣᠶ ᠪᠣᠯᠭᠠᠵᠤ᠂ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ

ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠨ᠎ᠠ

51.jpg

    ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡᠴᠡ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠪᠣᠯ ᠣᠳᠣᠬᠠᠨ ᠤ

ᠲᠡᠷᠢᠭᠦᠨ ᠴᠢᠬᠤᠯᠠ ᠠᠵᠢᠯ ᠮᠥᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠬᠢᠨ ︽ᠬᠡᠪᠢᠰ ᠮᠠᠶ᠋ᠢᠭ︾ ᠤᠨ

ᠢᠯᠭᠠᠷᠠᠭᠤᠯᠤᠨ ᠪᠠᠶᠢᠴᠠᠭᠠᠬᠤ ᠪᠠᠷ ᠳᠠᠮᠵᠢᠭᠤᠯᠤᠨ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠳ᠋ᠤᠭᠠᠷᠯᠠᠬᠤ ᠪᠠ ᠢᠯᠭᠠᠬᠤ

ᠲᠡᠮᠳᠡᠭ ᠵᠡᠷᠭᠡ ᠡᠯ᠎ᠡ ᠵᠠᠩᠭᠢᠯᠠᠭ᠎ᠠ ᠶᠢᠨ ᠡᠭᠦᠷᠭᠡ ᠶᠢ ᠰᠠᠶᠢᠲᠤᠷ ᠬᠢᠵᠦ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠴᠢᠨᠠᠷ

ᠰᠠᠶᠢᠲᠠᠢ ᠢᠯᠭᠠᠷᠠᠭᠤᠯᠤᠨ ᠪᠠᠶᠢᠴᠠᠭᠠᠬᠤ ᠶᠢ ᠦᠨᠡᠨ ᠬᠦ ᠪᠠᠲᠤᠯᠠᠵᠤ᠂ ᠲᠠᠷᠠᠭᠠᠴᠢ ᠶᠢᠨ ᠨᠡᠶᠢᠳᠡᠮ ᠪᠠᠶᠢᠴᠠᠭᠠᠯᠲᠠ ᠶᠢᠨ

ᠠᠵᠢᠯ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃

    ᠬᠤᠷᠠᠯ ᠳᠡᠭᠡᠷ᠎ᠡ᠂ ᠯᠢ ᠢᠦᠢ ᠱᠧᠩ ᠴᠢᠬᠤᠯᠠᠴᠢᠯᠠᠭᠰᠠᠨ ᠨᠢ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ

ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠴᠢ ᠬᠤᠯᠪᠣᠭᠳᠠᠯ ᠴᠢᠬᠤᠯᠠ ᠶᠡᠭᠡ ᠶᠤᠮ᠂ ᠨᠡᠶᠢᠳᠡᠮ ᠪᠠᠶᠢᠴᠠᠭᠠᠯᠲᠠ ᠶᠢᠨ ᠦᠷ᠎ᠡ

ᠪᠦᠲᠦᠭᠡᠯ ᠨᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠤᠯᠤᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂

ᠬᠤᠷᠸ᠎ᠠ ᠠᠵᠤ ᠠᠬᠤᠢ ᠶᠢᠨ ᠵᠠᠰᠠᠯᠲᠠ ᠶᠢ ᠰᠠᠶᠢᠵᠢᠷᠠᠭᠤᠯᠬᠤ᠂ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ

ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠵᠢᠴᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ

ᠴᠢᠨᠠᠷ ᠰᠠᠶᠢᠲᠠᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ

ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ ᠪᠥᠬᠦ ᠰᠢᠶᠠᠨ ᠤ ᠬᠤᠶᠠᠳᠤᠭᠠᠷ᠂ ᠭᠤᠷᠪᠠᠳᠤᠭᠠᠷ ᠠᠵᠤ

ᠦᠢᠯᠡᠰ ᠤᠨ ᠬᠡᠪᠴᠢᠶᠡᠨ ᠳᠠᠬᠢ ᠡᠯ᠎ᠡ ᠲᠥᠷᠥᠯ ᠤᠨ ᠬᠠᠤᠯᠢ ᠶᠢᠨ ᠡᠷᠬᠡᠲᠡᠨ᠂ ᠠᠵᠤ ᠦᠢᠯᠡᠰ ᠤᠨ ᠠᠵᠢᠯᠯᠠᠭᠠᠨ ᠤ ᠨᠢᠭᠡᠴᠡ

ᠵᠢᠴᠢ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ᠂ ᠰᠡᠳᠬᠢᠯ ᠢᠶᠠᠨ

ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠬᠦᠴᠦᠯᠡᠨ ᠴᠢᠷᠮᠠᠶᠢᠵᠤ᠂ ᠦᠨᠡᠨ ᠪᠣᠳᠠᠲᠠᠢ ᠨᠡᠶᠢᠳᠡᠮ ᠪᠠᠶᠢᠴᠠᠭᠠᠯᠲᠠ ᠶᠢᠨ

ᠦᠷ᠎ᠡ ᠪᠦᠲᠦᠮᠵᠢ ᠪᠠ ᠴᠢᠨᠠᠷ ᠰᠠᠶᠢᠲᠠᠢ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠷ ᠳᠤᠮᠳᠠᠳᠤ ᠤᠯᠤᠰ ᠤᠨ

ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢᠨ ᠰᠢᠨ᠎ᠡ ᠬᠠᠭᠤᠳᠠᠰᠤᠨ ᠳᠤ ᠨᠠᠩ ᠶᠡᠭᠡ ᠬᠤᠪᠢ ᠨᠡᠮᠡᠷᠢ ᠦᠵᠡᠭᠦᠯᠬᠦ

ᠬᠡᠷᠡᠭᠲᠡᠢ᠃

ᠵᠣᠬᠢᠶᠠᠭᠴᠢ᠄ ᠯᠢᠦᠢ ᠨᠢ ᠨᠠ

ᠣᠷᠴᠢᠭᠤᠯᠤᠭᠴᠢ᠄ ᠣᠳᠣᠨᠭᠡᠷᠡᠯ

ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ

 

 
ᠢᠷᠡᠯᠲᠡ᠄ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2